ᠴᠠᠭᠠᠨᠰᠦ᠋ᠮ᠎ᠡ ᠭᠠᠴᠠᠭ᠎ᠠ ᠠᠩᠬᠠᠳᠤᠭᠠᠷ ᠬᠤᠭᠤᠴᠠᠭᠠᠨ ᠤ ᠮᠠᠯᠴᠢᠳ ᠤᠨ ᠨᠠᠭᠠᠳᠤᠮ ᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-07-30
     ︽ᠦᠭᠡᠷᠡᠴᠢᠯᠡᠯᠳᠡ ᠨᠡᠭᠡᠭᠡᠯᠳᠡ ᠬᠢᠭᠰᠡᠨ ᠲᠦᠴᠢᠨ ᠵᠢᠯ ᠤᠨ ᠣᠢ︾ ᠶᠢ ᠲᠤᠬᠢᠶᠠᠯᠳᠤᠭᠤᠯᠤᠨ ᠥᠥᠰᠢᠨᠵᠦᠦ ᠪᠠᠯᠭᠠᠰᠤᠨ ᠤ ᠴᠠᠭᠠᠨᠰᠥ᠋ᠮ᠎ᠡ ᠭᠠᠴᠠᠭ᠎ᠠ ᠠᠩᠬᠠᠳᠤᠭᠠᠷ ᠬᠤᠭᠤᠴᠠᠭᠠᠨ ᠤ ᠮᠠᠯᠴᠢᠳ ᠤᠨ ᠨᠠᠭᠠᠳᠤᠮ ᠢ ᠡᠷᠬᠢᠯᠡᠨ ᠬᠢᠵᠦ ᠮᠠᠯᠴᠢᠨ ᠲᠦᠮᠡᠨ ᠢᠶᠠᠨ ᠪᠠᠶᠠᠰᠬᠠᠭᠰᠠᠨ ᠤ ᠬᠠᠮᠳᠤ ᠥᠭᠡᠷᠡᠴᠢᠯᠡᠯᠲᠡ ᠨᠡᠭᠡᠭᠡᠯᠳᠡ ᠬᠢᠭᠰᠡᠨ ᠲᠦᠴᠢᠨ ᠵᠢᠯ ᠤᠨ ᠲᠤᠷᠰᠢᠭᠢ ᠭᠠᠴᠠᠭᠠᠨ ᠤ ᠬᠦᠭᠵᠢᠯ ᠬᠤᠪᠢᠷᠠᠯ ᠢ ᠮᠠᠯᠴᠢᠨ ᠲᠦᠮᠡᠨ ᠳᠤ ᠪᠠᠨ ᠬᠠᠷᠠᠭᠤᠯᠤᠭᠰᠠᠨ ᠪᠠᠶᠢᠨ᠎ᠠ᠃      ᠨᠠᠭᠠᠳᠤᠮ ᠳᠤ ᠤᠯᠣᠰ ᠤᠨ ᠲᠤᠭ ᠤᠨ ᠡᠩᠨᠡᠭᠡ᠂ ᠰᠤᠷ ᠬᠠᠷᠪᠤᠯᠲᠠ ᠶᠢᠨ ᠡᠩᠨᠡᠭᠡ᠂ ᠪᠥᠭᠡ ᠶᠢᠨ ᠡᠩᠨᠡᠭᠡ᠂ ᠵᠢᠷᠤᠭ᠎ᠠ ᠮᠣᠷᠢᠨ ᠤ ᠡᠩᠨᠡᠭᠡ ᠪᠤᠯᠤᠨ ᠡᠯ᠎ᠡ ᠮᠠᠯᠵᠢᠯ ᠤᠨ ᠬᠤᠷᠰᠢᠶᠠᠨ ᠤ ᠲᠥᠯᠦᠭᠡᠯᠡᠭᠴᠢᠳ ᠤᠨ ᠡᠩᠨᠡᠭᠡ ᠲᠠᠯᠠᠪᠠᠢ ᠳᠤ ᠤᠷᠤᠵᠤ ᠵᠢᠭᠰᠠᠭᠠᠯ ᠶᠠᠪᠤᠨ᠂ ᠬᠤᠰᠢᠭᠤ ᠤᠯᠠᠭᠠᠨᠮᠦ᠋ᠴᠢᠷ ᠠᠴᠠ ᠳᠠᠭᠤᠤ ᠪᠦᠵᠢᠭ ᠤᠨ ᠤᠷᠠᠨ ᠰᠠᠶᠢᠬᠠᠨ ᠤ ᠲᠤᠭᠯᠠᠯᠲᠠ ᠭᠠᠷᠭᠠᠨ ᠮᠠᠯᠴᠢᠨ ᠲᠦᠮᠡᠨ ᠢᠶᠠᠨ ᠪᠠᠶᠠᠰᠬᠠᠭᠰᠠᠨ ᠪᠠᠶᠢᠨ᠎ᠠ᠃      ᠡᠬᠢᠯᠡᠯᠳᠡ ᠶᠢᠨ ᠶᠤᠰᠤᠯᠠᠯ ᠳᠡᠭᠡᠷ᠎ᠡ ᠭᠠᠴᠠᠭᠠᠨ ᠤ ᠲᠠᠷᠢᠭᠦᠨ ᠤ ᠮᠠᠯᠴᠢᠡ᠂ ᠵᠢᠱᠢᠶᠠᠴᠢ ᠤᠶᠢᠵᠢᠭᠤᠯᠤᠭᠴᠢ ᠵᠡᠷᠭᠡ ᠶᠢ ᠱᠠᠩᠨᠠᠨ ᠬᠦᠬᠢᠬᠦᠯᠵᠦ᠂ ᠨᠠᠶᠠᠨ ᠨᠠᠰᠣᠨ ᠠᠴᠠ ᠳᠡᠭᠡᠭᠰᠢᠭᠢ ᠦᠨᠳᠤᠷ ᠨᠠᠰᠤᠳᠠᠶᠢᠴᠤᠳ ᠢ ᠪᠣᠯᠭᠤᠭᠠᠨ ᠲᠤᠬᠤᠨᠢᠭᠤᠯᠬᠤ ᠠᠵᠢᠯᠯᠠᠭ᠎ᠠ ᠶᠢ ᠶᠠᠪᠤᠭᠳᠠᠭᠤᠯᠵᠠᠢ᠃      ᠦᠭᠡᠷᠡᠴᠢᠯᠡᠯᠳᠡ ᠨᠡᠭᠡᠭᠡᠯᠳᠡ ᠬᠢᠭᠰᠡᠨ ᠲᠦᠴᠢᠨ ᠵᠢᠯ ᠤᠨ ᠲᠤᠷᠰᠢ ᠴᠠᠭᠠᠨᠰᠥ᠋ᠮ᠎ᠠ ᠭᠠᠴᠠᠭ᠎ᠠ ᠨᠢ ᠠᠵᠤ ᠠᠬᠤᠢ ᠶᠢᠨ ᠪᠦᠳᠤᠴᠠ ᠳᠤ ᠪᠠᠨ ᠲᠤᠬᠢᠷᠠᠭᠤᠯᠤᠯᠳᠠ ᠬᠢᠵᠦ ᠲᠠᠷᠢᠶᠠᠯᠠᠩ ᠤᠨ ᠮᠠᠰᠢᠨ ᠤ ᠬᠤᠷᠰᠢᠶᠠᠵᠢᠯ  ᠂ ᠲᠡᠵᠢᠭᠡᠨ ᠦᠷᠡᠵᠢᠭᠦᠯᠬᠦ ᠬᠤᠷᠰᠢᠶᠠᠵᠢᠯ  ᠂ ᠴᠠᠭᠠᠨ ᠢᠳᠡᠭᠡᠨ ᠤ ᠨᠠᠷᠢᠯᠢᠭ ᠪᠤᠯᠪᠠᠰᠤᠷᠠᠭᠤᠯᠤᠯᠲᠠ᠂ ᠡᠯᠧᠺᠲᠷᠤᠨ ᠬᠤᠳᠠᠯᠳᠤᠭ᠎ᠠ᠂ ᠮᠠᠯᠴᠢᠨ ᠠᠶᠢᠯ ᠤᠨ ᠵᠤᠴᠢᠯᠠᠭ᠎ᠠ ᠵᠡᠷᠭᠡ ᠠᠵᠤ ᠦᠢᠯᠡᠰ ᠢ ᠬᠦᠭᠵᠢᠭᠦᠯᠵᠦ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠵᠢᠯ ᠢ ᠰᠠᠶᠢᠳᠤᠷ ᠬᠢᠵᠦ᠂ ᠠᠷᠡᠳ ᠲᠦᠮᠡᠨ ᠢ ᠪᠠᠶᠠᠵᠢᠯ ᠤᠨ ᠵᠠᠮ ᠤᠷᠤᠭᠤ ᠲᠠᠶᠢᠴᠢᠯᠠᠭᠰᠠᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号