ᠦᠪᠡᠷᠳᠡᠭᠡᠨ ᠵᠠᠰᠬᠠᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ | ᠬᠤᠷᠠᠯ ᠠᠴᠠ᠂ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠵᠤ ᠠᠳᠠᠯᠢᠳᠬᠠᠬᠤ ᠰᠤᠷᠤᠯᠴᠠᠬᠤ | ᠭᠦᠢᠴᠡᠬᠦ ᠬᠠᠪᠰᠤᠷᠬᠤ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠲᠦᠷᠢᠮ ᠢ ᠪᠠᠶᠢᠭᠤᠯᠵᠦ᠂ ᠡᠨᠡ | ᠵᠢᠯ ᠤᠨ 4 ᠰᠠᠷ᠎ᠠ ᠶᠢᠨ ᠰᠡᠭᠦᠯᠴᠢ ᠠᠴᠠ ᠡᠬᠢᠯᠡᠨ ᠬᠤᠶᠠᠷ ᠰᠠᠷ᠎ᠠ ᠪᠦᠷᠢ ᠨᠢᠭᠡ ᠤᠳᠠᠭ᠎ᠠ ᠬᠤᠰᠢᠭᠤ ᠰᠢᠶᠠᠨ | ᠬᠦᠷᠳᠡᠯ᠎ᠡ ᠨᠡᠪᠳᠡᠷᠡᠬᠦ ᠸᠢᠳᠢᠣ᠋ ᠬᠤᠷᠠᠯ ᠢ ᠬᠤᠷᠠᠯᠳᠤᠭᠤᠯᠦᠨ᠂ ᠬᠡᠰᠡᠭ ᠬᠤᠰᠢᠭᠤ ᠰᠢᠶᠠᠨ ᠢ ᠰᠤᠩᠭᠤᠨ ᠲᠤᠰᠢᠶᠠᠯ ᠤᠨ | ᠮᠡᠳᠡᠭᠦᠯᠦᠯᠳᠡ ᠬᠢᠯᠭᠡᠨ ᠰᠠᠨᠠᠯ ᠰᠤᠯᠢᠯᠴᠠᠵᠤ᠂ ᠰᠠᠶᠢᠨ ᠢ ᠨᠢ ᠲᠤᠷᠰᠢᠯᠭ᠎ᠠ ᠪᠠᠨ ᠰᠤᠯᠢᠯᠴᠠᠨ᠂ ᠮᠠᠭᠤ ᠶᠢ ᠨᠢ | ᠪᠠᠶᠢᠴᠠᠭᠠᠨ ᠬᠠᠷᠭᠤᠭᠤᠯᠵᠤ᠂ ᠦᠪᠡᠷᠳᠡᠭᠡᠨ ᠵᠠᠰᠠᠬᠤ ᠤᠷᠤᠨ ᠤ ᠤᠳᠤᠷᠢᠳᠬᠤ ᠨᠦᠬᠦᠳ ᠠᠴᠠ ᠦᠨᠡᠯᠡᠯᠳᠡ ᠬᠢᠭᠦ ᠪᠠ | ᠶᠠᠷᠢᠶ᠎ᠠ ᠲᠠᠯᠪᠢᠬᠤ ᠪᠠᠷ ᠲᠤᠷᠠᠳᠴᠠᠢ᠃ | 6 ᠰᠠᠷ᠎ᠠ ᠶᠢᠨ 24 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ | ᠾᠧᠩ ᠠᠩᠬᠠᠳᠤᠭᠠᠷ ᠤᠳᠠᠭ᠎ᠠ ᠶᠢᠨ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠸᠢᠳᠢᠣ᠋ ᠬᠤᠷᠠᠯ ᠢ | ᠡᠷᠬᠢᠯᠡᠨ ᠬᠤᠷᠠᠯᠳᠤᠭᠤᠯᠪᠠ᠃ ᠬᠤᠷᠠᠯ ᠲᠡᠭᠡᠷ᠎ᠠ᠂ ᠤᠯᠠᠭᠠᠨᠬᠤᠳᠠ᠂ ᠬᠤᠷᠴᠢᠨ ᠵᠡᠭᠦᠨ ᠭᠠᠷᠤᠨ ᠬᠤᠶᠢᠳᠦ ᠬᠤᠰᠢᠭᠤ᠂ | ᠬᠠᠷᠠᠴᠢᠨ ᠬᠤᠰᠢᠭᠤ᠂ ᠱᠠᠩᠳᠤ ᠰᠢᠶᠠᠨ ᠨᠡᠶᠢᠳᠡᠯᠢᠭ ᠵᠢᠱᠢᠶ᠎ᠠ ᠶᠢᠨ ᠲᠠᠨᠢᠯᠴᠠᠭᠤᠯᠭ᠎ᠠ ᠬᠢᠵᠤ᠂ ᠤᠷᠠᠳ ᠤᠨ ᠡᠮᠦᠨᠡᠳᠦ | ᠬᠤᠰᠢᠭᠤ ᠪᠤᠯᠵᠤᠨ ᠶᠠᠷᠢᠯᠴᠠᠬᠰᠠᠨ ᠤ ᠲᠠᠷᠠᠭᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢᠶᠠᠨ | ᠬᠠᠷᠢᠭᠤ ᠮᠡᠳᠡᠭᠦᠯᠵᠤ᠂ ᠬᠦᠷᠢᠶ᠎ᠠ ᠬᠤᠰᠢᠭᠤ᠂ ᠰᠢᠩ ᠾᠧ ᠰᠢᠶᠠᠨ ᠠᠴᠠ ᠵᠤᠬᠢᠶᠠᠨ ᠪᠠᠶᠢᠭᠤᠯᠤᠯᠳᠠ ᠶᠢᠨ | ᠲᠤᠬᠢᠷᠠᠭᠤᠯᠤᠯᠳᠠ ᠶᠢᠨ ᠲᠠᠷᠠᠭᠠᠬᠢ ᠵᠤᠷᠢᠭ ᠢᠶᠠᠨ ᠢᠯᠡᠳᠭᠡᠭᠦ ᠦᠭᠡ ᠬᠡᠯᠡᠵᠡᠢ᠃ | ᠯᠢ ᠵᠢᠢ ᠾᠧᠩ ᠬᠤᠷᠠᠯ ᠢ ᠡᠷᠬᠢᠯᠡᠭᠦ ᠳᠤ ᠪᠠᠨ᠂ ᠭᠤᠤᠯ ᠴᠤᠬᠴᠠ ᠶᠢᠨ ᠬᠠᠷᠢᠭᠤᠴᠠᠯᠭ᠎ᠠ ᠶᠢ | ᠨᠡᠶᠢᠳᠡᠪᠦᠷᠢᠵᠢᠭᠤᠯᠵᠤ ᠠᠳᠠᠯᠢᠳᠬᠠᠬᠤ ᠰᠤᠷᠤᠯᠴᠠᠬᠤ ᠭᠦᠢᠴᠡᠬᠦ ᠬᠠᠪᠰᠤᠷᠬᠤ ᠲᠤᠰᠢᠶᠠᠯ ᠤᠨ ᠮᠡᠳᠡᠭᠦᠯᠦᠯᠳᠡ ᠬᠢᠵᠤ | ᠰᠠᠨᠠᠯ ᠰᠤᠯᠢᠯᠴᠠᠬᠤ ᠲᠦᠷᠢᠮ ᠢ ᠬᠡᠷᠡᠭᠵᠢᠭᠦᠯᠭᠦ ᠨᠢ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠶᠢ ᠠᠬᠢᠭᠤᠯᠬᠤ ᠴᠢᠬᠤᠯᠠ ᠲᠦᠷᠢᠮ ᠤᠨ ᠲᠤᠬᠢᠷᠠᠭᠤᠯᠤᠯᠳᠠ ᠪᠤᠯᠤᠨ᠎ᠠ᠂ ᠲᠠᠷᠤᠢ ᠲᠤᠮᠤ | ᠮᠦᠷᠦ᠋ᠢᠴᠡᠭᠡᠨ ᠤ ᠲᠠᠯᠠᠪᠠᠢ᠂ ᠲᠤᠮᠤ ᠰᠤᠯᠢᠯᠴᠠᠭᠠᠨ ᠤ ᠲᠠᠪᠴᠠᠩ ᠢ ᠪᠠᠶᠢᠭᠤᠯᠵᠤ᠂ ᠶᠠᠳᠠᠭᠤ ᠬᠦᠴᠢᠷᠳᠡᠯᠳᠡᠢ ᠬᠤᠰᠢᠭᠤ | ᠰᠢᠶᠠᠨ ᠠᠵᠢᠯ ᠢᠶᠠᠨ ᠬᠡᠷᠬᠢᠨ ᠨᠡᠶᠢᠳᠡᠪᠦᠷᠢᠵᠢᠭᠤᠯᠵᠤ ᠪᠠᠶᠢᠭ᠎ᠠ᠂ ᠦᠨᠡᠨᠭᠦ ᠬᠦᠴᠦ ᠤᠷᠤᠭᠤᠯᠤᠬᠰᠠᠨ ᠡᠰᠡᠭᠦ ᠶᠢ | ᠪᠠᠶᠢᠴᠠᠭᠠᠨ ᠦᠵᠡᠵᠤ᠂ ᠲᠦᠪᠯᠡᠷᠡᠭᠦᠯᠦᠨ ᠰᠢᠯᠭᠠᠨ ᠦᠵᠡᠭᠦ᠂ ᠬᠠᠷᠢᠯᠴᠠᠨ ᠠᠳᠠᠯᠢᠳᠬᠠᠬᠤ ᠪᠠᠷ ᠲᠠᠮᠵᠢᠨ ᠡᠯ᠎ᠠ | ᠱᠠᠳᠤᠨ ᠤ ᠬᠢᠨ ᠳᠤ ᠦᠨᠡᠨᠭᠦ ᠲᠠᠷᠤᠯᠳᠠ ᠦᠭᠭᠦᠨ ᠰᠡᠩᠬᠡᠷᠡᠭᠦᠯᠦᠯ ᠬᠦᠷᠳᠡᠭᠡᠵᠦ᠂ ᠤᠨᠢᠨ ᠲᠡᠭᠡᠷ᠎ᠠ ᠨᠢ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ ᠢᠯᠠᠯᠳᠠ ᠤᠯᠬᠤ ᠦᠳᠭᠡᠨ | ᠵᠤᠵᠠᠭᠠᠨ ᠠᠭᠤᠷ ᠠᠮᠢᠰᠬᠤᠯ ᠢ ᠴᠢᠨᠠᠬᠰᠢᠳᠠ ᠪᠤᠢ ᠪᠤᠯᠭᠠᠬᠤ ᠪᠠᠷ ᠵᠤᠷᠢᠯᠭ᠎ᠠ ᠪᠤᠯᠭᠠᠵᠠᠢ ᠬᠡᠵᠤ ᠵᠢᠭᠠᠵᠤ ᠭᠠᠷᠭᠠᠪᠠ᠃ | ᠯᠢ ᠵᠢᠢ ᠾᠧᠩ ᠦᠨᠡᠯᠡᠭᠦ ᠳᠤ ᠪᠠᠨ᠂ 7 ᠬᠤᠰᠢᠭᠤ ᠰᠢᠶᠠᠨ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨᠴᠠᠯᠢᠭ ᠲᠠᠢ ᠪᠦᠭᠡᠳ ᠬᠢᠯᠡᠰ ᠴᠡᠭ ᠲᠠᠢ ᠪᠠᠶᠢᠨ᠎ᠠ᠂ ᠬᠡᠪᠡᠴᠤ ᠪᠠᠰᠠ ᠲᠤᠳᠠᠭᠤᠳᠠᠯ | ᠪᠤᠯᠤᠨ ᠵᠦᠷᠢᠶ᠎ᠠ ᠪᠠᠰᠠ ᠪᠠᠶᠢᠨ᠎ᠠ᠂ ᠰᠠᠶᠢᠳᠤᠷ ᠬᠢᠵᠤ ᠪᠠᠶᠢᠭ᠎ᠠ ᠨᠢ ᠦᠷᠭᠦᠯᠵᠢᠯᠡᠨ ᠪᠠᠬᠢᠵᠢᠭᠦᠯᠦᠨ ᠲᠡᠭᠡᠭᠰᠢᠯᠡᠭᠦᠯᠵᠤ᠂ | ᠲᠠᠶᠢᠯᠠᠯᠳᠤᠭᠠᠨ ᠤ ᠦᠷ᠎ᠠ ᠪᠦᠳᠦᠭᠡᠯ ᠢᠶᠠᠨ ᠦᠷᠭᠡᠳᠭᠡᠭᠦ ᠬᠡᠷᠡᠭᠳᠡᠢ᠂ ᠠᠵᠢᠯ ᠤᠨ ᠲᠠᠯ᠎ᠠ ᠪᠠᠷ ᠵᠦᠷᠢᠶ᠎ᠠ ᠲᠠᠢ | ᠪᠠᠶᠢᠬᠤ ᠨᠢ ᠨᠡᠩ ᠴᠢᠷᠮᠠᠶᠢᠨ ᠲᠡᠮᠡᠴᠡᠵᠤ ᠲᠠᠪᠠᠵᠤ ᠭᠠᠷᠬᠤ ᠪᠠᠷ ᠴᠢᠷᠮᠠᠶᠢᠬᠤ ᠬᠡᠷᠡᠭᠳᠡᠢ᠃ ᠡᠯ᠎ᠠ ᠭᠠᠵᠠᠷ ᠤᠷᠤᠨ ᠨᠠᠷᠢᠨ | ᠬᠢᠨᠠᠮᠠᠭᠠᠢ ᠪᠠᠷ ᠬᠠᠷᠢᠴᠠᠭᠤᠯᠤᠨ ᠪᠠᠶᠢᠴᠠᠭᠠᠵᠤ᠂ ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠤᠳᠠᠯ ᠢᠶᠠᠨ | ᠨᠦᠬᠦᠪᠦᠷᠢᠯᠡᠵᠤ᠂ ᠪᠤᠳᠠᠳᠠᠢ ᠠᠷᠭ᠎ᠠ ᠠᠪᠴᠠᠯ ᠠᠪᠴᠤ᠂ ᠬᠠᠳᠠᠭᠤ ᠠᠷᠭ᠎ᠠ ᠬᠡᠮᠵᠢᠶ᠎ᠠ ᠠᠪᠴᠤ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠯ᠎ᠠ ᠵᠦᠢᠯ ᠤᠨ ᠠᠵᠢᠯ ᠢ ᠴᠢᠷᠮᠠᠶᠢᠨ ᠨᠡᠩ ᠰᠠᠶᠢᠳᠤᠷ ᠬᠢᠭᠦ ᠬᠡᠷᠡᠭᠳᠡᠢ | ᠬᠡᠵᠤ ᠵᠢᠭᠠᠵᠤ ᠭᠠᠷᠭᠠᠪᠠ᠃ | ᠯᠢ ᠵᠢᠢ ᠾᠧᠩ ᠶᠠᠷᠢᠶᠠᠨ ᠳᠤ ᠪᠠᠨ ᠪᠦᠬᠦ ᠤᠷᠤᠨ ᠲᠠᠶᠠᠭᠠᠷ ᠢᠶᠠᠨ ᠡᠷᠬᠡᠪᠰᠢ ᠮᠠᠨ ᠤ ᠤᠷᠤᠨ ᠤ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠲᠤᠯᠭᠠᠷᠠᠵᠤ ᠪᠦᠬᠦᠢ ᠪᠠᠶᠢᠳᠠᠯ ᠢ ᠲᠤᠳᠤᠷᠬᠠᠢ ᠲᠠᠨᠢᠵᠤ᠂ | ᠠᠮᠵᠢᠯᠳᠡ ᠪᠠᠨ ᠤᠯᠵᠤ ᠬᠠᠷᠠᠨ ᠢᠳᠡᠭᠡᠯ ᠢᠶᠠᠨ ᠪᠠᠳᠤᠳᠬᠠᠬᠤ ᠮᠦᠷᠳᠡᠭᠡᠨ ᠨᠡᠩ ᠴᠤ ᠵᠦᠷᠢᠶ᠎ᠠ ᠪᠠᠨ ᠤᠯᠵᠤ ᠬᠠᠷᠠᠨ | ᠬᠦᠨᠵᠡᠭᠡᠢ ᠲᠤᠩᠭᠠᠵᠤ᠂ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠬᠡᠷᠡᠭᠳᠡᠢ᠃ | ᠲᠠᠨᠢᠯᠳᠠ ᠪᠠᠨ ᠴᠢᠨᠠᠬᠰᠢᠳᠠ ᠲᠡᠭᠡᠭᠰᠢᠯᠡᠭᠦᠯᠵᠤ᠂ ︽ᠲᠦᠷᠪᠡᠨ ᠤᠬᠠᠮᠰᠠᠷ︾ ᠢᠶᠠᠨ ᠴᠢᠨᠠᠬᠰᠢᠳᠠ ᠴᠢᠩᠭᠠᠳᠬᠠᠨ᠂ | ᠰᠢ ᠶᠢᠨ ᠫᠢᠩ ᠤᠨ ᠶᠠᠳᠠᠭᠤ ᠶᠢ ᠲᠡᠳᠭᠦᠭᠦ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠵᠤᠷᠢᠭ | ᠰᠢᠭᠤᠳᠤᠨ ᠬᠦᠴᠦᠯᠡᠨ ᠴᠢᠷᠮᠠᠶᠢᠵᠤ᠂ ᠪᠤᠳᠠᠳᠤ ᠠᠵᠢᠯᠯᠠᠭ᠎ᠠ ᠪᠤᠯᠤᠨ ᠯᠠᠪᠳᠠᠭᠤᠨ ᠪᠠᠳᠤᠳᠠᠢ ᠦᠷ᠎ᠠ | ᠪᠦᠳᠦᠮᠵᠢ ᠪᠠᠷ ᠢᠶᠠᠨ ᠦᠨᠡᠨᠴᠢ ᠰᠢᠳᠤᠷᠭᠤ ᠪᠠᠶᠢᠬᠤ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠳᠡᠢ᠃ | ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠬᠤ ᠲᠠᠯ᠎ᠠ ᠪᠠᠷ ᠲᠠᠬᠢᠨ ᠪᠤᠳᠠᠳᠠᠶᠢᠵᠢᠭᠤᠯᠵᠤ᠂ ᠡᠯ᠎ᠠ ᠱᠠᠳᠤ ᠡᠯ᠎ᠠ ᠰᠠᠯᠠᠭ᠎ᠠ | ᠮᠦᠴᠢᠷ ᠪᠤᠯᠤᠨ ᠦᠷᠭᠡᠨ ᠤᠯᠠᠨ ᠶᠠᠳᠠᠭᠤ ᠶᠢ ᠲᠡᠳᠭᠦᠭᠦ ᠺᠠᠳ᠋ᠷ ᠰᠡᠳᠬᠢᠯ ᠨᠢᠭᠡᠳᠦᠨ ᠬᠦᠴᠦ ᠬᠠᠮᠵᠢᠯᠴᠠᠵᠦ | ᠶᠠᠳᠠᠭᠤ ᠶᠢ ᠲᠡᠳᠭᠦᠭᠦ ᠶᠢ ᠠᠳᠬᠤᠨ ᠪᠤᠭᠤᠮᠳᠠ ᠰᠢᠪᠳᠤᠯᠬᠤ ᠶᠢ ᠠᠬᠢᠭᠤᠯᠵᠦ᠂ ᠤᠨᠴᠠᠭᠠᠶᠢᠢᠯᠠᠨ ᠶᠠᠳᠠᠭᠤ | ᠬᠦᠴᠢᠷᠳᠡᠯᠳᠡᠢ ᠬᠤᠰᠢᠭᠤ ᠰᠢᠶᠠᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠨᠦᠬᠦᠳ ᠤᠶᠤᠨ ᠤᠬᠠᠭᠠᠨ | ᠬᠦᠴᠦᠨ ᠴᠢᠳᠠᠯ ᠢᠶᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠡᠭᠡᠷ᠎ᠠ ᠲᠠᠯᠪᠢᠵᠤ᠂ | ᠪᠡᠶ᠎ᠠ ᠪᠠᠷ ᠢᠶᠠᠨ ᠤᠷᠤᠯᠴᠠᠨ ᠬᠢᠵᠤ᠂ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠬᠤ ᠬᠡᠷᠡᠭᠳᠡᠢ᠃ ᠴᠡᠭᠴᠡᠯᠡᠨ | ᠰᠠᠶᠢᠵᠢᠷᠠᠭᠤᠯᠬᠤ ᠲᠠᠯ᠎ᠠ ᠪᠠᠷ ᠲᠠᠬᠢᠨ ᠬᠦᠴᠦᠯᠡᠵᠤ᠂ ᠴᠡᠭᠴᠡᠯᠡᠨ ᠰᠠᠶᠢᠵᠢᠷᠠᠭᠤᠯᠬᠤ ᠴᠡᠭᠴᠡᠯᠡᠨ ᠵᠠᠰᠠᠬᠤ ᠶᠢ | ᠪᠠᠶᠢᠩᠭᠤᠵᠢᠭᠤᠯᠬᠤ᠂ ᠰᠢᠨ᠎ᠠ ᠠᠰᠠᠭᠤᠳᠠᠯ ᠢ ᠲᠠᠯᠪᠢᠬᠤ ᠦᠭᠡᠢ᠂ ᠬᠠᠭᠤᠴᠢᠨ ᠠᠰᠠᠭᠤᠳᠠᠯ ᠢ ᠲᠠᠬᠢᠨ ᠭᠠᠷᠭᠠᠬᠤ | ᠦᠭᠡᠢ ᠪᠠᠶᠢᠬᠤ ᠶᠢ ᠪᠠᠷᠢᠮᠳᠠᠯᠠᠬᠤ ᠬᠡᠷᠡᠭᠳᠡᠢ᠃ ᠠᠷᠭ᠎ᠠ ᠠᠪᠴᠠᠯ ᠤᠨ ᠲᠠᠯ᠎ᠠ ᠪᠠᠷ ᠲᠠᠬᠢᠨ ᠤᠨᠤᠪᠴᠢᠳᠠᠢ ᠪᠤᠯᠭᠠᠵᠤ᠂ | ᠤᠨᠢᠨ ᠲᠡᠭᠡᠷ᠎ᠠ ᠨᠢ ᠶᠠᠳᠠᠭᠤ ᠶᠢ ᠲᠡᠳᠭᠦᠭᠦ ᠪᠠ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ | ᠠᠷᠭ᠎ᠠ ᠪᠤᠳᠤᠯᠭ᠎ᠠ ᠶᠢ ᠰᠠᠶᠢᠳᠤᠷ ᠨᠡᠶᠢᠳᠡᠪᠦᠷᠢᠵᠢᠭᠤᠯᠵᠤ᠂ ᠦᠨᠡᠨᠭᠦ ᠲᠤᠬᠢᠳᠠᠢ ᠭᠠᠵᠠᠷ ᠲᠤᠨᠢ ᠲᠡᠳᠭᠦᠵᠤ᠂ | ᠦᠨᠳᠦᠰᠦᠨ ᠳᠤ ᠨᠢ ᠲᠡᠳᠭᠦᠭᠦ ᠬᠡᠷᠡᠭᠳᠡᠢ᠃ ᠬᠢᠨᠠᠨ ᠰᠢᠯᠭᠠᠬᠤ ᠲᠠᠯ᠎ᠠ ᠪᠠᠷ ᠲᠠᠬᠢᠨ ᠴᠢᠩᠳᠠᠯᠠᠵᠤ᠂ ᠬᠦᠬᠢᠭᠦᠯᠦᠨ | ᠰᠠᠶᠢᠰᠢᠶᠠᠬᠤ ᠪᠠ ᠬᠠᠷᠢᠭᠤᠴᠠᠯᠭ᠎ᠠ ᠲᠤᠯᠭᠠᠬᠤ ᠬᠠᠷᠢᠭᠤᠴᠠᠯᠭ᠎ᠠ ᠨᠡᠭᠡᠮᠵᠢᠯᠡᠭᠦ ᠡᠷᠴᠢᠮ ᠢᠶᠠᠨ ᠴᠢᠩᠭᠠᠷᠠᠭᠤᠯᠵᠤ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠴᠢᠩᠭ᠎ᠠ ᠪᠦᠭᠡᠳ ᠪᠤᠳᠠᠳᠠᠢ ᠠᠬᠢᠭᠤᠯᠬᠤ ᠢᠯᠡ ᠲᠤᠳᠤ | ᠤᠳᠤᠷᠢᠳᠤᠮᠵᠢ ᠶᠢ ᠦᠨᠡᠨᠭᠦ ᠪᠤᠢ ᠪᠤᠯᠭᠠᠬᠤ ᠬᠡᠷᠡᠭᠳᠡᠢ ᠬᠡᠵᠤ ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠤᠨ | ᠪᠦᠷᠢᠯᠳᠦᠭᠦᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠨᠢᠭᠡᠴᠢ ᠶᠢᠨ ᠬᠠᠷᠢᠭᠤᠴᠠᠯᠭᠠᠳᠠᠨ ᠨᠦᠬᠦᠳ ᠬᠦᠬᠡᠬᠤᠳᠠ ᠳᠠᠬᠢ | ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠤ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠤᠭᠤᠷᠢᠭ︶᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠰᠠᠭᠤᠭ᠎ᠠ ᠦᠪᠡᠷᠳᠡᠭᠡᠨ ᠵᠠᠰᠠᠬᠤ ᠤᠷᠤᠨ ᠤ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠡᠷᠦᠩᠬᠡᠢ ᠠᠩᠬᠢ᠂ ᠶᠠᠳᠠᠭᠤ ᠬᠦᠴᠢᠷᠳᠡᠯᠳᠡᠢ | ᠬᠤᠰᠢᠭᠤ ᠰᠢᠶᠠᠨ ᠤ ᠲᠤᠰᠬᠤᠨ ᠳᠤ ᠰᠠᠭᠤᠭ᠎ᠠ ᠠᠵᠢᠯ ᠤᠨ ᠤᠳᠤᠷᠢᠳᠬᠤ ᠲᠤᠭᠤᠶᠢᠢᠯᠠᠩ᠂ ᠰᠤᠮᠤ ᠰᠢᠶᠠᠩ | ᠪᠠᠯᠭᠠᠰᠦ ᠶᠢᠨ ᠨᠦᠬᠦᠳ ᠡᠯ᠎ᠠ ᠭᠠᠵᠠᠷ ᠤᠷᠤᠨ ᠳᠠᠬᠢ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ | ᠤᠷᠤᠯᠴᠠᠵᠠᠢ᠃ | ᠬᠤᠰᠢᠭᠤ ᠤᠳᠤᠷᠢᠳᠤᠯᠭ᠎ᠠ ᠵᠢᠷᠭᠠᠯᠳᠤ᠂ ᠴᠢᠶᠤᠤ ᠶᠦᠨ ᠯᠢ᠂ ᠪᠤᠶᠠᠨᠮᠠᠨᠳᠤᠬᠤ᠂ ᠰᠤᠷᠭᠠᠯᠳᠤ᠂ ᠸᠠᠩ ᠯᠢ ᠫᠢᠩ | ᠂ ᠯᠠᠨ ᠲᠢᠶᠠᠨ᠂ ᠵᠤᠤ ᠶᠦᠩ ᠹᠧᠩ᠂ ᠠᠯᠳᠠᠨᠳᠤᠶᠠᠭ᠎ᠠ᠂ ᠵᠠᠩ ᠱᠦ ᠰᠢᠤᠸᠠᠨ᠂ ᠯᠢ ᠰᠢᠦ ᠹᠧᠩ᠂ ᠸᠠᠩ ᠵᠢᠷᠭᠠᠯ᠂ | ᠡᠾᠧ ᠤᠯᠠᠭᠠᠨ᠂ ᠵᠸᠦ ᠱᠤᠸᠠᠢ᠂ ᠪᠠᠶᠠᠨᠴᠠᠩᠭᠡᠯ᠂ ᠯᠸᠢ ᠬᠠᠰ᠂ ᠯᠢ ᠵᠢᠷᠤᠮᠳᠤ᠂ ᠯᠢ ᠬᠤᠩ ᠯᠢᠶᠠᠩ ᠵᠢᠴᠢ ᠡᠯ᠎ᠠ | ᠠᠵᠤ ᠠᠬᠤᠢ ᠶᠢᠢᠨ ᠨᠡᠭᠡᠭᠡᠯᠳᠡ ᠶᠢᠢᠨ ᠤᠷᠤᠨ ᠲᠤᠭᠤᠷᠢᠭ᠂ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ | ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠲᠠᠯᠠᠪᠠᠢ ᠠᠴᠠ ᠬᠤᠷᠠᠯ ᠳᠤ | ᠤᠷᠤᠯᠴᠠᠪᠠ᠃ |