ᠬᠤᠶᠠᠳᠤᠭᠠᠷ ᠬᠤᠭᠤᠴᠠᠭᠠᠨ ᠤ ︽ᠢᠯᠳᠡ︾ ᠬᠤᠨᠳᠠᠭᠠᠲᠤ ᠬᠦᠯ ᠪᠦᠮᠪᠦᠬᠡᠨ ᠤ ᠣᠷᠣᠯᠳᠣᠭᠠᠨ ᠡᠬᠢᠯᠡᠪᠡ
ᠨᠡᠶᠢᠲᠡᠯᠡᠭᠰᠡᠨ ᠴᠠᠭ᠄
2018-07-30
      ᠬᠤᠰᠢᠭᠤ ᠬᠦᠯ ᠪᠦᠮᠪᠦᠬᠡᠨ ᠤ ᠬᠦᠭᠵᠢᠯᠲᠡ ᠶᠢ ᠠᠬᠢᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯ ᠢ ᠰᠠᠶᠢᠲᠤᠷ ᠬᠢᠬᠦ ᠶᠢᠨ ᠲᠦᠯᠦᠭᠡ ᠣᠶᠢᠷ᠎ᠠ ᠳᠤ ᠬᠤᠰᠢᠭᠤ ᠪᠡᠶ᠎ᠡ ᠲᠠᠮᠢᠷ ᠤᠨ ᠦᠢᠯᠡᠰ ᠤᠨ ᠬᠦᠭᠵᠢᠬᠦᠯᠦᠯᠲᠡ  ᠶᠢᠨ ᠲᠦᠪ ᠪᠤᠯᠤᠨ ᠬᠤᠰᠢᠭᠤ ︽ᠢᠯᠳᠡ︾ ᠬᠦᠯ ᠪᠦᠮᠪᠦᠬᠡᠨ ᠤ ᠺᠯᠥ᠋ᠪ ᠬᠠᠮᠲᠤᠷᠠᠵᠤ ᠬᠤᠶᠠᠳᠤᠭᠠᠷ ᠬᠤᠭᠤᠴᠠᠭᠠᠨ  ᠤ ︽ᠢᠯᠳᠡ︾ ᠬᠤᠨᠳᠠᠭᠠᠲᠤ ᠬᠦᠯ ᠪᠦᠮᠪᠦᠬᠡᠨ ᠣᠷᠣᠯᠳᠣᠭᠠᠨ ᠢ ᠬᠤᠰᠢᠭᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠲᠤ ᠶᠠᠪᠤᠭᠳᠠᠭᠤᠯᠤᠭᠰᠠᠨ ᠪᠠᠶᠢᠨ᠎ᠠ᠃ ᠡᠨᠡ ᠤᠳᠠᠭᠠᠨ ᠤ ᠤᠷᠤᠯᠳᠤᠭᠠᠨ ᠳᠤ ᠮᠠᠨ ᠤ ᠬᠤᠰᠢᠭᠤᠨ ᠤ ᠬᠦᠯ ᠪᠦᠮᠪᠦᠭᠡᠨ ᠤ ᠪᠠᠭ᠋ᠠᠲᠠᠳ ᠢᠶᠠᠷ ᠪᠦᠷᠢᠯᠳᠦᠭᠰᠡᠨ 14 ᠳᠤᠭᠤᠶᠢᠯᠠᠩ ᠤᠨ ᠵᠠᠭᠤ ᠭᠠᠷᠤᠢ ᠲᠠᠮᠢᠷᠴᠢᠳ ᠤᠷᠤᠯᠴᠠᠵᠤ᠂ ᠦᠪᠡᠷ ᠦᠪᠡᠷ ᠤᠨ ᠠᠪᠢᠶᠠᠰ ᠴᠢᠳᠠᠪᠤᠷᠢ ᠤᠷ᠎ᠠ ᠮᠡᠷᠭᠡᠵᠢᠯ ᠢᠶᠠᠨ ᠰᠢᠯᠭᠠᠷᠠᠭᠤᠯᠤᠭᠰᠠᠨ ᠪᠠᠶᠢᠨ᠎ᠠ᠃       ᠤᠶᠢᠯᠠᠭᠠᠭᠰᠠᠨ ᠢᠶᠠᠷ᠂ ᠡᠨᠡ ᠤᠳᠠᠭᠠᠨ ᠤ ᠤᠷᠤᠯᠳᠤᠭᠠᠨ ᠨᠢ 10 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 8 ᠰᠠᠷ᠎ᠠ ᠶᠢᠨ 1 ᠳᠤ ᠰᠢᠢᠳᠪᠦᠷᠢᠲᠤ ᠤᠷᠤᠯᠳᠤᠭᠠᠨ ᠪᠤᠯᠤᠨ ᠱᠠᠩᠨᠠᠯ ᠤᠯᠭᠤᠬᠤ ᠶᠤᠰᠤᠯᠠᠯ ᠢ ᠶᠠᠪᠤᠭᠳᠠᠭᠤᠯᠬᠤ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号