7 ᠰᠠᠷ᠎ᠠ ᠶᠢᠨ 20 ᠤ ᠡᠳᠦᠷ᠂ ᠪᠦᠬᠦ ᠬᠤᠰᠢᠭᠤᠨ ᠤ ᠦᠶᠡᠷ ᠢ ᠰᠡᠷᠭᠡᠶᠢᠯᠡᠨ ᠭᠠᠩ ᠢ ᠡᠰᠡᠷᠬᠦᠴᠡᠬᠦ ᠵᠢᠴᠢ | ᠠᠶᠤᠯᠭᠦᠢ ᠦᠢᠯᠡᠳᠪᠦᠷᠢᠯᠡᠯ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠤᠤᠯᠳᠠᠯᠭ᠎ᠠ ᠲᠠᠢ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠰᠢᠭᠤ ᠵᠠᠰᠠᠭ ᠵᠠᠬᠢᠷᠭᠠᠨ ᠤ ᠲᠦᠪ ᠲᠤ ᠬᠤᠷᠠᠯᠳᠤᠭᠰᠠᠨ ᠪᠠᠶᠢᠨ᠎ᠠ᠃ ᠬᠤᠷᠠᠯ ᠨᠢ | ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ | ᠤᠷᠤᠯᠠᠭᠴᠢ ᠳᠠᠷᠤᠭ᠎ᠠ ᠵᠤᠤ ᠹᠸᠢ ᠯᠤ᠋᠂ ᠬᠤᠰᠢᠭᠤ ᠤᠳᠤᠷᠢᠳᠤᠯᠭ᠎ᠠ ᠭᠤᠤ ᠬᠤ᠋᠂ ᠯᠢ ᠬᠤᠩ ᠯᠢᠶᠠᠩ᠂ ᠭᠧᠩ ᠴᠦᠨ | ᠹᠧᠩ ᠪᠤᠯᠤᠨ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠤᠭᠤᠷᠢᠭ︶᠂ ᠰᠤᠮᠤ ᠪᠠᠯᠭᠠᠰᠤ᠂ | ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ᠂ ᠬᠤᠰᠢᠭᠤ | ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠲᠦᠪ ᠤᠨ ᠠᠯᠪᠠᠨ ᠭᠡᠷ ᠤᠨ ᠪᠦᠬᠦ ᠠᠵᠢᠯᠲᠠᠨ ᠭᠤᠤᠯ | ᠬᠤᠷᠠᠯ ᠤᠨ ᠲᠠᠯᠠᠪᠤᠷ ᠲᠤ ᠬᠤᠷᠠᠯ ᠳᠤ ᠤᠷᠤᠯᠴᠠᠵᠤ᠂ ᠡᠯ᠎ᠡ ᠰᠤᠮᠤ ᠪᠠᠯᠭᠠᠰᠤ ᠶᠢᠨ ᠬᠤᠪᠢᠶᠠᠷᠢᠯᠠᠨ ᠬᠠᠷᠢᠭᠤᠴᠠᠵᠤ | ᠪᠠᠶᠢᠭ᠎ᠠ ᠰᠤᠮᠤ ᠪᠠᠯᠭᠠᠰᠤᠨ ᠤ ᠳᠡᠳ᠋ ᠳᠠᠷᠤᠭ᠎ᠠ ᠪᠤᠯᠤᠨ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦᠵᠢ᠂ | ᠭᠠᠴᠠᠭ᠎ᠠ ᠲᠤᠰᠬᠤᠨ ᠤ ᠳᠠᠷᠤᠭ᠎ᠠ ᠵᠢᠴᠢ ᠤᠰᠤᠨ ᠠᠰᠢᠭᠯᠠᠯᠲᠠ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ | ᠦᠷᠲᠡᠭᠡᠨ ᠤ ᠪᠦᠬᠦ ᠠᠵᠢᠯᠲᠠᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠤ᠂ ᠬᠤᠰᠢᠭᠤ ᠳᠡᠳ᠋ | ᠳᠠᠷᠤᠭ᠎ᠠ ᠪᠠᠶᠠᠠᠴᠡᠩᠬᠡᠯ ᠬᠤᠷᠠᠯ ᠡᠷᠬᠢᠯᠡᠪᠡ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠦᠶᠡᠷ | ᠢ ᠰᠡᠷᠭᠡᠶᠢᠯᠡᠬᠦ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠤᠤᠱᠯᠠᠭᠤᠯᠵᠤ᠂ ᠭᠤᠤᠯᠳᠠᠯᠭᠠᠲᠦ ᠤᠷᠤᠨ ᠬᠡᠪᠴᠢᠶ᠎ᠡ | ᠪᠤᠯᠤᠨ ᠭᠤᠤᠯᠳᠠᠯᠭ᠎ᠠ ᠲᠠᠢ ᠭᠡᠰᠡᠭ ᠤᠨ ᠡᠲᠦᠷ ᠲᠤᠲᠤᠮ ᠤᠨ ᠪᠠᠶᠢᠴᠠᠭᠠᠯᠲᠠ ᠪᠤᠯᠤᠨ ᠳᠠᠯᠳᠠ ᠭᠡᠮ ᠤᠨ ᠵᠠᠰᠠᠯᠲᠠ | ᠵᠢᠴᠢ ᠴᠠᠭ ᠠᠭᠤᠷ ᠢ ᠤᠷᠢᠳᠴᠢᠯᠠᠨ ᠳᠦᠰᠦᠭᠡᠯᠡᠬᠦ᠂ ᠪᠠᠴᠢᠮ ᠢ ᠠᠷᠭᠠᠴᠠᠭᠠᠬᠤ ᠵᠡᠷᠭᠡ ᠠᠵᠢᠯ ᠢ ᠴᠢᠩᠭᠠᠳᠬᠠᠨ᠂ | ᠠᠵᠢᠯ ᠤᠨ ᠲᠤᠬᠢᠷᠠᠭᠤᠯᠭ᠎ᠠ ᠬᠠᠮᠵᠢᠯᠴᠠᠭ᠎ᠠ ᠶᠢ ᠨᠢᠭᠲᠠ ᠪᠤᠯᠭᠠᠵᠤ᠂ ᠠᠮᠤᠷ ᠲᠦᠪᠰᠢᠨ ᠢᠶᠠᠷ ᠦᠶᠡᠷ ᠤᠨ | ᠬᠤᠭᠤᠴᠠᠭ᠎ᠠ ᠶᠢ ᠦᠩᠭᠡᠷᠡᠭᠡᠬᠦ ᠬᠡᠷᠡᠭᠲᠡᠢ᠃ ᠦᠷᠭᠦᠯᠵᠢᠯᠡᠬᠦᠶᠢᠴᠡ ᠠᠮᠤᠷ ᠳᠦᠪᠰᠢᠨ ᠪᠠᠶᠢᠬᠤ ᠤᠬᠠᠮᠰᠠᠷ ᠢ ᠪᠠᠲᠦ ᠪᠤᠢ | ᠪᠤᠯᠭᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠵᠤ᠂ ᠨᠢᠭᠡ ᠠᠵᠢᠯ ᠤᠨ ᠪᠠᠶᠢᠷᠢ ᠬᠤᠶᠠᠷ | ᠬᠠᠷᠢᠭᠤᠴᠠᠯᠭ᠎ᠠ ᠲᠠᠢ ᠪᠠᠶᠢᠬᠤ︾ ᠪᠤᠯᠤᠨ ᠠᠵᠢᠯ ᠲᠦᠷᠦᠯ ᠤᠨ ᠠᠮᠤᠷ ᠲᠦᠪᠰᠢᠨ᠂ ᠲᠤᠬᠠᠶᠢᠯᠠᠭᠰᠠᠨ ᠠᠵᠢᠯ ᠤᠨ | ᠠᠮᠤᠷ ᠳᠦᠪᠰᠢᠨ᠂ ᠦᠢᠯᠡᠳᠪᠦᠷᠢᠯᠡᠯ ᠡᠵᠡᠩᠨᠡᠯᠲᠡ ᠶᠢᠨ ᠠᠮᠤᠷ ᠳᠦᠪᠰᠢᠨ ᠢ ᠬᠠᠮᠢᠶᠠᠷᠬᠤ ᠱᠠᠭᠠᠷᠳᠠᠯᠭ᠎ᠠ ᠶᠢ | ᠲᠤᠤᠱᠯᠠᠭᠤᠯᠤᠨ᠂ ᠵᠢᠭᠤᠯᠴᠢᠯᠠᠯ᠂ ᠵᠠᠮ ᠬᠠᠷᠢᠯᠴᠠᠭ᠎ᠠ᠂ ᠬᠦᠮᠦᠨ ᠠᠮᠠ ᠲᠦᠪᠯᠡᠷᠡᠭᠰᠡᠨ ᠭᠠᠵᠠᠷ ᠵᠡᠷᠭᠡ ᠭᠤᠤᠯᠳᠠᠯᠭ᠎ᠠ | ᠲᠠᠢ ᠬᠦᠷᠢᠶ᠎ᠡ ᠴᠠᠷᠠᠭᠠᠨ ᠤ ᠬᠢᠨᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠬᠢᠨ | ᠠᠶᠦᠯᠭᠦᠢ ᠦᠢᠯᠡᠳᠪᠦᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠬᠦᠢᠴᠡᠳᠬᠡᠬᠦ ᠶᠢ ᠱᠠᠭᠠᠷᠳᠠᠵᠤ᠂ | ᠳᠠᠯᠳᠠ ᠭᠡᠮ ᠢ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠤ ᠡᠯ᠎ᠡ ᠲᠦᠷᠦᠯ ᠤᠨ ᠠᠶᠤᠯ ᠭᠡᠨᠡᠳᠡᠯ ᠭᠠᠷᠬᠤ | ᠠᠴᠠ ᠰᠡᠷᠭᠡᠶᠢᠯᠡᠬᠦ ᠬᠡᠷᠡᠭᠲᠡᠢ᠃ ᠬᠠᠤᠯᠢ ᠬᠡᠷᠡᠭᠵᠢᠭᠦᠯᠤᠨ ᠪᠠᠶᠢᠴᠠᠭᠠᠯᠲᠠ ᠬᠢᠬᠦ ᠬᠦᠴᠦᠯᠡᠴᠡ ᠪᠠᠨ ᠨᠡᠮᠡᠭᠳᠡᠭᠦᠯᠵᠤ᠂ | ᠪᠤᠬᠢᠷᠳᠤᠯ ᠢ ᠰᠡᠷᠭᠡᠶᠢᠯᠡᠬᠦ ᠡᠯ᠎ᠡ ᠲᠠᠯ᠎ᠠ ᠶᠢᠨ ᠠᠵᠢᠯ ᠪᠤᠯᠤᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠬᠢᠨᠠᠨ ᠪᠠᠶᠢᠴᠠᠭᠠᠯᠲᠠ ᠶᠢᠨ ᠳᠤᠭᠤᠶᠢᠯᠠᠩ ᠤᠨ ᠳᠠᠬᠢᠨ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠵᠠᠰᠠᠬᠤ ᠶᠢ ᠲᠤᠤᠱᠯᠠᠭᠤᠯᠵᠤ᠂ ᠲᠦᠯᠦᠪᠯᠡᠭᠡ ᠶᠤᠰᠤᠭᠠᠷ ᠠᠯᠬᠤᠮ ᠬᠤᠪᠢᠶᠠᠵᠤ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠬᠡᠪᠡ᠃ | ᠪᠠᠶᠠᠠᠴᠡᠩᠭᠡᠯ ᠳ᠋ᠦᠩᠨᠡᠯᠲᠡ ᠬᠢᠵᠤ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ | ᠤᠨ ᠬᠢᠨ ᠲᠤᠰ ᠤᠲᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠳᠠᠷᠤᠢ ᠲᠦᠷᠭᠡᠨ ᠤᠯᠠᠮᠵᠢᠯᠠᠨ ᠲᠤᠤᠱᠯᠠᠭᠤᠯᠵᠤ᠂ | ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠪᠠᠶᠢᠷᠢᠯᠠᠭᠤᠯᠤᠯᠲᠠ ᠯᠤᠭ᠎ᠠ ᠨᠢᠭᠡᠳᠬᠡᠵᠤ᠂ ᠡᠭᠦᠷᠭᠡ ᠬᠠᠷᠠᠯᠲᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ | ᠳᠤᠳᠤᠷᠬᠠᠶᠢᠯᠠᠵᠤ᠂ ᠠᠷᠠᠳ ᠲᠦᠮᠡᠨ ᠳᠤ ᠬᠠᠷᠢᠭᠤᠴᠠᠬᠤ ᠳᠡᠭᠡᠲᠦ ᠬᠡᠮᠵᠢᠶᠡᠨ ᠤ ᠬᠠᠷᠢᠭᠤᠴᠠᠯᠭᠠᠲᠦ ᠰᠡᠳᠬᠢᠯᠭᠡ ᠪᠠᠷ | ᠭᠤᠷᠪᠠᠨ ᠲᠦᠷᠦᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠠᠷᠠᠳ ᠲᠦᠮᠡᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠳᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠬᠡᠪᠡ᠃ |