7 ᠰᠠᠷ᠎ᠠ ᠶᠢᠨ 23 ᠤ ᠡᠳᠦᠷ ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ | ᠬᠤᠷᠢᠶᠠᠨ ᠠᠴᠠ ᠵᠤᠬᠢᠶᠠᠨ ᠪᠠᠶᠢᠭᠤᠯᠤᠭᠰᠠᠨ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ | ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠤᠪᠳᠤ | ᠪᠤᠯᠪᠠᠰᠤᠷᠠᠯ ᠤᠨ ᠠᠩᠭᠢ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠬᠢᠴᠢᠶᠡᠯ ᠡᠬᠢᠯᠡᠭᠰᠡᠨ | ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ | ᠱᠦᠵᠢ ᠰᠤᠷᠭᠠᠯᠳᠤ᠂ ᠬᠤᠰᠢᠭᠤ ᠤᠳᠤᠷᠢᠳᠤᠯᠭ᠎ᠠ ᠭᠤᠣ ᠬᠤ᠋᠂ ᠰᠦᠨ ᠰᠢᠶᠣᠣ ᠴᠢᠶᠠᠩ᠂ ᠽᠦᠸᠧ ᠴᠧᠨ ᠭᠤᠸᠠᠩ | ᠬᠢᠴᠢᠶᠡᠯ ᠡᠬᠢᠯᠡᠬᠦ ᠶᠤᠰᠤᠯᠠᠯ ᠳᠤ ᠣᠷᠣᠯᠴᠠᠵᠤ᠂ ᠬᠤᠰᠢᠭᠤ ᠤᠯᠤᠰ ᠲᠦᠷᠤ ᠬᠠᠤᠯᠢ ᠴᠠᠭᠠᠵᠠ ᠶᠢᠨ ᠬᠤᠷᠢᠶᠠᠨ ᠤ | ᠡᠯ᠎ᠡ ᠬᠡᠯᠳᠡᠰ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ᠂ ᠰᠠᠯᠪᠤᠷᠢ᠂ ᠳᠤᠭᠤᠶᠢᠯᠠᠩ ᠤᠨ | ᠬᠠᠷᠢᠭᠤᠴᠠᠯᠭᠠᠲᠠᠨ᠂ ᠬᠡᠰᠡᠭ ᠦᠨᠳᠤᠰᠤᠨ ᠱᠠᠳᠤᠨ ᠤ ᠡᠮᠤᠨ᠎ᠡ ᠹᠷᠤᠨᠲ ᠤᠨ ᠠᠵᠢᠯᠲᠠᠨ ᠵᠢᠴᠢ ᠰᠤᠮᠤ ᠪᠠᠯᠭᠠᠰᠤᠨ | ᠤ ᠤᠯᠤᠰ ᠲᠦᠷᠦ ᠬᠠᠤᠯᠢ ᠴᠠᠭᠠᠵᠠ ᠶᠢᠨ ᠶᠡᠷᠦᠩᠬᠡᠶᠢᠯᠡᠨ ᠵᠠᠰᠠᠬᠤ ᠲᠣᠭᠲᠠᠭᠤᠨ ᠢ ᠬᠠᠮᠠᠭᠠᠯᠠᠬᠤ ᠠᠵᠢᠯᠳᠠᠳ 240 | ᠭᠠᠷᠦᠢ ᠬᠦᠮᠦᠰ ᠪᠤᠯᠪᠠᠰᠤᠷᠠᠯ ᠳᠤ ᠤᠷᠤᠯᠴᠠᠵᠠᠢ᠃ | ᠰᠤᠷᠭᠠᠯᠳᠤ ᠵᠢᠭᠠᠬᠤ ᠳᠤ ᠪᠠᠨ᠂ ᠲᠤᠰ ᠤᠳᠠᠭᠠᠨ ᠤ ᠪᠤᠯᠪᠠᠰᠤᠷᠠᠯ ᠨᠢ ᠪᠦᠬᠦ ᠬᠤᠰᠢᠭᠤᠨ ᠤ ᠤᠯᠤᠰ ᠲᠦᠷᠦ | ᠬᠠᠤᠯᠢ ᠴᠠᠭᠠᠵᠠ ᠶᠢᠨ ᠰᠢᠰᠲ᠋ᠧᠮ ᠪᠠ ᠦᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠱᠠᠭᠠᠷᠳᠠᠯᠭ᠎ᠠ ᠶᠢ ᠪᠡᠶᠡᠯᠡᠭᠦᠯᠵᠤ᠂ ᠰᠢᠨ᠎ᠡ ᠴᠠᠭ ᠦᠶ᠎ᠡ ᠶᠢᠨ ᠤᠯᠤᠰ | ᠲᠦᠷᠦ ᠬᠠᠤᠯᠢ ᠴᠠᠭᠠᠵᠠ ᠶᠢᠨ ᠠᠵᠢᠯ ᠤᠨ ᠬᠦᠭᠵᠢᠯᠳᠡ ᠶᠢᠨ ᠬᠠᠷᠠᠯᠳᠠ ᠪᠠᠨ ᠲᠤᠭᠲᠠᠭᠠᠵᠤ᠂ ᠡᠭᠦᠷᠭᠡ | ᠬᠠᠷᠢᠭᠤᠴᠠᠯᠭ᠎ᠠ ᠪᠠᠨ ᠪᠡᠶᠡᠯᠡᠬᠦᠯᠥᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠭᠰᠠᠨ ᠪᠠᠶᠢᠨ᠎ᠠ᠃ ᠡᠨᠡ ᠨᠢ ᠤᠯᠠᠮ | ᠨᠢᠬᠡ ᠠᠯᠬᠤᠮ ᠦᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠤᠯᠤᠰ ᠲᠦᠷᠦ ᠶᠢᠨ ᠬᠡᠪ | ᠪᠤᠯᠪᠠᠰᠤᠷᠠᠯ ᠢ ᠳᠡᠭᠡᠭᠰᠢᠯᠡᠭᠦᠯᠵᠤ᠂ ᠮᠡᠷᠭᠡᠵᠢᠯ ᠦᠢᠯᠡᠳᠦᠯᠭᠡ ᠶᠢᠨ ᠬᠢᠷᠢ ᠳᠦᠪᠰᠢᠨ ᠢ ᠳᠡᠭᠡᠭᠰᠢᠯᠡᠭᠦᠯᠬᠦ ᠳᠤ | ᠠᠴᠢᠶᠠᠯᠠᠭᠴᠢ ᠪᠤᠯᠤᠭᠰᠠᠨ ᠪᠠᠶᠢᠨ᠎ᠠ ᠭᠡᠪᠡ᠃ | ᠰᠤᠷᠭᠠᠯᠳᠤ ᠱᠠᠭᠠᠷᠳᠠᠬᠤ ᠳᠠᠭᠠᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠡᠯ᠎ᠡ ᠰᠠᠯᠠᠭ᠎ᠠ | ᠮᠥᠴᠢᠷ ᠤᠨ ᠨᠠᠮ ᠤᠨ ᠬᠤᠷᠢᠶ᠎ᠠ ᠤᠯᠤᠰ ᠲᠦᠷᠦ ᠶᠢᠨ ᠪᠠᠶᠢᠷᠢ ᠰᠠᠭᠤᠷᠢ ᠪᠠᠨ ᠳᠡᠭᠡᠭᠰᠢᠯᠡᠭᠦᠯᠵᠤ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭᠠᠨ | ᠤ ᠭᠤᠤᠯ ᠴᠦᠮ᠎ᠡ ᠶᠢ ᠬᠦᠢᠴᠡᠳ ᠰᠤᠷᠤᠯᠴᠠᠨ ᠤᠶᠢᠯᠠᠭᠠᠵᠤ ᠪᠣᠳᠠᠲᠠᠢ ᠲᠠᠢ ᠤᠶᠠᠯᠳᠤᠭᠤᠯᠤᠨ ᠵᠦᠪ ᠤᠨᠤᠪᠴᠢᠲᠠᠢ | ᠡᠵᠡᠮᠳᠡᠬᠦ ᠬᠡᠷᠡᠭᠲᠡᠢ᠃ ᠤᠯᠤᠰ ᠲᠦᠷᠦ ᠶᠢᠨ ᠴᠢᠳᠠᠪᠤᠷᠢ ᠪᠠᠨ ᠨᠡᠮᠡᠭᠳᠡᠭᠦᠯᠵᠤ᠂ ᠤᠯᠤᠰ ᠲᠦᠷᠦ ᠬᠠᠤᠯᠢ ᠴᠠᠭᠠᠵᠠ | ᠶᠢᠨ ᠪᠠᠶᠢᠭᠤᠯᠤᠮᠵᠢ ᠶᠢᠨ ︽ᠲᠦᠷᠪᠡᠨ ᠦᠨᠳᠤᠰᠤᠨ ᠰᠢᠨᠵᠢ ᠴᠢᠨᠠᠷ︾ ᠤᠨ ᠠᠭᠤᠯᠤᠭᠳᠠᠬᠤᠨᠢ ᠤᠨᠤᠪᠴᠢᠲᠠᠢ ᠪᠠᠷ | ᠤᠶᠢᠯᠠᠭᠠᠨ᠂ ᠤᠯᠤᠰ ᠲᠦᠷᠦ ᠬᠠᠦᠯᠢ ᠴᠠᠭᠠᠵᠠ ᠶᠢᠨ ᠡᠯ᠎ᠡ ᠲᠦᠷᠦᠯ ᠤᠨ ᠠᠵᠢᠯ ᠢᠶᠠᠨ ᠰᠠᠶᠢᠳᠤᠷ ᠬᠢᠬᠦ ᠬᠡᠷᠡᠭᠲᠡᠢ᠃ | ᠤᠯᠤᠰ ᠲᠦᠷᠤ ᠶᠢᠨ ᠬᠠᠷᠢᠭᠤᠴᠠᠯᠭ᠎ᠠ ᠪᠠᠨ ᠴᠢᠩᠭᠠᠳᠬᠠᠨ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠭᠤᠤᠯᠳᠠᠯᠭ᠎ᠠ ᠪᠠ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠠᠶᠤᠯ ᠲᠦᠭᠰᠢᠭᠦᠷᠢ | ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠭᠤᠤᠯᠳᠠᠯᠭ᠎ᠠ ᠲᠠᠢ ᠠᠳᠬᠤᠵᠤ᠂ ᠤᠯᠤᠰ ᠲᠦᠷᠦ ᠬᠠᠤᠯᠢ ᠴᠠᠭᠠᠵᠠ ᠶᠢᠨ | ᠪᠠᠶᠢᠭᠤᠯᠤᠮᠵᠢ ᠶᠢᠨ ᠦᠭᠡᠷᠡᠴᠢᠯᠡᠯᠳᠡ ᠢ ᠠᠬᠢᠭᠤᠯᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠣᠳᠣᠬᠢᠴᠢᠯᠠᠯᠲᠠ ᠶᠢ ᠪᠡᠶᠡᠯᠡᠭᠦᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠦᠳᠦᠭᠡᠨ ᠪᠠᠶᠢᠭᠤᠯᠤᠯᠳᠠ | ᠶᠢᠨ ᠠᠵᠢᠯ ᠢ ᠴᠢᠩᠭᠠᠳᠬᠠᠬᠤ ᠬᠡᠷᠡᠭᠲᠡᠢ ᠭᠡᠵᠡᠢ᠃ | ᠲᠤᠰ ᠤᠳᠠᠭᠠᠨ ᠤ ᠪᠤᠯᠪᠠᠰᠤᠷᠠᠯ ᠨᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠤᠨ ᠪᠠᠭᠰᠢ | ᠵᠢᠴᠢ ᠲᠤᠳᠤᠭᠠᠳᠤ ᠶᠢ ᠬᠠᠮᠠᠭᠠᠯᠠᠬᠤ ᠲᠤᠪᠴᠢᠶ᠎ᠡ᠂ ᠰᠢᠭᠦᠭᠦ ᠬᠤᠷᠢᠶᠠᠨ ᠤ ᠬᠠᠷᠢᠭᠤᠴᠠᠯᠭᠠᠳᠠᠳ ᠢ ᠲᠤᠰᠬᠠᠶᠢᠯᠠᠨ | ᠤᠷᠢᠵᠤ ᠲᠤᠬᠠᠶᠢᠯᠠᠭᠰᠠᠨ ᠠᠵᠢᠯ ᠲᠠᠢ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠬᠤ ᠪᠠ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠨ ᠠᠮᠤᠷ ᠢ ᠬᠠᠮᠠᠭᠠᠯᠠᠬᠤ ᠠᠵᠢᠯ ᠢᠶᠠᠨ ᠰᠠᠶᠢᠲᠤᠷ ᠠᠳᠬᠤᠬᠤ᠂ ᠰᠢᠭᠦᠭᠦ ᠬᠤᠷᠢᠶᠠᠨ ᠤ ᠠᠵᠢᠯ | ᠵᠡᠷᠭᠡ ᠳᠤ ᠲᠤᠰᠬᠠᠢ ᠰᠡᠳᠦᠪ ᠢᠶᠠᠷ ᠲᠠᠶᠢᠯᠪᠤᠷᠢ ᠵᠢᠯᠣᠭᠤᠳᠤᠯᠭ᠎ᠠ ᠬᠢᠯᠭᠡᠵᠦ᠂ ᠦᠷᠭᠡᠨ ᠤᠯᠠᠨ ᠤᠯᠤᠰ ᠲᠦᠷᠦ | ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠤᠯᠤᠰ ᠲᠦᠷᠦ ᠶᠢᠨ ᠤᠨᠤᠯ ᠤᠨ ᠬᠢᠷᠢ ᠲᠦᠪᠰᠢᠨ ᠪᠠ ᠶᠡᠷᠦᠩᠭᠡᠶᠢᠯᠡᠭᠰᠡᠨ | ᠬᠡᠪ ᠴᠢᠨᠠᠷ ᠢ ᠳᠡᠭᠡᠭᠰᠢᠯᠡᠭᠦᠯᠵᠤ ᠴᠢᠳᠠᠭᠰᠠᠨ ᠪᠠᠶᠢᠨ᠎ᠠ᠃ |