ᠮᠠᠨ ᠤ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠰᠤᠯᠤᠩᠭᠠᠨ ᠳ᠋ᠧᠩ ᠢ ᠵᠠᠰᠠᠨ ᠴᠡᠭᠴᠡᠯᠡᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-07-03
    ᠪᠠᠯᠭᠠᠰᠤᠨ ᠲᠤᠭᠤᠷᠢᠭ ᠤᠨ ᠤᠷᠴᠢᠨ ᠲᠤᠭᠤᠷᠢᠨ ᠢ ᠤᠯᠠᠮ ᠨᠢᠬᠡ ᠠᠯᠬᠤᠮ ᠰᠠᠶᠢᠵᠢᠷᠠᠭᠤᠯᠵᠤ᠂ ᠬᠤᠳᠠ ᠶᠢᠨ ᠲᠦᠷᠢ ᠲᠦᠷᠬᠦ ᠶᠢ ᠨᠠᠩ ᠭᠤᠶᠤᠵᠢᠭᠤᠯᠬᠤ ᠶᠢᠨ ᠲᠦᠯᠦᠬᠡ ᠮᠠᠨ ᠤ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠭᠠᠯᠠᠭᠤᠳᠤ ᠪᠠᠯᠭᠠᠰᠤᠨ ᠤ ᠬᠡᠪᠴᠢᠶᠠᠨ ᠳᠠᠬᠢ ᠰᠤᠯᠤᠩᠭᠠᠨ ᠳ᠋ᠧᠩ ᠤᠨ ᠦᠰᠦᠭ ᠤᠨ ᠲᠤᠭ᠎ᠠ ᠪᠦᠷᠢᠨ ᠡᠰᠡᠭᠦ᠂ ᠬᠠᠭᠤᠴᠢᠷᠠᠵᠤ ᠳ᠋ᠧᠩ ᠨᠢ ᠰᠤᠬᠤᠷᠠᠭᠰᠠᠨ ᠵᠡᠷᠬᠡ ᠪᠠᠶᠢᠳᠠᠯ ᠳᠤ ᠲᠤᠰᠬᠠᠢ ᠲᠦᠷᠦᠯ ᠤᠨ ᠵᠠᠰᠠᠨ ᠴᠡᠭᠴᠡᠯᠡᠬᠦ ᠠᠵᠢᠯᠯᠠᠭ᠎ᠠ ᠦᠷᠨᠢᠬᠦᠯᠪᠠ᠃      ᠠᠵᠢᠯ ᠤᠨ ᠦᠷ᠎ᠡ ᠪᠦᠳᠤᠮᠵᠢ ᠶᠢ ᠠᠬᠢᠭᠤᠯᠬᠤ ᠶᠢᠨ ᠲᠦᠯᠦᠬᠡ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠴᠠᠭ ᠵᠦᠷᠢᠬᠦᠯᠤᠨ ᠠᠵᠢᠯᠯᠠᠬᠤ ᠠᠷᠭ᠎ᠠ ᠬᠡᠮᠵᠢᠶ᠎ᠠ ᠠᠪᠴᠤ᠂ ᠬᠠᠤᠯᠢ ᠭᠡᠷᠡᠭᠵᠢᠬᠦᠯᠬᠦ ᠠᠵᠢᠯᠳᠠᠳ ᠪᠠᠶᠢᠴᠠᠭᠠᠬᠤ᠂ ᠵᠠᠰᠠᠨ ᠴᠡᠭᠴᠡᠯᠡᠬᠦ᠂ ᠨᠤᠷᠠᠭᠠᠬᠤ ᠵᠡᠷᠬᠡ ᠠᠷᠭ᠎ᠠ ᠪᠠᠷᠢᠯ ᠢ ᠤᠶᠠᠯᠳᠤᠭᠤᠯᠵᠤ᠂ ᠪᠠᠯᠭᠠᠰᠤᠨ ᠲᠤᠭᠤᠷᠢᠭ ᠤᠨ ᠰᠤᠯᠤᠩᠭᠠᠨ ᠳ᠋ᠧᠩ ᠤᠨ ᠦᠰᠦᠭ ᠤᠨ ᠲᠤᠭ᠎ᠠ ᠪᠦᠷᠢᠨ ᠪᠤᠰᠤ᠂ ᠬᠠᠭᠤᠴᠢᠷᠠᠵᠤ ᠳ᠋ᠧᠩ ᠨᠢ ᠰᠤᠬᠤᠷᠠᠭᠰᠠᠨ ᠵᠡᠷᠬᠡ ᠦᠵᠡᠭᠳᠠᠯ ᠳᠤ ᠪᠦᠷᠢᠳᠬᠡᠯ ᠬᠢᠵᠤ᠂ ᠠᠰᠠᠭᠤᠳᠠᠯ ᠤᠷᠤᠰᠢᠵᠤ ᠪᠠᠶᠢᠭ᠎ᠠ ᠰᠤᠯᠤᠩᠭᠠᠨ ᠳ᠋ᠧᠩ᠂ ᠫᠠᠶᠢᠰᠠ ᠶᠢ ᠡᠵᠠᠩᠨᠡᠭᠴᠢ ᠳᠤ ᠲᠤᠬᠠᠢ ᠶᠢᠨ ᠲᠡᠯᠡᠪᠤᠷ ᠲᠤ ᠨᠢ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠮᠡᠳᠡᠭᠳᠠᠯ ᠪᠠᠭᠤᠯᠭᠠᠭᠰᠠᠨ ᠪᠠᠶᠢᠨ᠎ᠠ᠃ ᠤᠳᠤᠬᠠᠨ ᠪᠤᠯᠳᠠᠯ᠎ᠠ ᠠᠰᠠᠭᠤᠳᠠᠯ ᠤᠷᠤᠰᠢᠵᠤ ᠪᠠᠶᠢᠭ᠎ᠠ ᠰᠤᠯᠤᠩᠭᠠᠨ ᠳ᠋ᠧᠩ᠂ ᠫᠠᠶᠢᠰᠠ ᠢᠯᠠᠷᠭᠡᠶᠢᠯᠡᠯ ᠨᠡᠶᠢᠳᠡ 9 ᠬᠡᠰᠡᠭ᠂  9 ᠭᠠᠵᠠᠷ ᠲᠤ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠮᠡᠳᠡᠭᠳᠡᠯ ᠪᠠᠭᠤᠯᠭᠠᠭᠰᠠᠨ ᠪᠠᠶᠢᠨ᠎ᠠ᠃     ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠠᠰᠠᠭᠤᠳᠠᠯ ᠤᠷᠤᠰᠢᠵᠤ ᠪᠠᠶᠢᠭ᠎ᠠ ᠰᠤᠯᠤᠩᠭᠠᠨ ᠳ᠋ᠧᠩ᠂ ᠫᠠᠶᠢᠰᠠ ᠶᠢ ᠵᠠᠰᠠᠨ ᠴᠡᠭᠴᠡᠯᠡᠵᠤ᠂ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠶᠢ ᠦᠷᠬᠦᠯᠵᠢᠯᠡᠨ ᠱᠠᠭᠠᠷᠳᠠᠵᠤ᠂ ᠬᠤᠭᠤᠴᠠᠭ᠎ᠠ ᠠᠴᠠ ᠬᠡᠳᠦᠷᠡᠭᠰᠡᠨ ᠢ ᠨᠢ ᠬᠠᠤᠯᠢ ᠶᠤᠰᠤᠭᠠᠷ ᠰᠢᠳᠬᠡᠨ ᠲᠤᠷᠭᠠᠬᠤ ᠪᠠ ᠨᠤᠷᠠᠭᠠᠵᠤ ᠪᠦᠬᠦ ᠤᠯᠤᠰ ᠤᠨ ᠰᠢᠶᠠᠨ ᠤ ᠲᠠᠰ ᠤᠨ ᠪᠤᠯᠪᠠᠰᠤᠨ ᠬᠤᠳᠠ ᠶᠢ ᠪᠠᠶᠢᠭᠤᠯᠬᠤ ᠳᠤ ᠬᠤᠪᠢ ᠨᠡᠮᠡᠷᠢ ᠪᠠᠨ ᠬᠠᠨᠳᠢᠪᠯᠡᠵᠤ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号