ᠰᠢᠨᠬᠤᠸᠠ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠤᠪᠢᠶᠠᠷᠢ ᠬᠤᠷᠢᠶᠠᠨ ᠤ ᠳᠠᠷᠤᠭ᠎ᠠ ᠵᠠᠩ ᠪᠣᠤ ᠶᠢᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2018-07-30
     7 ᠰᠠᠷ᠎ᠠ ᠶᠢᠨ 21 ᠤ ᠡᠳᠤᠷ ᠰᠢᠨᠬᠤᠸᠠ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠤᠪᠢᠶᠠᠷᠢ ᠬᠤᠷᠢᠶᠠᠨ ᠤ ᠳᠠᠷᠤᠭ᠎ᠠ ᠵᠠᠩ ᠪᠣᠤ ᠶᠢᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠳᠠ ᠬᠢᠬᠦ ᠶᠢᠨ  ᠬᠠᠮᠲᠤ ᠬᠤᠯᠪᠣᠭᠳᠠᠯ ᠪᠦᠬᠦᠢ ᠠᠵᠢᠯ ᠳᠤ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ  ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠥᠩ ᠹᠧᠩ ᠪᠠᠷᠠᠳᠠᠨ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃
     ᠠᠮᠢ ᠠᠬᠤᠢ ᠣᠷᠴᠢᠨ ᠲᠣᠭᠤᠷᠢᠨ ᠤ ᠵᠠᠰᠠᠯᠲᠠ᠂ ᠥᠨᠳᠥᠰᠥᠳᠡᠨ ᠤ ᠰᠣᠶᠣᠯ ᠰᠤᠷᠭᠠᠨ ᠬᠥᠮᠥᠵᠢᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ ᠶᠢᠨ ᠲᠣᠭᠤᠷᠢᠨ ᠳᠤ ᠵᠠᠩ ᠪᠣᠥ ᠶᠢᠨ ᠨᠠᠷ ᠭᠠᠯᠠᠭᠤᠲᠤ ᠪᠠᠯᠭᠠᠰᠤᠨ ᠤ ᠷᠠᠰᠢᠶᠠᠨ ᠲᠣᠬᠤᠢ ᠲᠣᠰᠬᠤᠨ ᠤ ᠲᠠᠷᠢᠶᠠᠯᠠᠩ ᠤᠨ ᠶᠡᠷᠦᠩᠬᠡᠢ ᠴᠣᠭᠴᠠᠵᠢᠭᠤᠯᠤᠯᠲᠠ᠂ ᠲᠤᠭ ᠪᠠᠯᠭᠠᠰᠤᠨ ᠤ ᠴᠡᠴᠡᠷᠯᠢᠭ ᠪᠠ ᠪᠠᠶᠠᠨᠨᠠᠭᠤᠷ ᠤᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠵᠡᠷᠭᠡ ᠭᠠᠵᠠᠷ ᠢᠶᠠᠷ ᠬᠦᠷᠴᠤ ᠨᠠᠷᠢᠨ ᠪᠠᠶᠢᠴᠠᠭᠠᠯᠲᠠ ᠬᠢᠵᠤ᠂ ᠬᠤᠯᠪᠣᠭᠳᠠᠯ ᠪᠦᠬᠦᠢ ᠬᠥᠮᠥᠰ ᠲᠠᠢ ᠰᠠᠨᠠᠯ ᠰᠠᠨᠠᠭᠤᠯᠭ᠎ᠠ ᠪᠠᠨ ᠰᠣᠯᠢᠯᠴᠠᠭᠰᠠᠨ ᠪᠠᠶᠢᠨ᠎ᠠ᠃      ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠢᠯᠡᠷᠬᠡᠶᠢᠯᠡᠬᠦ ᠳᠤ ᠪᠠᠨ ᠥᠤᠰᠢᠨ ᠬᠤᠰᠢᠭᠤᠨ ᠤ  ᠵᠢᠭᠤᠯᠴᠢᠯᠠᠯ  ᠤᠨ ᠡᠬᠢ ᠪᠠᠶᠠᠯᠢᠭ ᠡᠯᠪᠡᠭ᠂ ᠪᠠᠶᠢᠭᠠᠯᠢ ᠶᠢᠨ ᠦᠵᠡᠮᠵᠢ ᠭᠤᠶᠢᠳᠠ ᠰᠠᠶᠢᠬᠠᠨ ᠪᠠᠶᠢᠵᠤ᠂ ᠣᠶᠢᠷ᠎ᠠ ᠶᠢᠨ ᠵᠢᠯ ᠳᠤ ᠦᠵᠡᠰᠬᠦᠯᠡᠩᠲᠦ ᠬᠥᠳᠡᠭᠡ ᠲᠣᠰᠬᠤᠨ ᠪᠠ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠬᠤᠶᠠᠷ ᠶᠡᠭᠡ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠪᠠᠶᠢᠭᠠᠯᠢ ᠶᠢᠨ ᠦᠵᠡᠮᠵᠢ᠂ ᠥᠨᠳᠤᠰᠤᠲᠠᠨ ᠤ ᠵᠠᠩ ᠦᠢᠯᠡ ᠪᠠ ᠲᠡᠤᠬᠡ ᠰᠣᠶᠣᠯ ᠭᠤᠷᠪᠠ ᠪᠠᠷ ᠵᠢᠭᠤᠯᠴᠢᠯᠠᠯ ᠤᠨ ᠭᠤᠣᠯ ᠰᠡᠳᠤᠪ ᠢᠶᠠᠨ ᠪᠣᠯᠭᠠᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠦᠳᠡᠯᠭᠡᠭᠴᠢ ᠬᠦᠴᠦᠨ ᠬᠠᠩᠭᠠᠭᠰᠠᠨ ᠪᠠᠶᠢᠨ᠎ᠠ᠃ ᠢᠷᠡᠭᠡᠳᠤᠢ ᠶᠢᠨ ᠬᠥᠭᠵᠢᠯᠲᠡ ᠳᠤᠮᠳᠠ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠨᠡᠭᠡᠭᠡᠨ ᠠᠰᠢᠭᠯᠠᠬᠤ ᠶᠠᠪᠤᠴᠠ ᠳᠤ ᠨᠢᠭᠡ ᠲᠠᠯ᠎ᠠ ᠪᠠᠷ ᠪᠠᠶᠢᠭᠠᠯᠢ ᠠᠮᠢ ᠠᠬᠤᠢ ᠶᠢᠨ ᠰᠢᠰᠲ᠋ᠧᠮ ᠮᠠᠭᠤᠳᠠᠬᠤ ᠶᠢ ᠰᠡᠷᠭᠡᠶᠢᠯᠡᠨ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠦᠭᠡᠢ ᠤᠷᠢᠳᠠᠯ ᠳᠣᠣᠷ᠎ᠠ ᠵᠢᠭᠤᠯᠴᠢᠯᠠᠯ ᠤᠨ ᠦᠢᠯᠡᠰ ᠢ ᠬᠥᠭᠵᠢᠭᠦᠯᠥᠨ᠂ ᠵᠢᠭᠤᠯᠴᠢᠯᠠᠯ ᠤᠨ ᠨᠡᠭᠡᠭᠡᠯᠲᠡ ᠪᠠ ᠠᠮᠢ ᠠᠬᠤᠢ ᠶᠢᠨ ᠵᠠᠰᠠᠯᠲᠠ ᠶᠢ ᠤᠶᠠᠯᠳᠤᠭᠤᠯᠤᠨ ᠡᠯᠡᠰᠤᠨ ᠤ ᠵᠠᠰᠠᠯᠲᠠ ᠶᠢ ᠵᠢᠭᠤᠯᠴᠢᠯᠠᠯ ᠤᠨ ᠨᠡᠭᠡᠭᠡᠯᠲᠡ ᠳᠤᠮᠳᠠ ᠣᠷᠣᠭᠤᠯᠣᠨ ᠠᠪᠴᠢᠷᠠᠵᠤ᠂ ᠠᠵᠤ ᠠᠬᠤᠢ ᠶᠢᠨ ᠥᠷ᠎ᠡ ᠠᠰᠢᠭ ᠪᠠ ᠨᠡᠶᠢᠭᠡᠮ ᠤᠨ ᠥᠷ᠎ᠡ ᠠᠰᠢᠭ ᠢ ᠴᠤᠭ ᠲᠤ ᠨᠢ ᠪᠡᠶᠡᠯᠡᠭᠦᠯᠬᠦ ᠬᠡᠷᠡᠭᠲᠡᠢ᠃ ᠨᠥᠭᠦᠭᠡ ᠲᠠᠯ᠎ᠠ ᠪᠠᠷ᠂ ᠮᠣᠩᠭᠤᠯ ᠥᠨᠳᠦᠰᠦᠳᠡᠨ ᠤ ᠤᠯᠠᠮᠵᠢᠯᠠᠯᠲᠤ ᠰᠣᠶᠣᠯ  ᠢ ᠴᠢᠬᠤᠯᠠᠴᠢᠯᠠᠨ ᠵᠢᠭᠤᠯᠴᠢᠯᠠᠯ ᠤᠨ ᠨᠡᠭᠡᠭᠡᠯᠲᠡ᠂ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ᠂ ᠶᠠᠳᠠᠭᠤ ᠶᠢ ᠲᠡᠳᠬᠦᠨ ᠪᠣᠭᠤᠮᠲᠠ ᠰᠢᠪᠲᠤᠯᠬᠤ ᠠᠵᠢᠯ ᠤᠨ ᠳᠤᠮᠳᠠ ᠮᠣᠩᠭᠤᠯ ᠥᠨᠳᠥᠰᠦᠲᠡᠨ ᠤ ᠰᠣᠶᠣᠯ ᠤᠨ ᠤᠯᠠᠮᠵᠢᠯᠠᠯ ᠢ ᠪᠠᠲᠤᠯᠠᠬᠤ ᠪᠠᠷ ᠪᠠᠷᠠᠬᠤ ᠦᠭᠡᠢ ᠮᠠᠯᠴᠢᠨ ᠲᠠᠷᠢᠶᠠᠴᠢᠳ ᠤᠨ ᠥᠷ᠎ᠡ ᠬᠡᠥᠬᠡᠳ ᠰᠤᠷᠭᠠᠭᠤᠯᠢ ᠳᠤ ᠣᠷᠣᠨ ᠬᠥᠮᠥᠵᠢᠯ ᠬᠦᠷᠳᠡᠵᠦ᠂ ᠰᠤᠷᠭᠠᠨ ᠬᠥᠮᠥᠵᠢᠯ ᠤᠨ ᠠᠵᠢᠯ ᠤᠨ ᠬᠥᠭᠵᠢᠯᠲᠡ ᠶᠢ ᠪᠡᠶᠡᠯᠡᠭᠦᠯᠬᠦ ᠶᠢᠨ ᠵᠡᠷᠭᠡᠪᠡᠷ ᠦᠨᠳᠦᠰᠦᠨ ᠱᠠᠲᠤᠨ  ᠤ ᠰᠤᠷᠭᠠᠨ ᠬᠥᠮᠥᠵᠢᠯ ᠪᠣᠯᠣᠨ ᠶᠠᠳᠠᠭᠤ ᠬᠦᠴᠢᠷᠳᠡᠯᠲᠡᠢ ᠣᠷᠣᠨ ᠤ ᠰᠤᠷᠭᠠᠨ ᠬᠥᠮᠥᠵᠢᠯ ᠢ ᠢᠯᠡᠭᠦᠬᠡᠨ ᠬᠠᠷᠠᠭᠠᠯᠵᠠᠨ ᠂ ᠮᠣᠩᠭᠤᠯ ᠥᠨᠳᠥᠰᠦᠲᠡᠨ ᠤ ᠰᠣᠶᠣᠯ ᠲᠡᠥᠬᠡ ᠪᠠ ᠰᠣᠩᠭᠤᠳᠠᠭ ᠰᠤᠳᠤᠨ ᠪᠦᠲᠦᠬᠡᠯ ᠢ ᠰᠠᠶᠢᠳᠤᠷ ᠬᠠᠮᠠᠭᠠᠯᠠᠨ ᠴᠠᠭ ᠦᠶ᠎ᠡ ᠲᠠᠢ ᠵᠡᠷᠭᠡᠪᠡᠷ ᠣᠷᠣᠭᠰᠢᠯᠠᠬᠤ ᠶᠢ ᠪᠠᠲᠤᠯᠠᠬᠤ ᠬᠡᠷᠡᠭᠲᠡᠢ ᠭᠡᠵᠡᠢ᠃
     ᠡᠷᠳᠡᠨᠢᠪᠢᠯᠢᠭ ᠵᠢᠭᠠᠬᠤ ᠳᠤ ᠪᠠᠨ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠦᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ᠂ ᠥᠨᠳᠦᠰᠦᠳᠡᠨ ᠤ ᠰᠣᠶᠣᠯ ᠰᠤᠷᠭᠠᠨ ᠬᠥᠮᠥᠵᠢᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ ᠪᠣᠯ ᠶᠡᠷᠥᠩᠬᠡᠢ ᠱᠦᠵᠢ ᠶᠢᠨ ᠶᠠᠷᠢᠶᠠᠨ ᠤ ᠭᠤᠣᠯᠳᠠᠯᠭ᠎ᠠ ᠪᠣᠯᠣᠨ᠎ᠠ᠃ ᠣᠳᠣᠬᠠᠨ ᠳᠤ ᠬᠤᠲᠠ ᠠᠴᠠ ᠪᠦᠬᠦ  ᠣᠷᠣᠨ ᠪᠦᠰᠡ ᠶᠢᠨ ᠵᠢᠭᠤᠯᠴᠢᠯᠠᠯ ᠤᠨ ᠳᠠᠭᠤᠷᠢᠶᠠᠯ ᠣᠷᠣᠨ ᠢ ᠪᠦᠲᠦᠭᠡᠨ ᠪᠠᠶᠢᠭᠤᠯᠵᠤ ᠪᠠᠶᠢᠭ᠎ᠠ ᠪᠠᠶᠢᠳᠠᠯ ᠤᠨ ᠲᠣᠭᠤᠷᠢᠨ ᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ ᠬᠥᠳᠡᠯᠦᠯᠴᠡᠵᠦ᠂ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠤᠯᠬᠤ᠂ ᠰᠣᠶᠣᠯ ᠤᠨ ᠬᠠᠮᠠᠭᠠᠯᠠᠯᠲᠠ᠂ ᠠᠮᠢ ᠠᠬᠤᠢ ᠶᠢᠨ ᠵᠠᠰᠠᠯᠲᠠ ᠪᠠ ᠠᠵᠤ ᠦᠢᠯᠡᠰ ᠤᠨ ᠳᠡᠰ ᠳᠠᠪᠰᠢᠯᠲᠠ ᠶᠢ ᠣᠷᠭᠠᠨᠢᠭ ᠢᠶᠠᠷ ᠤᠶᠠᠯᠳᠤᠭᠤᠯᠤᠨ ᠵᠢᠭᠤᠯᠴᠢᠯᠠᠯ ᠢ ᠪᠥᠬᠦ ᠬᠤᠰᠢᠭᠤᠨ ᠤ ᠠᠵᠤ ᠠᠬᠤᠢ ᠶᠢ ᠬᠥᠭᠵᠢᠬᠦᠯᠬᠦ ᠰᠢᠨ᠎ᠡ ᠬᠦᠳᠡᠯᠭᠡᠭᠴᠢ ᠬᠥᠴᠦᠨ ᠪᠣᠯᠭᠠᠬᠤ ᠪᠠᠷ ᠪᠠᠷᠠᠬᠤ ᠦᠭᠡᠢ ᠮᠠᠯᠴᠢᠨ ᠲᠠᠷᠢᠶᠠᠴᠢᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠨᠠᠶᠢᠳᠠᠪᠤᠷᠢᠲᠠᠢ ᠦᠰᠦᠷᠦᠯᠲᠡ ᠶᠢᠨ ᠴᠡᠭ ᠪᠣᠯᠭᠠᠵᠤ᠂ ᠠᠷᠠᠳ ᠲᠦᠮᠡᠨ ᠤ ᠤᠴᠢᠷ ᠶᠠᠪᠤᠳᠠᠯ ᠢ ᠦᠨᠡᠨᠬᠦ ᠰᠠᠨᠠᠭᠠᠨ ᠳᠤ ᠪᠠᠨ ᠠᠪᠴᠤ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠥᠤᠰᠢᠨ ᠬᠤᠰᠢᠭᠤ ᠨᠢ ᠬᠥᠬᠡᠬᠤᠲᠠ᠂ ᠪᠣᠭᠤᠲᠣ᠂ ᠢᠷᠭᠠᠢ᠂ ᠲᠡᠮᠡᠭᠡᠲᠤ ᠵᠡᠷᠭᠡ ᠠᠵᠤ ᠠᠬᠤᠢ ᠶᠢᠨ ᠣᠷᠣᠨ ᠤ ᠣᠨᠴᠠᠭᠠᠢ ᠨᠥᠬᠦᠴᠡᠯ ᠪᠤᠯᠤᠨ ᠵᠥᠩ ᠲᠢᠶᠡᠨ ᠾᠧ ᠴᠤᠸᠠᠩ ᠺᠤᠮᠫᠠᠨᠢ᠂ ᠵᠥᠩ ᠮᠧᠢ ᠪᠦᠯᠦᠭᠯᠡᠯ ᠬᠤᠶᠠᠷ ᠲᠣᠮᠣ ᠠᠵᠤ ᠠᠬᠤᠶᠢᠯᠠᠯ ᠤᠨ ᠳᠠᠪᠠᠭᠤ ᠨᠥᠬᠦᠴᠡᠯ ᠢ ᠭᠦᠢᠴᠡᠳ ᠠᠰᠢᠭᠯᠠᠵᠤ᠂ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠦᠢᠯᠡᠳᠪᠦᠷᠢ ᠶᠢᠨ ᠣᠷᠣᠨ ᠤ ᠬᠦᠴᠢᠷ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠥᠨᠳᠥᠷ ᠬᠢᠷᠢ ᠳᠥᠪᠰᠢᠨ ᠲᠠᠢ ᠴᠢᠳᠠᠪᠦᠷᠢᠲᠠᠨ  ᠥᠤᠰᠢᠨ ᠳᠤ ᠢᠷᠡᠵᠦ᠂ ᠦᠦᠰᠢᠨ ᠳᠤ ᠰᠠᠭᠤᠷᠢᠰᠢᠬᠤ ᠳᠤ ᠨᠥᠬᠦᠴᠡᠯ ᠬᠠᠩᠭᠠᠬᠤ ᠬᠡᠷᠡᠭᠲᠡᠢ᠃ ᠵᠢᠭᠤᠯᠴᠢᠯᠠᠯ ᠤᠨ ᠤᠬᠠᠭᠤᠯᠭ᠎ᠠ ᠪᠤᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠨ ᠬᠢᠵᠦ᠂ ᠭᠠᠳᠠᠷ ᠣᠷᠣᠨ ᠤ ᠵᠢᠭᠤᠯᠴᠢᠯᠠᠭᠴᠢᠳ ᠪᠤᠯᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠮᠣᠩᠭᠤᠯ ᠥᠨᠳᠦᠰᠦᠲᠡᠨ ᠤ ᠰᠣᠶᠣᠯ ᠪᠠ ᠥᠤᠰᠢᠨ ᠤ ᠨᠡᠷᠡᠲᠤ ᠲᠡᠮᠳᠡᠭᠲᠦ ᠶᠢ ᠤᠬᠠᠭᠤᠯᠬᠤ ᠬᠡᠷᠡᠭᠲᠡᠢ᠃ ᠡᠯ᠎ᠡ ᠭᠠᠵᠠᠷ ᠡᠯ᠎ᠠ ᠰᠠᠯᠠᠭ᠎ᠠ ᠮᠥᠴᠢᠷ ᠤᠨ ᠬᠢᠨ ᠲᠥᠪ᠂ ᠣᠷᠣᠨ᠂ ᠬᠤᠲᠠ᠂ ᠬᠤᠰᠢᠭᠤᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠦᠨ ᠰᠡᠳᠬᠢᠯ ᠢᠶᠠᠨ ᠨᠢᠭᠡᠳᠦᠭᠦᠯᠦᠨ ᠬᠦᠴᠦᠨ ᠢᠶᠠᠨ ᠬᠠᠮᠲᠤᠳᠬᠠᠵᠤ᠂ ᠥᠤᠰᠢᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠳᠡ ᠶᠢᠨ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号