ᠦᠬᠡᠷᠡᠴᠢᠯᠡᠯᠳᠡ ᠬᠢᠵᠤ ᠴᠢᠯᠦᠭᠡᠳᠡᠢ ᠶᠠᠪᠤᠯᠴᠠᠬᠰᠠᠨ 40 ᠵᠢᠯ ᠤᠨ ᠤᠢ ᠶᠢ ᠪᠠᠯᠭᠡᠯᠡᠵᠤ᠂ ᠮᠤᠩᠭᠤᠯ | ᠦᠨᠳᠤᠰᠤᠳᠡᠨ ᠤ ᠤᠯᠠᠮᠵᠢᠯᠠᠯᠳᠤ ᠰᠢᠯᠢᠳᠡᠭ ᠰᠤᠶᠤᠯ ᠢ ᠪᠠᠳᠠᠷᠠᠭᠤᠯᠤᠨ ᠦᠨᠳᠤᠰᠤᠳᠡᠨ ᠤ ᠰᠤᠶᠤᠯ ᠢ ᠤᠯᠠᠮ ᠢᠶᠠᠷ | ᠭᠦᠭᠵᠢᠭᠦᠯᠵᠤ᠂ ᠮᠤᠩᠭᠤᠯ ᠦᠨᠳᠤᠰᠤᠳᠡᠨ ᠤ ᠠᠷᠠᠳ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ | ᠵᠠᠯᠭᠠᠮᠵᠢᠯᠠᠵᠤ᠂ ᠤᠯᠠᠨ ᠲᠦᠮᠡᠨ ᠤ ᠤᠶᠤᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂ ᠪᠦᠭᠦ ᠠᠷᠠᠳ ᠢᠶᠠᠷ | ᠢᠶᠠᠨ ᠪᠠᠶ᠎ᠠ ᠪᠠᠨ ᠪᠤᠯᠪᠠᠰᠤᠷᠠᠭᠤᠯᠬᠤ ᠠᠵᠢᠯᠯᠠᠭᠠᠨ ᠤ ᠭᠦᠭᠵᠢᠯᠳᠡ ᠶᠢ ᠠᠬᠢᠭᠤᠯᠤᠨ ᠪᠠᠭᠠᠴᠤᠳ ᠭᠡᠤᠭᠡᠳ ᠲᠤ | ᠦᠨᠳᠤᠰᠤᠳᠡᠨ ᠤ ᠰᠤᠶᠤᠯ ᠢᠶᠠᠨ ᠨᠠᠩ ᠴᠢᠨᠠᠬᠰᠢᠳᠠ ᠤᠶᠢᠯᠠᠭᠠᠭᠤᠯᠬᠤ ᠶᠢᠨ ᠲᠤᠰᠠᠳᠠ 6 ᠰᠠᠷ᠎ᠠ ᠶᠢᠨ 26 ᠤ ᠡᠳᠦᠷ | ᠂ ᠮᠠᠨ ᠤ ᠬᠤᠰᠢᠭᠤ ᠭᠤᠵᠤᠩ ᠬᠤᠷᠠᠬᠤ ᠤᠪᠤᠭᠠᠨ ᠤ ᠲᠠᠬᠢᠯᠭ᠎ᠠ ᠪᠠ ᠬᠤᠶᠠᠳᠤᠭᠠᠷ ᠬᠤᠭᠤᠴᠠᠭᠠᠨ ᠤ ᠪᠠᠭᠠᠴᠤᠳ ᠤᠨ | ᠨᠠᠭᠠᠳᠤᠮ ᠢ ᠡᠷᠬᠢᠯᠡᠨ ᠶᠠᠪᠤᠬᠳᠠᠭᠤᠯᠪᠠ᠃ ᠬᠤᠰᠢᠭᠤ ᠤᠳᠤᠷᠢᠳᠤᠯᠭ᠎ᠠ ᠵᠢᠷᠭᠠᠯᠳᠤ᠂ ᠴᠢᠶᠤᠤ ᠶᠦᠨ ᠯᠢ᠂ ᠬᠤᠤ ᠸᠧᠢ | ᠂ ᠰᠤᠷᠭᠠᠯᠳᠤ᠂ ᠸᠠᠩ ᠯᠢ ᠫᠢᠩ᠂ ᠯᠠᠨ ᠲᠢᠶᠠᠨ᠂ ᠵᠤᠤ ᠶᠦᠩ ᠹᠧᠩ᠂ ᠠᠯᠳᠠᠨᠳᠤᠶᠠᠭ᠎ᠠ᠂ ᠯᠸᠢ ᠬᠠᠰ ᠵᠢᠴᠢ | ᠬᠤᠰᠢᠭᠤ ᠰᠤᠶᠤᠯ ᠤᠨ ᠲᠤᠪᠴᠢᠶ᠎ᠠ᠂ ᠦᠨᠳᠤᠰᠤᠳᠡᠨ ᠱᠠᠰᠢᠨ ᠰᠤᠷᠳᠠᠬᠤᠨ ᠤ ᠭᠡᠷᠡᠭ ᠡᠷᠭᠢᠯᠡᠭᠦ ᠲᠤᠪᠴᠢᠶ᠎ᠠ᠂ | ᠰᠤᠷᠭᠠᠨ ᠭᠦᠮᠦᠵᠢᠯ ᠤᠨ ᠲᠤᠪᠴᠢᠶ᠎ᠠ᠂ ᠵᠢᠭᠤᠯᠴᠢᠯᠠᠯ ᠤᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ ᠵᠡᠷᠭᠡ | ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠ ᠦᠷᠭᠡᠨ ᠤᠯᠠᠨ ᠮᠦᠷᠭᠦᠯᠴᠢᠳ ᠬᠠᠮᠳᠤ ᠪᠠᠷ ᠲᠠᠬᠢᠯᠭ᠎ᠠ ᠳᠤ | ᠤᠷᠤᠯᠴᠠᠪᠠ᠃ | ᠬᠦᠮᠦᠨ ᠵᠤᠨ ᠤ ᠭᠡᠶᠢᠮᠥᠷᠢ ᠭᠡᠰᠢᠭ ᠬᠤᠷᠤᠶᠢᠯᠠᠵᠤ᠂ ᠪᠠᠶᠢᠭᠠᠯᠢ ᠪᠠᠨ ᠬᠠᠶᠢᠷᠠᠯᠠᠨ ᠬᠠᠮᠠᠭᠠᠯᠠᠬᠤ ᠶᠢ | ᠰᠠᠨᠠᠭᠠᠴᠢᠯᠠᠬᠰᠠᠨ ᠤᠪᠤᠭᠠᠨ ᠲᠠᠬᠢᠯᠭ᠎ᠠ ᠳᠤ ᠴᠤᠭᠯᠠᠷᠠᠭᠰᠠᠨ ᠤᠯᠠᠨ ᠢᠶᠠᠷ ᠢᠶᠠᠨ ᠮᠤᠩᠭᠤᠯ ᠢᠶᠠᠷ ᠢᠶᠠᠨ ᠭᠤᠶᠤᠯᠠᠵᠤ | ᠪᠦᠭᠦᠯᠢ ᠰᠢᠭᠦᠰᠦ᠂ ᠢᠳᠡᠭᠡᠨ ᠤ ᠲᠡᠭᠡᠵᠢ ᠪᠠᠨ ᠲᠠᠪᠠᠭᠯᠠᠨ ᠰᠦ ᠰᠠᠴᠦᠯᠢ ᠪᠠᠨ ᠡᠷᠭᠦᠵᠤ᠂ ᠤᠪᠤᠭᠠᠨ ᠳᠠᠭᠠᠨ | ᠰᠦᠰᠦᠭᠯᠡᠨ ᠨᠤᠳᠤᠭ ᠤᠰᠤᠨ ᠤ ᠪᠠᠨ ᠬᠤᠷ᠎ᠠ ᠪᠤᠷᠤᠭᠠᠨ ᠲᠡᠭᠰᠢ᠂ ᠲᠠᠷᠢᠶ᠎ᠠ ᠲᠦᠮᠦᠰᠦ ᠡᠯᠪᠡᠭ᠂ ᠭᠦᠮᠦᠨ ᠠᠷᠠᠳ ᠨᠢ | ᠠᠮᠤᠭᠤᠯᠠᠩ ᠵᠢᠷᠭᠠᠯᠳᠠᠢ᠂ ᠠᠵᠤ ᠠᠮᠢᠳᠤᠷᠠᠯ ᠨᠢ ᠪᠠᠶᠠᠨ ᠲᠠᠩᠰᠤᠭ ᠪᠠᠶᠢᠬᠤ ᠶᠢ ᠵᠠᠯᠪᠠᠷᠢᠨ ᠲᠠᠭᠠᠳᠬᠠᠵᠠᠭᠠᠨᠠ᠃ | ᠦᠨᠳᠤᠰᠤᠳᠡᠨ ᠤ ᠤᠯᠠᠮᠵᠢᠯᠠᠯᠳᠤ ᠰᠤᠶᠤᠯ ᠢ ᠪᠠᠳᠠᠷᠠᠭᠤᠯᠤᠨ ᠤᠷᠤᠨ ᠨᠤᠳᠤᠭ ᠤᠨ ᠤᠨᠴᠠᠯᠢᠭ ᠢᠶᠠᠨ | ᠲᠤᠪᠤᠶᠢᠯᠭᠠᠨ᠂ ᠰᠤᠶᠤᠯ ᠵᠤᠭᠠᠴᠠᠯ ᠢ ᠤᠶᠠᠯᠳᠤᠭᠤᠯᠤᠬᠰᠠᠨ ᠭᠤᠵᠤᠩ ᠬᠤᠷᠠᠬᠤ ᠤᠪᠤᠭᠠᠨ ᠤ ᠲᠠᠬᠢᠯᠭ᠎ᠠ ᠪᠠ | ᠬᠤᠶᠠᠳᠤᠭᠠᠷ ᠬᠤᠭᠤᠴᠠᠭᠠᠨ ᠤ ᠪᠠᠭᠠᠴᠤᠳ ᠤᠨ ᠨᠠᠭᠠᠳᠤᠮ ᠳᠤ ᠮᠠᠨ ᠤ ᠬᠤᠰᠢᠭᠤᠨ ᠤ ᠮᠤᠷᠢᠨ ᠬᠤᠭᠤᠷ ᠤᠨ | ᠰᠢᠮᠫᠤᠨᠢ ᠭᠦᠭᠵᠢᠮ ᠤᠨ ᠪᠦᠯᠬᠦᠮ ᠪᠠ ᠰᠤᠶᠤᠯ ᠤᠨ ᠲᠤᠭᠤᠶᠢᠯᠠᠩ ᠠᠴᠠ ᠭᠤᠶᠢᠳᠡ ᠰᠠᠶᠢᠬᠠᠨ ᠲᠤᠬᠯᠠᠯᠳᠠ ᠪᠠᠨ | ᠬᠤᠷᠠᠬᠰᠠᠨ ᠤᠯᠠᠨ ᠳᠤ ᠰᠤᠨᠢᠷᠬᠠᠭᠤᠯᠵᠤ᠂ ᠦᠨᠳᠤᠰᠤᠳᠡᠨ ᠤ ᠤᠯᠠᠮᠵᠢᠯᠠᠯᠳᠤ ᠰᠤᠶᠤᠯ ᠤᠷᠠᠯᠢᠭ ᠤᠨ ᠬᠠᠪᠤ ᠴᠡᠩᠭᠡᠯ ᠢ | ᠡᠳ᠋ᠯᠡᠬᠦᠯᠵᠤ᠂ ᠨᠠᠭᠠᠳᠤᠮ ᠲᠡᠭᠡᠷ᠎ᠡ ᠪᠠᠰᠠ ᠪᠠᠭᠠᠴᠤᠳ ᠤᠨ ᠪᠦᠭᠡ᠂ ᠰᠤᠮᠤ ᠬᠠᠷᠪᠤᠬᠤ᠂ ᠲᠤᠮᠤᠴᠤᠳ ᠤᠨ ᠡᠷ᠎ᠠ ᠶᠢᠢᠨ | ᠭᠤᠷᠪᠠᠨ ᠨᠠᠭᠠᠳᠤᠮ ᠵᠡᠷᠭᠡ ᠤᠯᠠᠨ ᠲᠦᠷᠦᠯ ᠤᠨ ᠤᠷᠤᠯᠳᠤᠭᠠᠨ ᠶᠠᠪᠤᠬᠳᠠᠭᠤᠯᠵᠤ᠂ ᠭᠠᠯᠠᠭᠤᠳᠤ ᠪᠠᠯᠭᠠᠰᠤ ᠭᠡᠰᠡᠭ | ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ ᠢ ᠵᠤᠬᠢᠶᠠᠨ ᠪᠠᠶᠢᠢᠭᠤᠯᠤᠨ ᠰᠦᠨ ᠰᠢᠬᠢᠷ᠂ ᠵᠦᠬᠡᠬᠡᠢ ᠵᠡᠷᠭᠡ | ᠴᠠᠭᠠᠨ ᠢᠳᠡᠭᠡᠨ ᠪᠠ ᠠᠷᠠᠰᠤᠨ ᠡᠳ᠋ᠯᠡᠯ᠂ ᠨᠤᠭᠳᠤ ᠬᠠᠵᠠᠭᠠᠷ ᠴᠢᠳᠤᠷ᠂ ᠬᠠᠳᠬᠤᠮᠠᠯ ᠵᠡᠷᠭᠡ ᠭᠠᠷ ᠤᠷᠠᠯᠠᠯ ᠤᠨ | ᠪᠦᠳᠦᠭᠡᠭᠳᠡᠭᠦᠨ ᠤ ᠲᠡᠯᠭᠡᠨ ᠪᠤᠷᠤᠯᠠᠭᠤᠯᠭ᠎ᠠ ᠬᠢᠬᠦ ᠶᠢᠨ ᠬᠠᠮᠳᠤ ᠡᠷᠡᠭᠦᠯ ᠬᠠᠮᠠᠭᠠᠯᠠᠯ ᠪᠠ ᠲᠦᠯᠦᠪᠯᠡᠭᠡᠳᠦ ᠭᠦᠩᠭᠡᠵᠢᠯ᠂ | ᠨᠠᠶᠢᠭᠡᠮ ᠤᠨ ᠲᠠᠭᠠᠳᠬᠠᠯ ᠡᠮ ᠡᠮᠨᠡᠯᠭᠡ ᠶᠢᠢᠨ ᠲᠠᠭᠠᠳᠬᠠᠯ᠂ ᠮᠠᠯ ᠲᠠᠷᠢᠶᠠᠯᠠᠩ᠂ ᠠᠮᠤᠷ ᠲᠦᠪᠰᠢᠨ ᠤ ᠪᠠᠶᠢᠴᠠᠭᠠᠯᠳᠠ᠂ | ᠬᠠᠤᠯᠢ ᠴᠠᠭᠠᠵᠠ᠂ ᠶᠡᠷᠦᠩᠬᠡᠶᠢᠯᠡᠠ ᠵᠠᠰᠠᠬᠤ᠂ ᠤᠰᠤᠨ ᠠᠰᠢᠬᠯᠠᠯᠳᠠ ᠵᠡᠷᠭᠡ ᠰᠠᠯᠠᠭ᠎ᠠ ᠮᠦᠴᠢᠷ ᠨᠢ ᠬᠤᠰᠢᠭᠤ | ᠰᠢᠭᠤᠳ ᠬᠠᠷᠢᠶ᠎ᠠ ᠰᠠᠯᠠᠭ᠎ᠠ ᠮᠦᠴᠢᠷ ᠲᠠᠢ ᠬᠤᠯᠪᠤᠭᠠᠯᠠᠨ ︽ᠭᠤᠷᠪᠠ ᠶᠢᠢ ᠭᠦᠳᠡᠭᠡ ᠭᠦᠷᠭᠡᠬᠦ︾ ᠤᠶᠢᠯᠡᠴᠢᠯᠡᠭᠡᠨ ᠤ | ᠠᠵᠢᠯᠯᠠᠭ᠎ᠠ ᠦᠷᠨᠢᠬᠦᠯᠵᠦ᠂ ᠲᠤᠬᠠᠢ ᠶᠢᠢᠨ ᠲᠠᠯᠠᠪᠠᠢ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ᠂ ᠬᠤᠳᠠ ᠶᠢᠢᠨ ᠪᠦᠳᠦᠭᠡᠨ ᠪᠠᠶᠢᠢᠭᠤᠯᠤᠯᠳᠡ᠂ ᠬᠤᠤᠷ ᠴᠠᠭᠠᠵᠠᠯᠠᠬᠤ᠂ ᠭᠠᠵᠢᠭᠤ ᠨᠤᠮᠯᠠᠯ ᠢ ᠡᠰᠡᠷᠭᠦᠴᠡᠭᠦ᠂ | ᠤᠷᠴᠢᠨ ᠲᠤᠭᠤᠷᠢᠨ ᠢ ᠬᠠᠮᠠᠭᠠᠯᠠᠬᠤ᠂ ᠨᠠᠰᠤᠵᠢᠯ ᠤᠨ ᠲᠠᠭᠠᠳᠬᠠᠯ᠂ ᠬᠤᠷᠰᠢᠬᠰᠠᠨ ᠡᠮ ᠡᠮᠨᠡᠯᠭᠡ ᠵᠡᠷᠭᠡ ᠶᠢᠨ | ᠤᠬᠠᠭᠤᠯᠭ᠎ᠠ ᠶᠢᠨ ᠮᠠᠲ᠋ᠧᠷᠢᠶᠠᠯ ᠪᠠ ᠶᠡᠷᠦ ᠶᠢᠨ ᠮᠡᠳᠡᠯᠭᠡ ᠶᠢᠨ ᠭᠠᠷ ᠲᠡᠪᠳᠡᠷ᠂ ᠴᠤᠮᠤ᠂ ᠠᠯᠴᠢᠭᠤᠷ ᠵᠡᠷᠭᠡ | ᠠᠮᠢᠳᠤᠷᠠᠯ ᠤᠨ ᠪᠤᠳᠠᠰ ᠢ ᠲᠠᠷᠬᠠᠭᠠᠬᠰᠠᠨ ᠪᠠᠶᠢᠨ᠎ᠠ᠃ | ᠤᠪᠤᠭᠠᠨ ᠲᠠᠬᠢᠯᠭ᠎ᠠ ᠨᠢ ᠲᠠᠯ᠎ᠠ ᠨᠤᠳᠤᠭ ᠤᠨ ᠮᠠᠯᠵᠢᠯ ᠰᠤᠶᠤᠯ ᠤᠨ ᠪᠡᠯᠭᠡᠳᠡᠯ ᠪᠡ ᠠᠴᠢᠶᠠᠯᠠᠬᠴᠢ ᠪᠤᠯᠬᠤ ᠪᠠᠷ | ᠪᠠᠷᠠᠬᠤ ᠦᠬᠡᠢ ᠲᠠᠯ᠎ᠠ ᠨᠤᠳᠤᠭ ᠤᠨ ᠠᠷᠠᠳ ᠲᠦᠮᠡᠨ ᠤ ᠰᠡᠳᠭᠢᠯ ᠤᠨ ᠲᠦᠰᠢᠭ ᠪᠠ ᠤᠶᠤᠨ ᠰᠠᠨᠠᠭᠠᠨ ᠤ ᠲᠦᠰᠢᠭ | ᠪᠤᠯᠤᠨ᠎ᠠ᠃ ᠤᠶᠢᠷ᠎ᠠ ᠶᠢᠨ ᠵᠢᠯ ᠠᠴᠠ ᠭᠠᠯᠠᠭᠤᠳᠤ ᠪᠠᠯᠭᠠᠰᠤ ᠨᠢ ᠦᠨᠳᠤᠰᠤᠳᠡᠨ ᠤ ᠰᠤᠶᠤᠯ ᠵᠢᠭᠤᠯᠴᠢᠯᠠᠯ ᠤᠨ | ᠤᠶᠢᠯᠡᠰ ᠤᠨ ᠭᠦᠭᠵᠢᠯᠳᠡ ᠶᠢ ᠲᠡᠭᠡᠳᠦ ᠭᠡᠮᠵᠢᠶ᠎ᠠ ᠪᠠᠷ ᠴᠢᠬᠤᠯᠠᠴᠢᠯᠠᠵᠤ᠂ ᠡᠯᠪᠡᠭ ᠪᠠᠶᠠᠯᠢᠭ ᠠᠭᠤᠯᠭ᠎ᠠ ᠲᠠᠢ | ᠦᠨᠳᠤᠰᠤᠳᠡᠨ ᠤ ᠰᠤᠶᠤᠯ ᠤᠨ ᠠᠵᠢᠯᠯᠠᠭ᠎ᠠ ᠶᠢ ᠲᠠᠰᠤᠷᠠᠯᠳᠠ ᠦᠬᠡᠢ ᠰᠦᠪᠡᠭᠴᠢᠯᠡᠨ ᠨᠠᠷᠢᠯᠢᠭ ᠲᠦᠯᠦᠪᠯᠠᠨ ᠤᠯᠠᠨ | ᠬᠡᠯᠪᠡᠷᠢ ᠮᠠᠶ᠋ᠢᠭ ᠤᠨ ᠠᠵᠢᠯᠯᠠᠭ᠎ᠠ ᠥᠷᠨᠢᠬᠦᠯᠵᠦ ᠪᠠᠶᠢᠨ᠎ᠠ᠃ ᠲᠤᠰ ᠤᠳᠠᠭᠠᠨ ᠤ ᠭᠤᠵᠤᠩ ᠬᠤᠷᠠᠬᠤ ᠤᠪᠤᠭᠠᠨ ᠤ | ᠲᠠᠬᠢᠯᠭ᠎ᠠ ᠪᠠ ᠬᠤᠶᠠᠳᠤᠭᠠᠷ ᠬᠤᠭᠤᠴᠠᠭᠠᠨ ᠤ ᠪᠠᠭᠠᠴᠤᠳ ᠤᠨ ᠨᠠᠭᠠᠳᠤᠮ ᠢ ᠡᠷᠬᠢᠯᠡᠨ ᠶᠠᠪᠤᠬᠳᠠᠭᠤᠯᠤᠬᠰᠠᠨ ᠨᠢ | ᠪᠠᠭᠠᠴᠤᠳ ᠭᠡᠤᠭᠡᠳ ᠲᠤ ᠦᠨᠳᠤᠰᠤᠳᠡᠨ ᠤ ᠤᠯᠠᠮᠵᠢᠯᠠᠯᠳᠤ ᠰᠤᠶᠤᠯ ᠢ ᠤᠯᠠᠮ ᠨᠢᠭᠡ ᠠᠯᠬᠤᠮ ᠲᠠᠨᠢᠨ | ᠤᠶᠢᠯᠠᠭᠠᠭᠤᠯᠵᠤ᠂ ᠤᠯᠠᠮᠵᠢᠯᠠᠨ ᠬᠠᠮᠠᠭᠠᠯᠠᠵᠤ ᠭᠦᠭᠵᠢᠭᠦᠯᠭᠦ ᠤᠬᠠᠮᠰᠠᠷ ᠢ ᠨᠢ ᠲᠠᠭᠡᠭᠰᠢᠯᠡᠭᠦᠯᠤᠨ᠂ ᠦᠨᠳᠤᠰᠤᠳᠡᠨ ᠤ | ᠤᠯᠠᠮᠵᠢᠯᠠᠯᠳᠤ ᠰᠤᠶᠤᠯ ᠢ ᠶᠡᠭᠡ ᠪᠠᠷ ᠪᠠᠳᠠᠷᠠᠭᠤᠯᠤᠨ᠂ ᠦᠨᠳᠤᠰᠤᠳᠡᠨ ᠤ ᠰᠤᠶᠤᠯ ᠵᠢᠭᠤᠯᠴᠢᠯᠠᠯ ᠤᠨ ᠨᠠᠷᠠᠳᠤ | ᠲᠡᠮᠳᠡᠭ ᠢ ᠪᠤᠢ ᠪᠤᠯᠭᠠᠨ ᠭᠠᠯᠠᠭᠤᠳᠤ ᠪᠠᠯᠭᠠᠰᠤᠨ ᠤ ᠨᠠᠷᠠ ᠠᠯᠳᠠᠷᠰᠢᠯ ᠢ ᠤᠯᠠᠮ ᠲᠠᠯᠭᠡᠷᠡᠭᠦᠯᠵᠦ᠂ ᠭᠠᠯᠠᠭᠤᠳᠤ | ᠪᠠᠯᠭᠠᠰᠤᠨ ᠤ ᠠᠵᠤ ᠠᠬᠤᠢ ᠨᠠᠶᠢᠬᠡᠮ ᠤᠨ ᠭᠦᠭᠵᠢᠯᠳᠡ ᠳᠤ ᠴᠢᠬᠤᠯᠠ ᠤᠶᠢᠯᠠᠳᠤᠯ ᠦᠵᠡᠭᠦᠯᠦᠭᠰᠡᠨ ᠪᠠᠶᠢᠨ᠎ᠠ᠃ |