ᠣᠶᠢᠷ᠎ᠠ ᠳᠤ ᠬᠤᠲᠠ ᠶᠢᠨ ᠳᠡᠳ᠋ ᠳᠠᠷᠤᠭ᠎ᠠ ᠯᠢ ᠸᠧᠨ ᠵᠦᠩ ᠮᠠᠨ ᠤ ᠬᠤᠰᠢᠭᠤᠨ ᠳᠤ ᠢᠷᠡᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠥᠷᠨᠢᠭᠦᠯᠦᠭᠳᠡᠵᠦ ᠪᠠᠶᠢᠭ᠎ᠠ ᠪᠠᠶᠢᠳᠠᠯ ᠤᠨ ᠲᠤᠬᠠᠢ ᠶᠢᠨ ᠲᠠᠯᠠᠪᠤᠷ ᠲᠤ | ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ | ᠨᠠᠮ ᠶᠢᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ | ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠤᠳᠤᠷᠢᠳᠤᠯᠭ᠎ᠠ ᠵᠸᠦ ᠱᠤᠸᠠᠢ᠂ | ᠶᠠᠩ ᠵᠦᠩ ᠬᠤᠩ᠂ ᠮᠦᠩᠭᠦᠨ ᠨᠠᠷ ᠪᠠᠷᠠᠳᠠᠨ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠣᠳᠣᠯᠣᠯᠲᠠ ᠳᠤ ᠯᠢ ᠸᠧᠨ ᠵᠦᠩ ᠨᠠᠷ ᠵᠦᠩ ᠲᠢᠶᠠᠨ ᠾᠧ ᠴᠤᠸᠠᠩ ᠺᠤᠮᠫᠠᠨᠢ ᠶᠢᠨ | ᠬᠤᠯᠤᠰᠤ ᠨᠡᠭᠦᠷᠡᠰᠦᠨ ᠠᠭᠤᠷᠬᠠᠢ᠂ ᠵᠦᠩ ᠲᠢᠶᠠᠨ ᠾᠧ ᠴᠤᠸᠠᠩ ᠺᠤᠮᠫᠠᠨᠢ ᠶᠢᠨ ᠠᠭᠤᠷᠬᠠᠢ ᠶᠢᠨ ᠤᠰᠤ ᠶᠢ | ᠨᠠᠷᠢᠯᠢᠭ ᠰᠢᠢᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠮᠥᠩᠬᠡᠴᠢᠨ | ᠨᠡᠭᠦᠷᠡᠰᠦᠨ ᠠᠭᠤᠷᠬᠠᠢ ᠪᠣᠯᠣᠨ ᠵᠦᠩ ᠮᠧᠢ ᠪᠦᠯᠦᠭᠯᠡᠯ ᠤᠨ ᠢ ᠬᠤᠸᠠ ᠠᠭᠤᠷᠬᠠᠢ ᠶᠢᠨ ᠦᠢᠯᠡᠰ ᠤᠨ | ᠮᠤᠳᠤᠨᠴᠠᠶᠢᠳᠠᠮ ᠨᠡᠭᠦᠷᠡᠰᠦᠨ ᠠᠭᠤᠷᠬᠠᠢ ᠵᠡᠷᠭᠡ ᠭᠠᠵᠠᠷ ᠢᠶᠠᠷ ᠬᠦᠷᠴᠤ ᠡᠯ᠎ᠡ ᠨᠡᠭᠦᠷᠡᠰᠦᠨ ᠠᠭᠤᠷᠬᠠᠢ ᠶᠢᠨ | ᠬᠤᠳᠳᠤᠭ ᠤᠨ ᠤᠰᠤ ᠶᠢ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠤ ᠬᠤᠯᠪᠣᠭᠳᠠᠯ ᠪᠦᠬᠦᠢ | ᠠᠵᠢᠯ ᠳᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠯᠢ ᠸᠧᠨ ᠵᠦᠩ ᠴᠢᠬᠤᠯᠠᠴᠢᠯᠠᠬᠤ ᠳᠠᠭᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠣᠯ | ᠴᠢᠬᠤᠯᠠ ᠲᠣᠮᠣ ᠠᠰᠠᠭᠤᠳᠠᠯ ᠪᠣᠯᠣᠨ᠎ᠠ᠃ ᠡᠷᠬᠡᠪᠰᠢ ᠦᠨᠡᠨ ᠠᠴᠠ ᠵᠥᠪ ᠢ ᠡᠷᠢᠨ ᠬᠦᠷᠤᠯᠴᠡᠬᠦᠢ ᠲᠠᠯ᠎ᠠ ᠪᠠᠨ ᠡᠷᠢᠨ | ᠭᠠᠷᠭᠠᠵᠤ᠂ ᠬᠠᠯᠠᠨ ᠰᠠᠶᠢᠵᠢᠷᠠᠭᠤᠯᠤᠯᠲᠠ ᠶᠢ ᠴᠢᠩᠭᠠᠳᠬᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠳᠬᠤᠵᠤ᠂ | ᠬᠤᠯᠪᠣᠭᠳᠠᠯ ᠪᠦᠬᠦᠢ ᠠᠵᠢᠯ ᠢ ᠰᠠᠶᠢᠨ ᠬᠢᠬᠦ ᠬᠡᠷᠡᠭᠲᠡᠢ᠃ ᠵᠣᠷᠢᠭ ᠰᠢᠭᠤᠳᠤᠨ ᠣᠷᠴᠢᠨ ᠲᠣᠭᠤᠷᠢᠨ ᠤ ᠬᠠᠮᠠᠭᠠᠯᠠᠯᠲᠠ | ᠪᠣᠯᠣᠨ ᠠᠷᠠᠳ ᠤᠨ ᠠᠮᠢᠳᠤᠷᠠᠯ ᠤᠨ ᠬᠤᠯᠪᠣᠭᠳᠠᠯ ᠪᠦᠬᠦᠢ ᠠᠵᠢᠯ ᠢ ᠰᠠᠶᠢᠨ ᠬᠢᠬᠦ ᠬᠡᠷᠡᠭᠲᠡᠢ ᠭᠡᠵᠡᠢ᠃ | ᠪᠦᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠡᠷᠳᠡᠨᠢᠪᠢᠯᠢᠭ | ᠱᠠᠭᠠᠷᠳᠠᠬᠤ ᠳᠠᠭᠠᠨ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠶᠡᠷᠦᠩᠬᠡᠢ ᠱᠦᠵᠢ ᠶᠢᠨ ᠱᠠᠭᠠᠷᠳᠠᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠪᠠᠲᠤ ᠡᠵᠡᠮᠳᠡᠨ ᠨᠣᠮᠢᠨ ᠲᠠᠩᠰᠤᠭ ᠦᠦᠰᠢᠨ᠂ ᠦᠵᠡᠰᠬᠦᠯᠡᠩᠲᠦ | ᠰᠠᠶᠢᠬᠠᠨ ᠦᠦᠰᠢᠨ ᠤ ᠪᠦᠲᠦᠭᠡᠨ ᠪᠠᠶᠢᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠤᠬᠢᠷᠳᠤᠯ ᠲᠠᠢ GDP ︵ | ᠤᠯᠤᠰ ᠤᠨ ᠲᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ︶ ᠢ ᠬᠦᠬᠡᠬᠡᠴᠡᠯᠳᠣᠵᠦ ᠪᠣᠯᠬᠤ ᠦᠭᠡᠢ᠃ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠳᠠᠷᠤᠢ ᠲᠦᠷᠭᠡᠨ ᠬᠥᠳᠡᠯᠦᠯᠴᠡᠵᠦ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠨ ᠭᠠᠵᠠᠷ ᠳᠣᠣᠷᠠᠬᠢ ᠤᠰᠤᠨ ᠤ ᠪᠤᠬᠢᠷᠳᠤᠯ᠂ ᠠᠭᠤᠷᠬᠠᠢ ᠶᠢᠨ ᠬᠠᠶᠠᠭᠳᠠᠮᠠᠯ ᠢ ᠳᠤᠷ᠎ᠠ ᠪᠠᠷ ᠬᠠᠶᠠᠬᠤ ᠪᠤᠯᠤᠨ | ᠠᠭᠤᠷᠬᠠᠢ ᠶᠢᠨ ᠣᠷᠣᠨ ᠤ ᠣᠶᠢᠷ᠎ᠠ ᠬᠠᠪᠢ ᠶᠢᠨ ᠠᠰᠠᠭᠤᠳᠠᠯ ᠢ ᠡᠷᠡᠰ ᠪᠦᠲᠦᠮᠵᠢᠲᠡᠢ ᠰᠢᠢᠳᠪᠦᠷᠢᠯᠡᠵᠦ᠂ ᠬᠠᠷᠢᠭᠤ | ᠲᠤᠰᠬᠠᠭᠰᠠᠨ ᠠᠰᠠᠭᠤᠳᠠᠯ ᠤᠨ ᠬᠠᠯᠠᠨ ᠰᠠᠶᠢᠵᠢᠷᠠᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠡᠯ᠎ᠡ ᠠᠵᠤ ᠠᠬᠤᠶᠢᠯᠠᠯ | ᠤᠨ ᠬᠢᠨ ᠤᠬᠠᠮᠰᠠᠷ ᠠᠴᠠ ᠪᠠᠨ ᠬᠤᠯᠪᠣᠭᠳᠠᠯ ᠪᠦᠬᠦᠢ ᠦᠨᠡᠮᠯᠡᠯ ᠭᠠᠷᠳᠠᠮ ᠢᠶᠠᠨ ᠪᠦᠷᠢᠨᠰᠢᠭᠦᠯᠵᠦ᠂ ᠡᠯ᠎ᠡ ᠪᠠᠶᠢᠭᠤᠯᠭ᠎ᠠ | ᠨᠢᠭᠡᠴᠢ ᠶᠢᠨ ᠬᠢᠨ ᠦᠢᠯᠡᠴᠢᠯᠡᠭᠡ ᠪᠠᠨ ᠰᠢᠯᠢᠳᠡᠭᠵᠢᠭᠦᠯᠦᠨ ᠭᠠᠷ ᠭᠦᠢᠴᠡᠳᠬᠡᠯ ᠪᠦᠷᠢᠨ ᠳᠦᠬᠦᠷ᠂ ᠬᠠᠤᠯᠢ ᠶᠣᠰᠣᠨ | ᠳᠤ ᠨᠡᠶᠢᠴᠡᠭᠰᠡᠨ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ | ᠠᠬᠤᠶᠢᠯᠠᠯ ᠦᠵᠡᠯ ᠰᠠᠨᠠᠭ᠎ᠠ ᠪᠠᠨ ᠲᠥᠪ ᠪᠠᠶᠢᠯᠭᠠᠨ ᠬᠤᠲᠠ ᠶᠢᠨ ᠨᠠᠮ ᠤᠨ ᠬᠤᠷᠢᠶᠠᠨ ᠤ ᠴᠢᠨᠠᠷ ᠰᠠᠶᠢᠲᠠᠢ | ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠦᠲᠦᠮᠵᠢᠲᠡᠢ | ᠰᠠᠶᠢᠲᠤᠷ ᠬᠢᠵᠦ ᠨᠣᠮᠢᠨ ᠲᠠᠩᠰᠤᠭ ᠦᠦᠰᠢᠨ᠂ ᠦᠵᠡᠰᠬᠦᠯᠡᠩᠲᠦ ᠰᠠᠶᠢᠬᠠᠨ ᠦᠦᠰᠢᠨ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃ |