ᠡᠵᠡᠨ ᠬᠦᠮᠦᠨ ᠤ ᠬᠠᠷᠢᠭᠤᠴᠠᠯᠭ᠎ᠠ ᠳᠤ ᠨᠤᠲᠤᠭ ᠤᠨ ᠬᠦᠭᠵᠢᠯ ᠪᠠᠳᠠᠷᠠᠭᠤᠨ
ᠨᠡᠶᠢᠲᠡᠯᠡᠭᠰᠡᠨ ᠴᠠᠭ᠄
2018-07-03
     ᠨᠠᠷᠠ ᠵᠤᠯᠠᠢ ᠲᠦᠭᠡᠨᠡᠭᠰᠡᠨ ᠵᠤᠨ ᠤ ᠴᠠᠭ ᠢᠶᠠᠷ ᠪᠢᠷᠴᠢᠨ ᠰᠦᠯᠳᠡ ᠰᠤᠮᠤᠨ ᠤ ᠬᠦᠬᠡᠮᠠᠩᠬ᠎ᠠ ᠭᠠᠴᠠᠭᠠᠨ ᠳᠤ ᠬᠦᠷᠬᠦ ᠳᠤ ᠨᠢᠭᠡᠨᠲᠡ ᠦᠳᠡ ᠶᠢᠨ 11 ᠴᠠᠭ ᠭᠠᠷᠤᠢ ᠪᠤᠯᠵᠤ᠂ ᠬᠠᠯᠠᠭᠤᠨ ᠢᠯᠴᠢ ᠨᠢᠯ ᠬᠡᠵᠤ ᠪᠠᠶᠢᠭᠰᠠᠨ ᠴᠤ ᠰᠡᠴᠡᠨᠪᠠᠭᠠᠲᠤᠷ ᠱᠦᠵᠢ ᠮᠠᠯᠠᠭᠠᠢ ᠴᠤ ᠵᠡᠬᠦᠯ ᠦᠭᠡᠢ ᠪᠠᠷ ᠬᠦᠯᠦᠰᠦ ᠴᠤᠪᠤᠭᠤᠯᠤᠨ ᠠᠵᠢᠯᠯᠠᠵᠤ ᠪᠠᠶᠢᠯ᠎ᠠ᠃      ᠰᠡᠴᠡᠨᠪᠠᠭᠠᠲᠤᠷ ᠪᠤᠯ ᠰᠦᠯᠳᠡ ᠰᠤᠮᠤᠨ ᠤ ᠬᠦᠬᠡᠮᠠᠩᠬ᠎ᠠ ᠭᠠᠴᠠᠭᠠᠨ ᠤ ᠨᠠᠮ ᠤᠨ ᠡᠭᠦᠷ ᠤᠨ ᠱᠦᠵᠢ ᠶᠤᠮ᠃ ᠲᠡᠷᠡ ᠦᠨᠳᠦᠷ ᠲᠤᠮᠳᠠᠲᠤ ᠪᠠᠨ ᠲᠡᠭᠦᠰᠬᠡᠭᠡᠳ ᠳ᠋ᠦᠡᠭᠱᠧᠩ᠂ ᠱᠧᠨ᠋ᠵᠧᠨ ᠵᠡᠷᠭᠡ ᠭᠠᠵᠠᠷ ᠢᠶᠠᠷ ᠬᠦᠷᠴᠦ ᠲᠤᠭᠤᠭᠠᠴᠢ ᠶᠢᠨ ᠮᠡᠷᠭᠡᠵᠢᠯ ᠰᠤᠷᠤᠯᠴᠠᠨ᠂ ᠦᠤᠰᠢᠨ ᠬᠤᠰᠢᠭᠤᠨ ᠳᠤ ᠬᠤᠭᠤᠯᠠᠨ ᠭᠡᠷ ᠡᠷᠬᠢᠯᠡᠨ ᠭᠡᠷᠬᠡᠢ ᠨᠢ ᠬᠤᠪᠴᠠᠰᠤᠨ ᠲᠡᠯᠭᠡᠭᠦᠷ ᠨᠡᠭᠡᠭᠡᠵᠤ ᠤᠷᠤᠯᠭ᠎ᠠ ᠨᠡᠯᠢᠶᠡᠳ ᠵᠦᠭᠡᠷᠭᠡᠨ ᠠᠶᠢᠯ ᠪᠠᠶᠢᠵᠠᠢ᠃ ᠬᠦᠮᠦᠨ ᠤ ᠠᠮᠢᠳᠤᠷᠠᠯ ᠳᠤ ᠬᠡᠴᠢᠨᠠᠨ ᠰᠤᠩᠭᠤᠯᠳᠠ ᠳᠤᠯᠭᠠᠷᠠᠬᠤ ᠶᠢ ᠳᠦᠰᠦᠭᠡᠯᠡᠬᠦ ᠶᠢᠨ ᠠᠷᠭ᠎ᠠ ᠦᠭᠡᠢ᠃ 2009 ᠤᠨ ᠤ ᠨᠢᠭᠡ ᠡᠳᠦᠷ ᠲᠡᠷᠡ ᠵᠤᠷᠰᠢᠯ ᠶᠤᠰᠤᠭᠠᠷ ᠬᠤᠭᠤᠯᠠ ᠪᠤᠳᠠᠭ᠎ᠠ ᠪᠠᠨ ᠪᠡᠯᠡᠳᠤᠨ ᠶᠠᠭᠠᠷᠠᠵᠤ ᠪᠠᠶᠢᠳᠠᠯ᠎ᠠ ᠭᠠᠴᠠᠭᠠᠨ ᠠᠴᠠ ᠤᠳᠠᠰᠤ ᠢᠷᠡᠵᠤ ᠭᠠᠴᠠᠭᠠᠨ ᠤ ᠰᠤᠩᠭᠤᠭᠤᠯᠢ ᠪᠠᠷ ᠲᠠᠮᠵᠢᠨ ᠵᠢᠱᠢᠭᠳᠡᠭᠰᠡᠳ ᠢᠶᠠᠷ ᠰᠤᠩᠭᠤᠭᠳᠠᠭᠰᠠᠨ ᠴᠢᠮᠡᠭᠡ ᠬᠡᠯᠡᠵᠤ᠂ ᠲᠡᠭᠦᠨ ᠤ ᠠᠮᠢᠳᠤᠷᠠᠯ ᠦᠢᠯᠡᠰ ᠤᠨ ᠵᠠᠮ ᠳᠤ ᠪᠠᠰᠠ ᠨᠢᠭᠡᠨ ᠶᠡᠭᠡ ᠬᠤᠪᠢᠷᠠᠯᠲᠠ ᠭᠠᠷᠤᠭᠰᠠᠨ ᠪᠠᠶᠢᠯ᠎ᠠ᠃ ᠢᠡᠭᠭᠢᠭᠡᠳ ᠲᠡᠷᠡ 2009 ᠤᠨ ᠳᠤ ᠭᠠᠴᠠᠭᠠᠨ ᠲᠠᠷᠤᠭ᠎ᠠ ᠪᠠᠷ ᠰᠤᠩᠭᠤᠭᠳᠠᠵᠤ᠂ 2012 ᠤᠨ ᠠᠴᠠ ᠨᠠᠭᠠᠰᠢ ᠤᠳᠤ ᠪᠤᠯᠲᠠᠯ᠎ᠠ ᠨᠢᠭᠡᠨᠲᠡ ᠬᠤᠶᠠᠷ ᠡᠭᠡᠯᠵᠢ ᠶᠢᠨ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠠᠵᠢᠯ ᠢ ᠬᠠᠷᠢᠭᠤᠴᠠᠵᠤ ᠡᠨᠡ ᠵᠢᠯ ᠮᠦᠨ ᠭᠤᠷᠪᠠᠳᠤᠭᠠᠷ ᠡᠭᠡᠯᠵᠢ ᠶᠢᠨ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠠᠵᠢᠯ ᠢᠶᠠᠨ ᠡᠬᠢᠯᠡᠭᠦᠯᠦᠭᠰᠡᠨ ᠪᠠᠶᠢᠯ᠎ᠠ᠃       ︽ᠮᠠᠨ ᠤ ᠮᠠᠯᠴᠢᠳ ᠨᠠᠳᠠ ᠳᠤ ᠢᠳᠡᠭᠡᠵᠦ ᠡᠨᠡ ᠪᠠᠶᠢᠷᠢᠨ ᠳᠡᠭᠡᠷ᠎ᠠ ᠰᠤᠩᠭᠤᠵᠦ ᠭᠠᠷᠭᠠᠭᠰᠠᠨ ᠪᠤᠯᠬᠤᠷ ᠮᠠᠯᠴᠢᠳ ᠤᠨ ᠬᠦᠰᠡᠯ ᠱᠠᠭᠠᠷᠳᠠᠯᠭ᠎ᠠ ᠶᠢ ᠶᠠᠭᠠᠬᠢᠭᠰᠠᠨ ᠴᠤ ᠬᠦᠰᠡᠷᠳᠡᠬᠦᠯᠵᠤ ᠪᠤᠯᠬᠤ ᠦᠭᠡᠢ᠂ ᠬᠡᠷᠪᠡ ᠪᠢ ᠵᠤᠭᠤᠰ ᠮᠦᠡᠭᠭᠦᠨ ᠳᠤ ᠲᠤᠷᠠᠯᠠᠭᠠᠳ ᠠᠰᠢᠭ ᠤᠷᠤᠯᠭ᠎ᠠ ᠶᠢ ᠬᠦᠭᠡᠭᠡᠴᠡᠯᠳᠦᠭᠰᠡᠨ ᠶᠤᠮ ᠪᠤᠯ ᠶᠠᠭᠠᠬᠢᠭᠰᠠᠨ ᠴᠤ ᠡᠨᠡ ᠠᠵᠢᠯ ᠢ ᠬᠢᠬᠦ ᠦᠭᠡᠢ᠂ ᠠᠷᠠᠯᠵᠢᠶ᠎ᠠ ᠮᠠᠶᠢᠮᠠᠢ ᠪᠠᠨ ᠬᠢᠭᠡᠳ ᠶᠠᠪᠤᠪᠠᠯ ᠪᠤᠯᠴᠢᠬᠠᠨ᠎ᠠ᠃ ᠡᠨᠡ ᠨᠤᠳᠤᠭ ᠲᠤ ᠰᠠᠲᠤᠨ ᠲᠦᠷᠦᠯ ᠮᠢᠨᠢ ᠪᠤᠢ᠂ ᠮᠠᠯᠴᠢᠨ ᠵᠠᠶᠠᠭ᠎ᠠ ᠮᠢᠨᠢ ᠪᠤᠢ᠃ ᠮᠠᠯᠴᠢᠳ ᠤᠨ ᠢᠳᠡᠭᠡᠯ ᠢ ᠤᠯᠵᠤ ᠮᠠᠯᠴᠢᠳ ᠲᠠᠭᠠᠨ ᠤᠶᠢᠯᠡᠴᠢᠯᠡᠬᠦ ᠭᠡᠵᠤ ᠨᠢᠭᠡ ᠶᠤᠰᠤᠨ ᠤ ᠵᠢᠷᠭᠠᠯ ᠶᠤᠮ᠃ ᠨᠢᠭᠡ ᠭᠠᠴᠠᠭ᠎ᠠ ᠨᠢ ᠨᠢᠭᠡ ᠠᠶᠢᠯ ᠡᠷᠦᠬᠡ ᠲᠠᠢ ᠠᠳᠠᠯᠢ᠂ ᠲᠤᠭᠳᠠᠭᠰᠠᠨ ᠴᠠᠭ ᠲᠤ ᠲᠤᠭᠳᠠᠭᠰᠠᠨ ᠠᠵᠢᠯ ᠢᠶᠠᠨ ᠬᠢᠵᠤ ᠪᠠᠷᠠᠬᠤ ᠦᠭᠡᠢ ᠪᠤᠯ ᠭᠠᠴᠠᠭᠠᠨ ᠤ ᠨᠢᠭᠡ ᠭᠤᠭᠴᠤᠭ᠎ᠠ ᠶᠢᠨ ᠠᠵᠢᠯ ᠬᠠᠶᠠᠭᠳᠠᠨ᠎ᠠ᠂ ᠬᠠᠮᠤᠭ ᠰᠡᠭᠦᠯ ᠳᠤ ᠮᠠᠨ ᠤ ᠮᠠᠯᠴᠢᠳ ᠮᠠᠨᠢ ᠬᠤᠬᠢᠷᠠᠯ ᠠᠮᠰᠠᠨ᠎ᠠ᠂ ᠲᠡᠶᠢᠮᠦ ᠠᠴᠠ ᠡᠳᠦᠷ ᠰᠦᠨᠢ ᠦᠭᠡᠢ ᠶᠠᠭᠠᠷᠠᠬᠤ ᠯᠠ ᠬᠡᠷᠡᠭ︾ ᠭᠡᠵᠤ ᠡᠵᠡᠨ ᠬᠦᠮᠦᠨ ᠤ ᠬᠠᠷᠢᠭᠤᠴᠠᠯᠭ᠎ᠠ ᠪᠠᠷ ᠰᠡᠴᠡᠨᠪᠠᠭᠠᠲᠤᠷ ᠱᠦᠵᠢ ᠶᠠᠷᠢᠨ᠎ᠠ᠃      ᠬᠦᠬᠡᠮᠠᠩᠬ᠎ᠠ ᠭᠠᠴᠠᠭ᠎ᠠ ᠨᠢ 2008 ᠤᠨ ᠳᠤ ᠮᠠᠯ ᠲᠠᠷᠢᠶᠠᠯᠠᠩ ᠤᠨ ᠠᠵᠤ ᠦᠢᠯᠡᠰ ᠤᠨ ᠭᠤᠷᠪᠠᠨ ᠤᠷᠤᠨ ᠤ ᠲᠦᠯᠦᠪᠵᠢᠬᠦᠯᠭᠡ ᠳᠤ ᠨᠡᠭᠡᠭᠡᠯᠲᠡ ᠬᠢᠬᠦ ᠶᠢ ᠬᠤᠷᠢᠭᠯᠠᠬᠤ ᠤᠷᠤᠨ ᠳᠤ ᠵᠢᠭᠰᠠᠭᠠᠭᠳᠠᠵᠤ᠂ ᠠᠮᠢ ᠠᠬᠤᠢ ᠶᠢᠨ ᠠᠶᠠᠨᠳᠠᠭᠠᠨ ᠤ ᠰᠡᠷᠬᠦᠯᠳᠡ ᠶᠢᠨ ᠤᠷᠤᠨ ᠪᠤᠯᠤᠭᠰᠠᠨ ᠪᠤᠯᠬᠤᠷ ᠠᠵᠤ ᠠᠬᠤᠢ ᠶᠢᠨ ᠬᠦᠭᠵᠢᠯᠲᠡ᠂ ᠰᠠᠭᠤᠷᠢ ᠪᠦᠲᠦᠭᠡᠨ ᠪᠠᠶᠢᠭᠤᠯᠤᠯᠲᠠ ᠵᠢᠴᠢ ᠭᠠᠴᠠᠭᠠᠨ ᠤ ᠬᠠᠮᠲᠤ ᠶᠢᠨ ᠠᠵᠤ ᠠᠬᠤᠢ ᠵᠡᠷᠭᠡ ᠡᠯ᠎ᠡ ᠲᠠᠯ᠎ᠠ ᠪᠠᠷ ᠬᠠᠷᠢᠴᠠᠩᠭᠤᠢ ᠨᠡᠯᠢᠶᠡᠳ ᠬᠤᠵᠢᠭᠤ ᠪᠤᠯᠤᠭᠰᠠᠨ ᠪᠠᠶᠢᠨ᠎ᠠ᠃ ᠡᠨᠡ ᠨᠢ ᠰᠡᠴᠡᠨᠪᠠᠭᠠᠳᠤᠷ ᠱᠦᠵᠢ ᠳᠤ ᠠᠪᠴᠤ ᠬᠡᠯᠡᠪᠡᠯ ᠨᠢᠭᠡᠨ ᠬᠠᠳᠠᠭᠤ ᠰᠢᠯᠭᠠᠯᠲᠠ ᠪᠠᠶᠢᠯ᠎ᠠ᠂ ᠭᠡᠪᠡᠴᠤ ᠲᠡᠷᠡ ᠬᠦᠴᠢᠷ ᠪᠡᠷᠬᠡᠰᠢᠶᠡᠯ ᠤᠨ ᠡᠮᠦᠨ᠎ᠡ ᠵᠤᠷᠢᠭ ᠮᠤᠬᠤᠷᠠᠵᠤ ᠬᠤᠶᠢᠷᠭᠤᠰᠢᠭᠰᠠᠨ ᠦᠭᠡᠢ᠂ ᠬᠠᠷᠢᠨ ᠤᠬᠠᠭᠠᠨ ᠪᠤᠳᠤᠯ ᠢᠶᠠᠨ ᠰᠤᠷᠢᠨ ᠬᠦᠴᠦ ᠬᠦᠯᠦᠰᠦ ᠪᠠᠨ ᠰᠢᠪᠬᠠᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠲᠤᠮᠳᠠᠬᠢ ᠬᠦᠴᠢᠷᠳᠡᠯ ᠢ ᠰᠢᠢᠳᠪᠦᠷᠢᠯᠡᠬᠦ ᠶᠢ ᠬᠠᠮᠤᠭ ᠤᠨ ᠶᠡᠭᠡ ᠤᠴᠢᠷ ᠪᠤᠯᠭᠠᠨ ᠠᠳᠬᠤᠵᠤ ᠤᠯᠠᠨ ᠲᠦᠮᠡᠨ ᠢ ᠲᠠᠶᠢᠴᠢᠯᠠᠬᠤ ᠶᠢᠨ ᠬᠠᠮᠲᠤ ᠠᠷᠭ᠎ᠠ ᠪᠦᠬᠦᠨ ᠢ ᠰᠦᠪᠡᠭᠴᠢᠯᠡᠨ ᠪᠡᠯᠡ ᠮᠦᠡᠭᠭᠦ ᠬᠤᠷᠠᠮᠳᠤᠭᠤᠯᠵᠤ ᠮᠠᠯ ᠲᠠᠷᠢᠶᠠᠯᠠᠩ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠪᠠᠨ ᠨᠡᠮᠡᠭᠳᠡᠬᠦᠯᠦᠨ ᠬᠦᠭᠵᠢᠯᠲᠡ ᠶᠢᠨ ᠵᠠᠮ ᠢ ᠢᠳᠡᠪᠬᠢᠲᠠᠢ ᠡᠷᠢᠯᠬᠢᠯᠡᠭᠰᠡᠭᠡᠷ ᠢᠷᠡᠭᠰᠡᠨ ᠪᠠᠶᠢᠨ᠎ᠠ᠃ ᠨᠡᠩ ᠢᠯᠠᠩᠭᠤᠶ᠎ᠠ 2014 ᠤᠨ ᠠᠴᠠ ᠨᠠᠭᠠᠰᠢ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠱᠠᠭᠠᠷᠳᠠᠯᠭ᠎ᠠ ᠶᠤᠰᠤᠭᠠᠷ ᠰᠡᠴᠡᠨᠪᠠᠭᠠᠲᠤᠷ ᠴᠠᠭ ᠦᠶ᠎ᠡ ᠲᠠᠢ ᠲᠤᠬᠢᠷᠠᠭᠤᠯᠤᠨ ᠬᠦᠬᠡᠮᠠᠩᠬ᠎ᠠ ᠭᠠᠴᠠᠭᠠᠨ ᠤ ᠬᠦᠭᠵᠢᠯᠲᠡ ᠶᠢᠨ ᠲᠦᠯᠦᠪᠵᠢᠬᠦᠯᠭᠡ ᠶᠢ ᠲᠤᠭᠳᠠᠭᠠᠵᠤ ᠠᠵᠢᠯ ᠢᠶᠠᠨ ᠤᠷᠤᠭᠰᠢᠲᠠᠢ ᠠᠬᠢᠭᠤᠯᠵᠤ᠂ ᠭᠤᠷᠪᠠᠨ ᠵᠢᠯ ᠤᠨ ᠲᠤᠷᠰᠢ ᠬᠦᠬᠡᠮᠠᠩᠬ᠎ᠠ ᠭᠠᠴᠠᠭ᠎ᠠ ᠨᠢ ᠤᠷᠢᠳ ᠬᠤᠵᠢᠳ ᠨᠤᠷᠠᠬᠤ ᠠᠶᠤᠯᠲᠠᠢ ᠭᠡᠷ ᠪᠠᠶᠢᠰᠢᠩ ᠢ 97 ᠡᠷᠦᠬᠡ ᠦᠭᠡᠷᠡᠴᠢᠯᠠᠨ ᠵᠠᠰᠠᠵᠤ᠂ ᠦᠨᠳᠦᠷ ᠲᠠᠷᠤᠯᠲᠠᠲᠤ ᠴᠠᠬᠢᠯᠭᠠᠨ ᠤᠳᠠᠰᠤ ᠶᠢ 51ᠺᠢᠯᠤᠮᠧᠲᠷ᠂ ᠲᠤᠤᠷ᠎ᠠ ᠲᠠᠷᠤᠯᠲᠠᠲᠤ ᠴᠠᠬᠢᠯᠭᠠᠨ ᠤᠳᠠᠰᠤ ᠶᠢ 98 ᠺᠢᠯᠤᠮᠧᠲᠷ ᠲᠠᠳᠠᠨ᠂ ᠬᠦᠴᠦᠳᠡᠯ ᠦᠭᠡᠷᠡᠴᠢᠯᠡᠭᠴᠢ ᠶᠢ 26 ᠨᠡᠮᠡᠨ ᠤᠭᠰᠠᠷᠠᠵᠤ ᠴᠠᠬᠢᠯᠭᠠᠨ ᠨᠡᠪᠳᠡᠷᠡᠭᠰᠡᠨ ᠨᠤᠷᠮ᠎ᠠ ᠶᠢ 90% ᠳᠤ ᠬᠦᠷᠭᠡᠭᠰᠡᠨ ᠪᠠᠶᠢᠨ᠎ᠠ᠃ ᠬᠤᠷᠰᠢᠶ᠎ᠡ ᠳᠤ ᠬᠦᠷᠬᠦ ᠵᠠᠮ ᠢ 12.4 ᠺᠢᠯᠤᠮᠧᠲᠷ ᠵᠠᠰᠠᠵᠤ ᠠᠶᠤᠯᠬᠦᠢ ᠤᠰᠤ ᠤᠮᠳᠠ ᠶᠢᠨ ᠢᠨᠵᠧᠨᠧᠷᠢᠩ ᠢ 210 ᠡᠷᠦᠬᠡ ᠳᠤ ᠬᠡᠷᠡᠭᠵᠢᠬᠦᠯᠦᠨ ᠲᠤᠰᠬᠤᠨ ᠪᠦᠷᠢ ᠳᠤ ᠨᠡᠪᠳᠡᠷᠡᠬᠦ ᠷᠠᠳᠢᠣ᠋ ᠲᠧᠯᠸᠢᠰ ᠴᠢᠮᠡᠭᠡ ᠨᠡᠪᠳᠡᠷᠡᠯᠭᠡ ᠶᠢ ᠪᠦᠬᠦᠨ ᠢ ᠪᠦᠷᠬᠦᠬᠦᠯᠵᠠᠢ᠃ 80 ᠲᠡᠭᠰᠢ ᠲᠦᠷᠪᠡᠯᠵᠢᠨ ᠮᠧᠲᠷ ᠤᠨ ᠡᠷᠡᠬᠦᠯ ᠬᠠᠮᠠᠭᠠᠯᠠᠯ ᠤᠨ ᠲᠠᠰᠤᠭ ᠂ 160 ᠲᠡᠭᠰᠢ ᠲᠦᠷᠪᠡᠯᠵᠢᠨ ᠮᠧᠲᠷ ᠤᠨ ᠬᠤᠭᠤᠯᠠᠨ ᠭᠡᠷ᠂ 240 ᠲᠡᠭᠰᠢ ᠲᠦᠷᠪᠡᠯᠵᠢᠨ ᠮᠧᠲᠷ ᠤᠨ ᠪᠠᠶᠢᠷᠢ ᠶᠢᠨ ᠠᠰᠠᠷ᠂ 500 ᠲᠡᠭᠰᠢ ᠲᠦᠷᠪᠡᠯᠵᠢᠨ ᠮᠧᠲᠷ ᠤᠨ ᠠᠯᠪᠠᠯᠠᠬᠤ ᠠᠰᠠᠷ ᠢ ᠪᠠᠷᠢᠵᠤ ᠭᠠᠴᠠᠭᠠᠨ ᠤ ᠶᠡᠷᠦᠩᠬᠡᠢ ᠲᠦᠷᠢ ᠲᠦᠷᠬᠦ ᠶᠢ ᠰᠢᠨᠡᠳᠭᠡᠭᠰᠡᠨ ᠪᠠᠶᠢᠨ᠎ᠠ᠃      ᠭᠠᠴᠠᠭᠠᠨ ᠤ ᠠᠵᠢᠯ ᠭᠡᠵᠤ ᠦᠨᠡᠬᠡᠷ ᠬᠢᠭᠡᠳ ᠪᠠᠷᠠᠰᠢ ᠦᠭᠡᠢ ᠤᠯᠠᠨ ᠭᠡᠳᠡᠭ ᠢ ᠪᠢᠳᠠ ᠪᠦᠬᠦᠨ ᠪᠦᠷ ᠮᠡᠳᠡᠨ᠎ᠡ ᠂ ᠠᠶᠢᠯ ᠠᠶᠢᠯ ᠤᠨ ᠬᠤᠭᠤᠷᠤᠨᠲᠤ᠂ ᠰᠤᠮᠤ ᠭᠠᠴᠠᠭᠠᠨ ᠤ ᠬᠤᠭᠤᠷᠤᠨᠲᠤ ᠰᠡᠴᠡᠨᠪᠠᠭᠠᠳᠤᠷ ᠱᠦᠵᠢ ᠬᠡᠴᠢᠨᠡᠨ ᠤᠳᠠᠭ᠎ᠠ ᠲᠠᠪᠬᠢᠭᠤᠯᠤᠭᠰᠠᠨ ᠢ ᠳᠤᠭᠠᠯᠠᠭᠤᠶ᠎ᠠ ᠪᠡᠷᠭᠡ᠂ ᠶᠠᠭᠤ ᠴᠤ ᠬᠡᠰᠡᠨ ᠲᠤᠰᠢᠶᠠᠯ ᠳᠤ ᠭᠠᠷᠤᠭᠰᠠᠨ ᠤ ᠲᠠᠷᠠᠭ᠎ᠠ ᠨᠢᠭᠡᠨᠲᠡ ᠬᠤᠪᠢ ᠶᠢᠨ ᠮᠠᠰᠢᠨ ᠲᠡᠷᠭᠡ ᠶᠢ ᠬᠤᠶᠠᠷ ᠡᠯᠡᠬᠡᠵᠤ ᠭᠤᠷᠪᠠᠳᠡᠬᠢ ᠮᠠᠰᠢᠨ ᠢᠶᠠᠨ ᠠᠪᠤᠭᠰᠠᠨ ᠪᠠᠶᠢᠪᠠ᠃ ᠬᠡᠳᠦ᠋ᠢᠪᠡᠷ ᠡᠶᠢᠮᠦ ᠰᠢᠷᠭᠠᠭᠤ ᠬᠠᠳᠠᠭᠤᠵᠢᠯᠲᠠᠢ ᠪᠤᠯᠪᠠᠴᠤ ᠲᠡᠷᠡ ᠬᠡᠵᠢᠶᠠᠳᠡ ᠪᠠᠨ ᠰᠡᠳᠬᠢᠯ ᠪᠠᠶᠠᠰᠴᠤ ᠶᠠᠪᠤᠳᠠᠭ᠂ ᠮᠠᠯᠴᠢᠳ ᠤᠨ ᠲᠦᠯᠦᠭᠡ ᠦᠢᠯᠡᠴᠢᠯᠡᠬᠦ ᠨᠢ ᠨᠢᠭᠡᠨᠲᠡ ᠲᠡᠭᠦᠨ ᠤ ᠬᠠᠮᠤᠭ ᠤᠨ ᠶᠡᠭᠡ ᠵᠤᠯ ᠵᠢᠷᠭᠠᠯ ᠪᠤᠯᠤᠭᠰᠠᠨ ᠶᠤᠮ᠃ ᠲᠡᠷᠡ ᠪᠤᠯ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠤᠨ᠎ᠠ᠂ ᠮᠠᠯᠴᠢᠨ ᠲᠦᠮᠡᠨ ᠳᠤ ᠪᠠᠨ ᠦᠢᠯᠡᠴᠢᠯᠡᠬᠦ ᠪᠠᠷ ᠪᠠᠷᠠᠬᠤ ᠦᠭᠡᠢ ᠤᠷᠢᠳ ᠬᠤᠵᠢᠳ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠠᠷᠠᠳ ᠤᠨ ᠲᠦᠯᠦᠭᠡᠯᠡᠭᠴᠢ ᠵᠡᠷᠭᠡ ᠲᠤᠰᠢᠶᠠᠯ ᠢ ᠬᠠᠷᠢᠭᠤᠴᠠᠵᠤ ᠠᠷᠠᠳ ᠤᠨ ᠬᠦᠰᠡᠯ ᠱᠠᠭᠠᠷᠳᠠᠯᠭ᠎ᠠ ᠶᠢ ᠲᠡᠭᠡᠷ᠎ᠡ ᠱᠠᠲᠤᠨ ᠳᠤ ᠲᠠᠮᠵᠢᠭᠤᠯᠬᠤ ᠶᠢᠨ ᠬᠠᠮᠲᠤ ᠬᠤᠰᠢᠭᠤ ᠨᠠᠮ ᠵᠠᠰᠠᠭ ᠤᠨ ᠪᠤᠳᠤᠯᠭ᠎ᠠ ᠲᠤᠭᠳᠠᠭᠠᠬᠤ ᠳᠤ ᠦᠪᠡᠷ ᠤᠨ ᠬᠦᠴᠦᠨ ᠴᠢᠳᠠᠯ ᠢᠶᠠᠨ ᠡᠷᠬᠦᠭᠰᠡᠭᠡᠷ ᠢᠷᠡᠭᠰᠡᠨ ᠶᠤᠮ᠃      ᠵᠤᠷᠢᠭ ᠬᠡᠵᠦ ᠰᠡᠳᠬᠢᠯ ᠤᠨ ᠤᠷᠬᠢᠯ ᠴᠤ ᠪᠢᠯᠢᠤ᠂ ᠡᠰᠡᠬᠦᠯ᠎ᠠ ᠵᠤᠷᠢᠬᠰᠡᠨ ᠤᠢᠢᠯᠡᠰ ᠤᠨ ᠢᠶᠠᠨ ᠲᠦᠯᠦᠭᠡ ᠤᠢᠢᠭ᠎ᠠ ᠦᠭᠡᠢ ᠵᠢᠳᠬᠦᠬᠦ ᠲᠠᠯᠳᠠ ᠬᠦᠴᠤᠨ ᠤ ᠡᠬᠢ ᠰᠤᠷᠪᠤᠯᠵᠢ ᠪᠠᠶᠢᠪᠠᠤ᠃ ᠰᠡᠴᠡᠨᠪᠠᠭᠠᠲᠤᠷ ᠤᠬᠠᠭᠠᠨ ᠬᠦᠴᠤ ᠤᠶᠤᠨ ᠴᠢᠳᠠᠯ ᠢᠶᠠᠷ ᠢᠶᠠᠨ ᠬᠦᠭᠡᠮᠠᠩᠬ᠎ᠠ ᠭᠠᠴᠠᠭᠠᠨ ᠤ ᠴᠢᠨᠡᠭᠡᠯᠢᠭᠵᠢᠯ ᠤᠨ ᠵᠠᠮ ᠢ ᠨᠡᠭᠡᠭᠡᠵᠤ᠂ ᠦᠪᠡᠷ ᠤᠨ ᠰᠢᠷᠭᠠᠭᠤ ᠬᠦᠳᠡᠯᠮᠤᠷᠢ ᠬᠠᠳᠠᠭᠤ ᠴᠢᠷᠮᠠᠶᠢᠯᠭ᠎ᠠ ᠪᠠᠷ ᠢᠶᠠᠨ ᠱᠦᠵᠢ ᠶᠢᠨ ᠡᠬᠦᠷᠬᠡ ᠬᠠᠷᠢᠭᠤᠴᠠᠯᠭ᠎ᠠ ᠪᠠᠨ ᠨᠢᠮᠪᠠᠢ ᠭᠦᠢᠴᠡᠳᠭᠡᠭᠰᠡᠭᠡᠷ
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号