ᠤᠯᠤᠰ ᠤᠨ ᠭᠠᠶᠢᠯᠢ ᠶᠢᠨ ᠶᠠᠪᠤᠳᠠᠯ᠂ ᠤᠷᠤᠨ ᠨᠤᠳᠤᠭ ᠤᠨ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ | ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠮᠬᠢ ᠴᠡᠭᠴᠡᠲᠡᠢ ᠠᠬᠢᠭᠤᠯᠬᠤ ᠶᠢ ᠳᠠᠭᠠᠯᠳᠤᠵᠤ᠂ 7 ᠰᠠᠷ᠎ᠠ ᠶᠢᠨ | 20 ᠤ ᠡᠳᠥᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠥᠩᠭᠡᠢ ᠲᠤᠪᠴᠢᠶᠠᠨ ᠤ ᠥᠥᠰᠢᠨ ᠬᠤᠰᠢᠭᠤᠨ ᠤ | ᠭᠠᠶᠢᠯᠢ ᠶᠢᠨ ᠶᠠᠪᠤᠳᠠᠯ ᠤᠨ ᠲᠤᠪᠴᠢᠶ᠎ᠠ ᠫᠠᠶᠢᠰᠠ ᠰᠠᠭᠦᠭᠦ ᠶᠤᠰᠤᠯᠠᠯ ᠬᠢᠭᠰᠡᠨ ᠪᠠᠶᠢᠨ᠎ᠠ᠃ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠤᠩᠭᠡᠢ ᠲᠣᠪᠴᠢᠶᠠᠨ ᠤ ᠤᠷᠳᠤᠰ ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ | ᠬᠠᠮᠲᠤᠷᠠᠭᠰᠠᠨ ᠨᠠᠮ ᠤᠨ ᠬᠤᠷᠢᠶᠠᠨ ᠤ ᠭᠡᠰᠢᠭᠦᠨ᠂ ᠶᠡᠷᠤᠩᠭᠡᠢ ᠠᠵᠤ ᠠᠬᠤᠶᠢᠴᠢ᠂ ᠬᠢᠨᠠᠨ ᠵᠢᠯᠣᠭᠤᠳᠬᠤ | ᠶᠢᠰᠤᠳᠤᠭᠡᠷ ᠳᠤᠭᠤᠶᠢᠯᠠᠩ ᠤᠨ ᠳᠠᠷᠤᠭ᠎ᠠ ᠸᠠᠩ ᠰᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ | ᠳᠠᠷᠤᠭ᠎ᠠ ᠪᠠᠷ ᠨᠡᠷ᠎ᠡ ᠳᠣᠷᠠᠳᠣᠭᠳᠠᠭᠴᠢ ᠵᠣᠣ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠵᠤᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ ᠸᠠᠩ ᠯᠢ ᠫᠢᠩ᠂ ᠬᠤᠰᠢᠭᠤ ᠤᠳᠤᠷᠢᠳᠤᠯᠭ᠎ᠠ ᠪᠠᠶᠠᠨᠴᠡᠩᠭᠡᠯ ᠪᠤᠯᠤᠨ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠥᠩᠭᠡᠢ ᠲᠤᠪᠴᠢᠶᠠᠨ ᠤ ᠥᠥᠰᠢᠨ ᠬᠤᠰᠢᠭᠤᠨ ᠤ ᠭᠠᠶᠢᠯᠢ ᠶᠢᠨ | ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶᠠᠨ ᠤ ᠱᠥᠵᠢ ᠲᠤᠪᠴᠢᠶᠠᠨ ᠳᠠᠷᠤᠭ᠎ᠠ ᠭᠤᠤ ᠯᠢᠨ ᠹᠧᠩ ᠪᠤᠯᠤᠨ | ᠳᠡᠳ᠋ ᠱᠦᠵᠢ᠂ ᠲᠤᠪᠴᠢᠶᠠᠨ ᠳᠡᠳ᠋ ᠳᠠᠷᠤᠭ᠎ᠠ ᠬᠠᠮᠳᠤ ᠪᠠᠷ ᠰᠢᠨ᠎ᠡ ᠪᠠᠶᠢᠭᠤᠯᠤᠮᠵᠢ ᠶᠢᠨ ᠫᠠᠶᠢᠰᠠ ᠰᠡᠭᠦᠭᠰᠡᠨ | ᠪᠠᠶᠢᠨ᠎ᠠ᠃ | | | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠢᠶᠠᠷ ᠬᠢᠨᠠᠨ ᠪᠠᠲᠤᠯᠠᠭᠰᠠᠨ | ︽ᠨᠠᠮ ᠪᠣᠯᠣᠨ ᠲᠥᠷᠥ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠪᠣᠯᠣᠨ ︽ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠥᠯ︾ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠪᠠᠲᠤᠯᠠᠭᠰᠠᠨ ︽ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠳᠤ ᠮᠤᠵᠢ ᠶᠢᠨ ᠱᠠᠲᠤ ᠪᠠ | ᠮᠤᠵᠢ ᠶᠢᠨ ᠱᠠᠲᠤ ᠠᠴᠠ ᠳᠣᠷᠣᠭᠰᠢᠬᠢ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠣᠨ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠨᠡᠶᠢᠯᠡᠭᠦᠯᠬᠦ ᠪᠠᠷ ᠲᠣᠳᠣᠷᠬᠠᠢ ᠲᠣᠭᠲᠠᠭᠠᠭᠰᠠᠨ ᠪᠠᠶᠢᠳᠠᠭ᠃ | ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠣᠰᠣᠭᠠᠷ ᠤᠤᠯ ᠤᠨ ᠦᠦᠰᠢᠨ ᠬᠤᠰᠢᠭᠤᠨ ᠤ | ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠪᠣᠯᠣᠨ ᠤᠤᠯ ᠤᠨ ᠦᠦᠰᠢᠨ ᠬᠤᠰᠢᠭᠤᠨ ᠤ ᠤᠯᠤᠰ ᠤᠨ | ᠭᠠᠶᠢᠯᠢ ᠶᠢᠨ ᠲᠣᠪᠴᠢᠶ᠎ᠠ ᠶᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠦᠦᠰᠢᠨ | ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠭᠠᠨ ᠨᠡᠶᠢᠯᠡᠭᠦᠯᠵᠦ ᠦᠦᠰᠢᠨ ᠬᠤᠰᠢᠭᠤᠨ ᠤ ᠡᠯ᠎ᠡ | ᠲᠥᠷᠥᠯ ᠤᠨ ᠭᠠᠶᠢᠯᠢ ᠬᠤᠷᠢᠶᠠᠬᠤ᠂ ᠨᠡᠶᠢᠭᠡᠮ ᠤᠨ ᠳᠠᠭᠠᠳᠬᠠᠯ ᠪᠣᠯᠣᠨ ᠭᠠᠶᠢᠯᠢ ᠶᠢᠨ ᠪᠤᠰᠤ ᠣᠷᠣᠯᠭ᠎ᠠ ᠶᠢᠨ | ᠬᠠᠮᠢᠶᠠᠷᠤᠯᠲᠠ ᠵᠡᠷᠭᠡ ᠠᠵᠢᠯ ᠢ ᠪᠣᠳᠠᠲᠠᠢ ᠭᠦᠢᠴᠡᠳᠬᠡᠬᠦ ᠪᠠᠷ ᠪᠠᠶᠢᠨ᠎ᠠ᠃ ᠥᠭᠡᠷᠡᠴᠢᠯᠡᠯᠲᠡ ᠶᠢᠨ ᠬᠤᠭᠤᠴᠠᠭᠠᠨ ᠳᠤ | ᠭᠠᠶᠢᠯᠢ ᠲᠤᠰᠢᠶᠠᠬᠤ ᠬᠥᠮᠥᠰ ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠲᠢᠩᠭᠢᠮ ᠳᠤ ᠭᠠᠶᠢᠯᠢ ᠶᠢᠨ ᠶᠠᠪᠤᠳᠠᠯ | ᠤᠨ ᠪᠦᠬᠦᠶᠢᠯᠡ ᠦᠢᠯᠡᠴᠢᠯᠡᠭᠡ ᠶᠢ ᠬᠦᠷᠲᠡᠬᠦ ᠮᠦᠷᠲᠡᠭᠡᠨ 12366 ᠤᠲᠠᠰᠤ ᠪᠠᠷ ᠠᠰᠠᠭᠤᠨ ᠯᠠᠪᠯᠠᠬᠤ | ᠦᠢᠯᠡᠴᠢᠯᠡᠭᠡ ᠬᠦᠷᠲᠡᠬᠦ ᠪᠣᠯᠣᠨ᠎ᠠ᠃ | ᠶᠤᠰᠤᠯᠠᠯ ᠳᠡᠭᠡᠷ᠎ᠡ᠂ ᠪᠠᠶᠠᠨᠴᠡᠩᠭᠡᠯ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠭᠡᠨ ᠢ | ᠲᠦᠯᠦᠭᠡᠯᠡᠨ ᠪᠠᠶᠡᠷ ᠤᠨ ᠮᠡᠨᠳᠤ ᠳᠡᠪᠰᠢᠭᠦᠯᠵᠦ᠂ ᠤᠷᠳᠤ ᠬᠤᠭᠤᠴᠠᠭᠠᠨ ᠤ ᠲᠤᠷᠰᠢ ᠭᠠᠶᠢᠯᠢ ᠶᠢᠨ ᠶᠠᠪᠤᠳᠠᠯ ᠤᠨ | ᠠᠵᠢᠯ ᠳᠤ ᠵᠢᠳᠭᠦᠭᠰᠡᠨ ᠥᠷᠭᠡᠨ ᠣᠯᠠᠨ ᠺᠠᠳ᠋ᠷ ᠠᠵᠢᠯᠲᠠᠨ ᠳᠤ ᠡᠷᠬᠢᠮ ᠳᠡᠭᠡᠳᠤ ᠬᠦᠨᠳᠤᠳᠬᠡᠯ ᠪᠠ ᠪᠠᠶᠡᠷ ᠲᠠᠯᠠᠷᠬᠠᠯ | ᠤᠨ ᠰᠡᠳᠬᠢᠯ ᠢᠶᠠᠨ ᠢᠯᠡᠳᠬᠡᠪᠡ᠃ ᠲᠡᠷᠡ ᠵᠢᠭᠠᠬᠤ ᠳᠠᠭᠠᠨ ᠤᠷᠳᠤ ᠬᠤᠭᠤᠴᠠᠭᠠᠨ ᠤ ᠲᠤᠷᠰᠢ ᠥᠥᠰᠢᠨ | ᠬᠤᠰᠢᠭᠤᠨ ᠤ ᠤᠯᠤᠰ ᠤᠨ ᠭᠠᠶᠢᠯᠢ ᠶᠢᠨ ᠶᠠᠪᠤᠳᠠᠯ᠂ ᠤᠷᠤᠨ ᠨᠤᠳᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ | ᠨᠢ ᠶᠡᠭᠡ ᠪᠠᠶᠢᠳᠠᠯ ᠶᠢᠨ ᠲᠣᠭᠤᠷᠢᠨ ᠳᠤ ᠢᠮᠠᠭᠲᠠ ᠬᠠᠤᠯᠢ ᠶᠤᠰᠤᠭᠠᠷ ᠠᠵᠢᠯ ᠢᠶᠠᠨ ᠡᠷᠬᠢᠯᠡᠵᠦ᠂ ᠤᠯᠤᠰ ᠤᠨ | ᠬᠥᠷᠥᠩᠭᠡ ᠬᠤᠷᠠᠮᠳᠤᠭᠤᠯᠤᠯᠲᠠ᠂ ᠥᠥᠰᠢᠨ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ᠂ ᠨᠡᠶᠢᠭᠡᠮ | ᠤᠨ ᠳᠠᠪᠰᠢᠯᠳᠠ ᠪᠤᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠰᠤᠷᠤ ᠶᠡᠭᠡ ᠬᠤᠪᠢ ᠨᠡᠮᠡᠷᠢ ᠦᠵᠡᠭᠦᠯᠵᠡᠢ᠃ | ᠬᠦᠰᠡᠬᠦ ᠨᠢ᠂ ᠰᠢᠨ᠎ᠡ ᠪᠠᠷ ᠪᠠᠶᠢᠭᠤᠯᠤᠭᠳᠠᠭᠰᠠᠨ ᠭᠠᠶᠢᠯᠢ ᠶᠢᠨ ᠪᠠᠶᠢᠭᠤᠯᠤᠮᠵᠢ ᠨᠢ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠤᠩᠭᠡᠢ ᠲᠤᠪᠴᠢᠶᠠᠨ ᠤ ᠤᠷᠳᠤᠰ ᠬᠤᠳᠠ ᠶᠢᠨ ᠭᠠᠶᠢᠯᠢ ᠶᠢᠨ ᠶᠠᠪᠤᠳᠠᠯ ᠤᠨ ᠲᠤᠪᠴᠢᠶᠠᠨ ᠤ | ᠬᠠᠮᠲᠤᠷᠠᠭᠰᠠᠨ ᠨᠠᠮ ᠤᠨ ᠬᠤᠷᠢᠶ᠎ᠠ ᠪᠤᠯᠤᠨ ᠥᠥᠰᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ | ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠦᠢᠯᠡᠳᠦᠯᠭᠡᠵᠢᠬᠦᠯᠵᠤ᠂ ︽ | ᠲᠦᠷᠪᠡᠨ ᠤᠬᠠᠮᠰᠠᠷ︾ ᠢ ᠪᠠᠳᠤ ᠪᠠᠬᠢ ᠪᠤᠢ ᠪᠤᠯᠭᠠᠵᠤ᠂ ︽ᠲᠦᠷᠪᠡᠨ ᠢᠳᠡᠭᠡᠯ︾ ᠢ ᠪᠠᠲᠤᠳᠬᠠᠨ᠂ ᠰᠢᠨ᠎ᠡ ᠴᠠᠭ | ᠦᠶ᠎ᠡ ᠶᠢᠨ ᠥᠥᠰᠢᠨ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠨᠡᠶᠢᠭᠡᠮ ᠤᠨ ᠪᠦᠬᠦ ᠲᠠᠯ᠎ᠠ | ᠶᠢᠨ ᠳᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ | ᠸᠠᠩ ᠰᠢ ᠠᠴᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠥᠩᠭᠡᠢ ᠲᠤᠪᠴᠢᠶᠠᠨ ᠤ ᠥᠥᠰᠢᠨ ᠬᠤᠰᠢᠭᠤᠨ | ᠤ ᠭᠠᠶᠢᠯᠢ ᠶᠢᠨ ᠶᠠᠪᠤᠳᠠᠯ ᠤᠨ ᠲᠤᠪᠴᠢᠶ᠎ᠡ ᠵᠢᠩᠬᠢᠨᠢ ᠪᠠᠷ ᠫᠠᠶᠢᠰᠠ ᠰᠡᠭᠦᠭᠰᠡᠨ ᠨᠢ ᠥᠥᠰᠢᠨ ᠬᠤᠰᠢᠭᠤᠨ ᠤ ᠤᠯᠤᠰ | ᠤᠨ ᠭᠠᠶᠢᠯᠢ ᠶᠢᠨ ᠶᠠᠪᠤᠳᠠᠯ ᠪᠠ ᠤᠷᠤᠨ ᠨᠤᠳᠤᠭ ᠤᠨ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠦᠭᠡᠷᠡᠴᠢᠯᠡᠯᠳᠡ ᠨᠢ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ᠂ ᠰᠢᠨ᠎ᠡ ᠴᠠᠭ | ᠦᠶ᠎ᠡ ᠶᠢᠨ ᠥᠥᠰᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠠᠵᠢᠯ ᠦᠢᠯᠡᠰ ᠲᠤ ᠠᠯᠤᠰ ᠬᠡᠳᠤ ᠶᠢᠨ | ᠨᠥᠯᠥᠭᠡ ᠲᠠᠢ ᠶᠤᠮ ᠬᠡᠵᠤ ᠵᠢᠭᠠᠵᠤ ᠭᠠᠷᠭᠠᠪᠠ᠃ ᠬᠦᠰᠡᠬᠦ ᠨᠢ᠂ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠥᠩᠭᠡᠢ ᠲᠤᠪᠴᠢᠶᠠᠨ ᠤ ᠥᠥᠰᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠡ ᠨᠢ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠤᠩᠭᠡᠢ ᠲᠤᠪᠴᠢᠶᠠᠨ ᠤ ᠤᠷᠳᠤᠰ ᠬᠤᠳᠠ ᠶᠢᠨ ᠭᠠᠶᠢᠯᠢ ᠶᠢᠨ ᠶᠠᠪᠤᠳᠠᠯ ᠤᠨ | ᠲᠤᠪᠴᠢᠶᠠᠨ ᠤ ᠬᠠᠮᠲᠤᠷᠠᠭᠰᠠᠨ ᠨᠠᠮ ᠤᠨ ᠬᠤᠷᠢᠶ᠎ᠠ ᠪᠤᠯᠤᠨ ᠥᠥᠰᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ | ᠤᠨ ᠤᠷᠳᠤᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ ᠴᠤ᠋ ᠰᠢᠨ᠎ᠡ ᠲᠥᠷᠢ ᠲᠦᠷᠭᠦ ᠪᠤᠯᠤᠨ ᠠᠵᠢᠯ ᠤᠨ | ᠬᠡᠪ ᠪᠠᠶᠢᠳᠠᠯ ᠢ ᠪᠦᠷᠢᠯᠳᠤᠭᠦᠯᠵᠤ᠂ ᠬᠦᠴᠦᠨ ᠢᠶᠠᠨ ᠲᠥᠪᠯᠡᠷᠡᠭᠦᠯᠦᠨ ᠨᠠᠷᠢᠯᠢᠭ ᠪᠣᠳᠠᠲᠠᠢ ᠪᠠᠷ ᠠᠵᠢᠯᠯᠠᠨ᠂ ᠪᠥᠬᠦ | ᠰᠡᠳᠬᠢᠯ ᠢᠶᠠᠷ ᠢᠶᠠᠨ ᠤᠯᠤᠰ᠂ ᠠᠷᠠᠳ ᠲᠦᠮᠡᠨ᠂ ᠠᠵᠤ ᠠᠬᠤᠶᠢᠯᠠᠯ ᠳᠤ ᠠᠰᠢᠭᠲᠠᠢ᠂ ᠭᠠᠶᠢᠯᠢ ᠤᠨ ᠠᠵᠢᠯ ᠳᠤ | ᠠᠰᠢᠭᠲᠠᠢ ᠦᠭᠡᠷᠡᠴᠢᠯᠡᠯᠳᠡ ᠳᠤ ᠤᠷᠤᠯᠴᠠᠵᠤ᠂ ᠬᠥᠮᠥᠰ ᠤᠨ ᠰᠡᠳᠬᠢᠯ ᠳᠤ ᠨᠡᠶᠢᠴᠡᠭᠰᠡᠨ ᠪᠤᠳᠠᠲᠠᠢ ᠠᠵᠢᠯ ᠢ ᠬᠢᠵᠤ᠂ | ᠡᠯ᠎ᠡ ᠲᠥᠷᠤᠯ ᠤᠨ ᠭᠠᠶᠢᠯᠢ ᠬᠤᠷᠢᠶᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠷᠤᠨ ᠨᠤᠳᠤᠭ | ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠪᠦᠲᠦᠮᠵᠢᠲᠡᠢ ᠪᠠᠷ ᠦᠢᠯᠡᠴᠢᠯᠡᠬᠦ ᠬᠡᠷᠡᠭᠲᠡᠢ ᠭᠡᠵᠡᠢ᠃ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠥᠩᠭᠡᠢ ᠲᠤᠪᠴᠢᠶᠠᠨ ᠤ ᠥᠥᠰᠢᠨ ᠬᠤᠰᠢᠭᠤᠨ ᠤ ᠭᠠᠶᠢᠯᠢ | ᠶᠢᠨ ᠶᠠᠪᠤᠳᠠᠯ ᠤᠨ ᠲᠤᠪᠴᠢᠶᠠᠨ ᠤ ᠬᠠᠷᠢᠭᠤᠯᠴᠠᠭᠠᠳᠠᠨ ᠢᠯᠡᠷᠬᠡᠶᠢᠯᠡᠬᠦ ᠳᠤ ᠪᠠᠨ᠂ ᠰᠢ ᠶᠢᠨ ᠫᠢᠩ ᠶᠡᠷᠤᠩᠭᠡᠢ | ᠱᠦᠵᠢ ᠶᠢᠨ ᠨᠠᠮ ᠪᠠ ᠤᠯᠤᠰ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠴᠢᠬᠤᠯᠠ ᠦᠵᠡᠯ ᠰᠠᠨᠠᠭ᠎ᠠ ᠶᠢ | ᠬᠦᠨᠵᠡᠭᠡᠢ ᠲᠤᠤᠱᠯᠠᠭᠤᠯᠵᠦ᠂ ︽ᠪᠠᠶᠢᠭᠤᠯᠤᠮᠵᠢ ᠶᠢ ᠦᠭᠡᠷᠡᠴᠢᠯᠡᠨ᠂ ᠦᠢᠯᠠᠴᠢᠯᠡᠬᠦ ᠶᠢ ᠲᠡᠷᠢᠭᠦᠨ ᠪᠠᠶᠢᠷᠢᠨ ᠳᠤ | ᠲᠠᠯᠪᠢᠬᠤ︾ ᠤᠬᠠᠭᠳᠠᠬᠤᠨ ᠢ ᠦᠢᠯᠡᠳᠦᠯᠭᠡᠵᠢᠭᠦᠯᠵᠦ᠂ ᠭᠠᠶᠢᠯᠢ ᠬᠤᠷᠢᠶᠠᠬᠤ ᠦᠪᠡᠷ ᠤᠨ ᠦᠷᠳᠡᠭ ᠢᠶᠠᠨ | ᠳᠣᠷᠣᠭᠰᠢᠯᠠᠭᠤᠯᠤᠨ᠂ ᠭᠠᠶᠢᠯᠢ ᠶᠢᠨ ᠬᠠᠮᠢᠶᠠᠷᠤᠯᠳᠠ ᠶᠢᠨ ᠦᠷ᠎ᠡ ᠠᠰᠢᠭ ᠢ ᠳᠡᠭᠡᠭᠰᠢᠯᠡᠭᠦᠯᠵᠤ᠂ ᠭᠠᠶᠢᠯᠢ ᠲᠤᠰᠢᠶᠠᠬᠤ | ᠬᠥᠮᠥᠰ ᠲᠤ ᠨᠡᠩ ᠰᠢᠯᠢᠳᠡᠭ ᠦᠷ᠎ᠡ ᠪᠥᠳᠥᠮᠵᠢᠲᠠᠢ᠂ ᠲᠥᠭᠦᠮ ᠲᠦᠳᠡ ᠦᠢᠯᠡᠴᠢᠯᠡᠭᠡ ᠬᠠᠩᠭᠠᠬᠤ ᠪᠤᠯᠤᠨ᠎ᠠ᠃ | ᠭᠠᠶᠢᠯᠢ ᠲᠤᠰᠢᠶᠠᠬᠤ ᠬᠥᠮᠥᠰ ᠤᠨ ᠬᠠᠨᠤᠮᠵᠢ ᠶᠢᠨ ᠪᠠᠶᠢᠳᠠᠯ ᠢ ᠳᠠᠰᠤᠷᠠᠯᠳᠠ ᠦᠭᠡᠢ ᠳᠡᠭᠡᠭᠰᠢᠯᠡᠭᠦᠯᠥᠨ ᠥᠥᠰᠢᠨ | ᠬᠤᠰᠢᠭᠤᠨ ᠤ ᠠᠵᠤ ᠠᠬᠤᠢ ᠨᠡᠶᠢᠭᠡᠮ ᠤᠨ ᠥᠨᠳᠥᠷ ᠴᠢᠨᠰᠠᠭ᠎ᠠ ᠲᠠᠢ ᠬᠥᠭᠵᠢᠯᠳᠡ ᠳᠤ ᠬᠤᠪᠢ ᠨᠡᠮᠡᠷᠢ ᠪᠠᠨ | ᠦᠵᠡᠭᠦᠯᠬᠦ ᠶᠤᠮ ᠭᠡᠵᠡᠢ᠃ |