7 ᠰᠠᠷ᠎ᠠ ᠶᠢᠨ 26 ᠤ ᠡᠳᠤᠷ᠂ ᠬᠤᠲᠠ ᠶᠢᠨ ᠨᠠᠮ ᠤᠨ ᠬᠤᠷᠢᠶᠠᠨ ᠤ ᠬᠠᠷ᠎ᠠ ᠪᠦᠯᠦᠭᠲᠡᠨ ᠬᠠᠷᠬᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠢᠨᠠᠨ ᠵᠢᠯᠤᠭᠤᠳᠴᠦ ᠳᠠᠶᠢᠴᠢᠯᠠᠬᠤ ᠬᠠᠷᠢᠭᠤ ᠮᠡᠳᠡᠭᠦᠯᠦᠯᠲᠡ ᠶᠢᠨ | ᠬᠤᠷᠠᠯ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠬᠤᠷᠠᠯᠳᠤᠭᠰᠠᠨ ᠪᠠᠶᠢᠨ᠎ᠠ᠃ | ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠬᠦᠬᠦ | ᠬᠤᠷᠢᠶᠠᠨ ᠤ ᠪᠠᠶᠢᠴᠠᠭᠠᠨ ᠰᠤᠳᠤᠯᠤᠭᠴᠢ ᠽᠠᠩ ᠵᠢᠶᠡᠨ ᠫᠢᠩ᠂ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ | ᠤ ᠱᠦᠵᠢ ᠰᠤᠷᠭᠠᠯᠲᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠬᠢᠶᠠᠨ ᠪᠠᠶᠢᠭᠤᠯᠬᠤ | ᠭᠡᠯᠲᠡᠰ ᠤᠨ ᠳᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ | ᠪᠠᠲᠦ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠡᠨ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ | ᠤᠳᠤᠷᠢᠳᠤᠯᠭ᠎ᠠ ᠭᠤᠤ ᠬᠤ᠋᠂ ᠸᠠᠩ ᠭᠠᠩ᠂ ᠰᠦᠨ ᠰᠢᠶᠤᠤ ᠴᠢᠶᠠᠩ᠂ ᠽᠦᠸᠧ ᠴᠧᠨ ᠭᠤᠸᠠᠩ ᠵᠢᠴᠢ ᠬᠤᠰᠢᠭᠤ | ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠪᠠᠭ᠎ᠠ ᠳᠤᠭᠤᠶᠢᠯᠠᠩ ᠤᠨ | ᠡᠯ᠎ᠡ ᠪᠦᠷᠢᠯᠳᠦᠭᠦᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃ | | | | | ᠬᠤᠷᠠᠯ ᠳᠡᠭᠡᠷ᠎ᠡ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠴᠢᠬᠤᠯᠠᠴᠢᠯᠠᠬᠤ ᠳᠤ ᠪᠠᠨ᠂ ᠬᠠᠷ᠎ᠠ | ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠢᠨᠠᠨ ᠵᠢᠯᠤᠭᠤᠳᠬᠤ ᠠᠵᠢᠯ ᠤᠨ ᠴᠢᠬᠤᠯᠠ | ᠴᠢᠨᠠᠷ ᠢ ᠬᠦᠢᠴᠡᠳ ᠲᠠᠨᠢᠬᠤ ᠭᠡᠷᠡᠭᠲᠡᠢ᠃ ᠤᠯᠤᠰ ᠲᠦᠷᠦ ᠶᠢᠨ ᠵᠤᠭᠰᠤᠴᠠ᠂ ᠬᠠᠤᠯᠢ ᠶᠤᠰᠤᠭᠠᠷ ᠴᠢᠩᠭ᠎ᠠ ᠪᠠᠷ | ᠰᠢᠳᠬᠡᠬᠦ᠂ ᠶᠡᠷᠦᠩᠬᠡᠶᠢᠯᠡᠨ ᠵᠠᠰᠠᠬᠤ᠂ ᠬᠦᠨᠵᠡᠭᠡᠢ ᠠᠭᠤᠳᠠᠯᠠᠨ ᠬᠦᠢᠴᠡᠳ ᠪᠠᠶᠢᠴᠠᠭᠠᠬᠤ᠂ ᠵᠤᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠪᠠᠷ ᠬᠢᠨᠠᠨ ᠵᠢᠯᠤᠭᠤᠳᠴᠦ᠂ ᠬᠠᠷ᠎ᠠ ᠪᠦᠯᠦᠭᠲᠡᠨ | ᠬᠠᠷᠬᠢᠰ ᠬᠦᠴᠦᠨ ᠤ ᠰᠦᠪᠡᠭᠴᠢ ᠶᠢᠨ ᠠᠰᠠᠭᠤᠳᠠᠯ᠂ ᠠᠯᠪᠠᠨ ᠲᠤᠰᠢᠶᠠᠯᠲᠠᠳ ᠤᠨ ᠬᠠᠷ᠎ᠠ ᠪᠦᠯᠦᠭᠲᠡᠨ ᠬᠠᠷᠬᠢᠰ | ᠬᠦᠴᠦᠨ ᠤ ︽ᠬᠠᠮᠠᠭᠠᠯᠠᠭᠴᠢ︾ ᠪᠤᠯᠬᠤ ᠠᠰᠠᠭᠤᠳᠠᠯ᠂ ᠡᠷᠬᠡ ᠲᠤᠰᠢᠶᠠᠯ ᠲᠠᠢ ᠰᠠᠯᠠᠭ᠎ᠠ ᠮᠦᠴᠢᠷ ᠤᠨ ᠬᠠᠷ᠎ᠠ | ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠳᠤ ᠨᠠᠵᠠᠭᠠᠢ ᠤᠪᠤᠷ ᠢᠶᠠᠷ ᠬᠠᠨᠳᠤᠬᠤ᠂ | ᠠᠯᠪᠠᠨ ᠲᠤᠰᠢᠶᠠᠯ ᠳᠤ ᠠᠯᠮᠠᠶᠢᠷᠠᠨ ᠤᠰᠤᠯᠳᠠᠬᠤ ᠵᠡᠷᠭᠡ ᠠᠰᠠᠭᠤᠳᠠᠯ ᠢ ᠴᠢᠷᠮᠠᠶᠢᠨ ᠢᠯᠡᠷᠡᠭᠦᠯᠵᠤ᠂ ᠠᠰᠠᠭᠤᠳᠠᠯ ᠢ | ᠴᠡᠭᠴᠡᠯᠡᠨ᠂ ᠬᠠᠷᠢᠭᠤᠴᠠᠯᠭ᠎ᠠ ᠪᠠᠨ ᠲᠤᠤᠱᠯᠠᠭᠤᠯᠬᠤ ᠶᠢ ᠠᠬᠢᠭᠤᠯᠬᠤ ᠬᠡᠷᠡᠭᠲᠡᠢ᠃ ᠪᠤᠰᠤᠳᠴᠢ ᠪᠤᠳᠠᠳᠠᠢ ᠪᠠᠷ | ᠠᠰᠠᠭᠤᠳᠠᠯ ᠢ ᠲᠤᠰᠬᠠᠵᠤ᠂ ᠬᠢᠨᠠᠨ ᠵᠢᠯᠤᠭᠤᠳᠬᠤ ᠠᠵᠢᠯ ᠢ ᠨᠦᠯᠦᠭᠡᠯᠡᠬᠦ ᠦᠭᠡᠢ ᠪᠠᠶᠢᠵᠤ᠂ ᠵᠤᠬᠢᠰᠲᠠᠢ ᠪᠠᠲᠤᠯᠠᠭ᠎ᠠ | ᠬᠠᠩᠭᠠᠬᠤ ᠬᠡᠷᠡᠭᠲᠡᠢ᠃ ᠬᠢᠨᠠᠨ ᠵᠢᠯᠤᠭᠤᠳᠬᠤ ᠬᠤᠭᠤᠴᠠᠭᠠᠨ ᠳᠤ᠂ ᠢᠯᠡ ᠪᠠᠷ ᠬᠢᠨᠠᠨ ᠵᠢᠯᠤᠭᠤᠳᠴᠦ ᠰᠤᠨᠢᠨ | ᠮᠡᠳᠡᠭᠡᠨ ᠤ ᠵᠠᠭᠤᠴᠢᠯᠠᠭᠤᠷ ᠢᠶᠠᠷ ᠲᠠᠮᠵᠢᠨ ᠨᠡᠶᠢᠬᠡᠮ ᠨᠡᠶᠢᠲᠡ ᠳᠤ ᠬᠠᠷᠢᠯᠴᠠᠬᠤ ᠤᠳᠠᠰᠦ ᠶᠢ ᠢᠯᠡ ᠪᠤᠯᠭᠠᠨ᠂ | ᠰᠠᠨᠠᠭᠠᠴᠢᠯᠭ᠎ᠠ ᠲᠠᠢ ᠪᠠᠷ ᠠᠰᠠᠭᠤᠳᠠᠯ ᠢ ᠡᠷᠢᠵᠤ ᠠᠰᠠᠭᠤᠳᠠᠯ ᠢ ᠨᠢᠭᠤᠵᠤ ᠳᠠᠯᠳᠠᠯᠠᠬᠤ ᠦᠭᠡᠢ ᠪᠠᠷ ᠬᠢᠨᠠᠨ | ᠵᠢᠯᠤᠭᠤᠳᠬᠤ ᠳᠤᠭᠤᠶᠢᠯᠠᠩ ᠤᠨ ᠢᠯᠡᠷᠡᠭᠦᠯᠵᠤ ᠲᠤᠰᠬᠠᠵᠤ ᠵᠢᠭᠠᠵᠤ ᠭᠠᠷᠭᠠᠭᠰᠠᠨ ᠠᠰᠠᠭᠤᠳᠠᠯ ᠢ ᠬᠠᠤᠯᠢ ᠶᠤᠰᠤᠭᠠᠷ | ᠪᠠᠶᠢᠴᠠᠭᠠᠨ ᠰᠢᠢᠳᠪᠤᠷᠢᠯᠡᠵᠤ᠂ ᠢᠳᠡᠪᠬᠢᠲᠠᠢ ᠪᠠᠷ ᠴᠡᠭᠴᠡᠯᠡᠨ ᠦᠭᠡᠷᠡᠴᠢᠯᠡᠬᠦ ᠶᠢᠨ ᠵᠡᠷᠭᠡᠪᠡᠷ ᠠᠰᠠᠭᠤᠳᠠᠯ ᠤᠨ | ᠦᠨᠳᠦᠰᠦᠨ ᠰᠢᠯᠲᠠᠭᠠᠨ ᠢ ᠵᠠᠲᠠᠯᠵᠤ ᠤᠷᠳᠤ ᠬᠤᠭᠤᠴᠠᠭᠠᠨ ᠤ ᠲᠤᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠬᠡᠪᠡ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠤ ᠬᠠᠷ᠎ᠠ | ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ ᠤᠯᠤᠰ ᠲᠦᠷᠦ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ ᠪᠤᠯᠤᠨ ᠤᠶᠢᠯᠡ ᠠᠵᠢᠯᠯᠠᠭᠠᠨ ᠤ ᠤᠬᠠᠮᠰᠠᠷ᠂ ︽ᠳᠦᠷᠪᠡᠨ ᠦᠵᠡᠯ ᠤᠬᠠᠮᠰᠠᠷ︾ ᠢ | ᠴᠢᠩᠭᠠᠳᠬᠠᠵᠤ᠂ ᠨᠠᠷᠢᠯᠢᠭ ᠵᠤᠬᠢᠶᠠᠨ ᠪᠠᠶᠢᠭᠤᠯᠵᠤ ᠪᠦᠬᠦ ᠬᠦᠴᠦᠨ ᠢᠶᠠᠷ ᠬᠠᠮᠵᠢᠯᠴᠠᠨ᠂ ᠳᠠᠷᠤᠢ ᠲᠦᠷᠭᠡᠨ | ᠬᠦᠳᠡᠯᠦᠯᠴᠡᠵᠤ ᠯᠠᠪᠳᠠᠭᠤᠨ ᠢᠶᠠᠷ ᠠᠬᠢᠭᠤᠯᠤᠨ ᠰᠠᠶᠢᠲᠤᠷ ᠲᠤᠤᠱᠯᠠᠭᠤᠯᠬᠤ ᠬᠡᠷᠡᠭᠲᠡᠢ᠃ ᠠᠰᠠᠭᠤᠳᠠᠯ ᠤᠨ | ᠤᠳᠤᠷᠢᠳᠤᠮᠵᠢ ᠶᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠬᠦᠴᠦᠲᠠᠢ ᠦᠷᠨᠢᠭᠦᠯᠵᠤ ᠭᠤᠤᠯᠳᠠᠯᠭ᠎ᠠ ᠲᠠᠢ ᠤᠷᠤᠨ ᠲᠤᠭᠤᠷᠢᠭ᠂ ᠠᠵᠢᠯ ᠲᠦᠷᠦᠯ᠂ ᠬᠦᠷᠢᠶ᠎ᠡ ᠴᠠᠷᠠᠭ᠎ᠠ ᠪᠤᠯᠤᠨ | ᠬᠦᠮᠦᠰ ᠤᠨ ᠲᠤᠭᠤᠷᠢᠨ ᠳᠤ ᠡᠯ᠎ᠡ ᠲᠦᠷᠦᠯ ᠤᠨ ᠬᠠᠷ᠎ᠠ ᠪᠦᠯᠦᠭᠲᠡᠨ ᠬᠠᠷᠬᠢᠰ ᠬᠦᠴᠦᠨ ᠤ ᠬᠠᠤᠯᠢ ᠶᠢ ᠵᠤᠷᠢᠴᠡᠭᠰᠡᠨ | ᠠᠵᠢᠯᠯᠠᠭᠠᠨ ᠳᠤ ᠴᠢᠩᠭ᠎ᠠ ᠴᠤᠬᠢᠯᠲᠠ ᠦᠭᠴᠦ᠂ ᠬᠠᠤᠯᠢ ᠶᠤᠰᠤᠭᠠᠷ ᠴᠢᠩᠭ᠎ᠠ ᠪᠠᠷ ᠰᠢᠳᠬᠡᠨ᠂ ᠬᠠᠷᠢᠯᠴᠠᠨ | ᠬᠠᠮᠲᠤᠷᠠᠯᠴᠠᠵᠤ ᠪᠠᠶᠢᠭᠠᠳ ᠡᠷᠲᠡᠭᠡᠨ ᠴᠤᠬᠢᠯᠲᠠ ᠦᠭᠴᠦ ᠨᠢᠭᠡ ᠭᠡᠷᠡᠭ ᠢ ᠤᠯᠠᠨ ᠲᠠᠯ᠎ᠠ ᠪᠠᠷ ᠪᠠᠶᠢᠴᠠᠭᠠᠨ ᠲᠠᠩᠰᠠ | ᠡᠪᠬᠡᠮᠡᠯ ᠪᠠᠶᠢᠭᠤᠯᠵᠤ᠂ ᠴᠠᠭ ᠢᠮᠠᠭᠲᠠ ᠴᠢᠩᠭ᠎ᠠ ᠴᠤᠬᠢᠯᠲᠠ ᠦᠭᠴᠦ ᠳᠠᠷᠤᠯᠲᠠ ᠦᠭᠬᠦ ᠪᠠᠶᠢᠳᠠᠯ ᠢᠶᠠᠨ ᠪᠠᠷᠢᠮᠲᠠᠯᠠᠨ | ᠬᠦᠢᠴᠡᠳ ᠠᠷᠢᠯᠭᠠᠬᠤ ᠬᠡᠷᠡᠭᠲᠡᠢ᠃ ᠲᠤᠬᠢᠷᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷ᠎ᠠ ᠪᠦᠯᠦᠭᠲᠡᠨ | ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠦᠴᠦᠷᠭᠡᠭ ᠶᠡᠭᠡ ᠬᠠᠮᠲᠦ ᠶᠢᠨ ᠬᠦᠴᠦᠨ ᠢ ᠪᠤᠢ ᠪᠤᠯᠭᠠᠨ | ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠭᠤᠤᠯ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠤ | ᠬᠠᠤᠯᠢ ᠶᠤᠰᠤᠭᠠᠷ ᠵᠠᠰᠠᠭ ᠶᠠᠪᠤᠭᠤᠯᠵᠤ ᠬᠠᠤᠯᠢ ᠶᠤᠰᠤᠭᠠᠷ ᠬᠠᠷᠢᠭᠤᠴᠠᠯᠭ᠎ᠠ ᠪᠠᠨ ᠬᠦᠢᠴᠡᠳᠬᠡᠨ ᠨᠢᠭᠡᠲᠦᠯᠳᠡᠢ | ᠬᠠᠮᠢᠶᠠᠷᠴᠤ ᠡᠯ᠎ᠡ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ ᠪᠠᠶᠢᠭᠠᠳ ᠬᠠᠷ᠎ᠠ ᠪᠦᠯᠦᠭᠲᠡᠨ ᠬᠠᠷᠬᠢᠰ | ᠬᠦᠴᠦᠨ ᠤ ᠬᠠᠤᠯᠢ ᠶᠢ ᠵᠦᠷᠢᠴᠡᠭᠰᠡᠨ ᠠᠵᠢᠯᠯᠠᠭᠠᠨ ᠤ ᠳᠤᠪᠤᠶᠢᠮ᠎ᠠ ᠠᠰᠠᠭᠤᠳᠠᠯ ᠢ ᠤᠷᠢᠳᠴᠢᠯᠠᠨ ᠰᠡᠷᠭᠡᠶᠢᠯᠡᠨ | ᠰᠢᠢᠳᠪᠤᠷᠢᠯᠡᠬᠦ ᠬᠡᠷᠡᠭᠲᠡᠢ᠃ ᠪᠦᠬᠦ ᠬᠦᠴᠦᠨ ᠢᠶᠠᠷ ᠢᠶᠠᠨ ᠬᠠᠮᠲᠤᠷᠠᠯᠴᠠᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠬᠢᠨᠠᠨ ᠵᠢᠯᠤᠭᠤᠳᠬᠤ ᠠᠵᠢᠯ ᠤᠨ ᠤᠷᠤᠭᠰᠢᠲᠠᠢ ᠦᠷᠨᠢᠭᠦᠯᠦᠭᠳᠡᠬᠦ ᠶᠢ ᠪᠠᠲᠤᠯᠠᠵᠤ᠂ | ᠬᠤᠲᠠ ᠶᠢᠨ ᠨᠠᠮ ᠤᠨ ᠬᠤᠷᠢᠶᠠᠨ ᠤ ᠬᠢᠨᠠᠨ ᠵᠢᠯᠤᠭᠤᠳᠬᠤ ᠠᠵᠢᠯ ᠢ ᠪᠦᠬᠦ ᠬᠦᠴᠦᠨ ᠢᠶᠠᠷ ᠬᠠᠮᠵᠢᠯᠴᠠᠨ᠂ ︽ | ᠵᠠᠬᠢᠳᠠᠯ ᠰᠤᠷᠪᠤᠯᠵᠢᠯᠠᠭ᠎ᠠ᠂ ᠲᠤᠤᠷ ᠰᠦᠯᠵᠢᠶ᠎ᠡ᠂ ᠳ᠋ᠢᠶᠡᠩᠬᠤᠸᠠ︾ ᠪᠠᠷ ᠢᠯᠡᠴᠢᠯᠡᠬᠦ ᠲᠠᠪᠴᠠᠩ ᠢ ᠰᠠᠭᠠᠳ ᠦᠭᠡᠢ | ᠪᠠᠶᠢᠯᠭᠠᠵᠤ ᠨᠡᠶᠢᠬᠡᠮ ᠤᠨ ᠶᠡᠷᠦᠩᠬᠡᠶᠢᠯᠡᠨ ᠵᠠᠰᠠᠬᠤ ᠤᠷᠳᠤ ᠬᠤᠭᠤᠴᠠᠭᠠᠨ ᠤ ᠲᠤᠭᠳᠠᠯᠴᠠᠭ᠎ᠠ ᠶᠢ ᠪᠠᠶᠢᠭᠤᠯᠵᠤ | ᠪᠦᠷᠢᠨᠵᠢᠬᠦᠯᠬᠦ ᠬᠡᠷᠡᠭᠲᠡᠢ ᠬᠡᠪᠡ᠃ | ᠰᠤᠷᠭᠠᠯᠲᠦ ᠮᠠᠨ ᠤ ᠬᠤᠰᠢᠭᠤᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ | ᠤᠨ ᠠᠵᠢᠯ ᠤᠨ ᠦᠷᠨᠢᠯᠲᠡ ᠶᠢᠨ ᠪᠠᠶᠢᠳᠠᠯ ᠳᠤ ᠬᠠᠷᠢᠭᠤ ᠮᠡᠳᠡᠭᠦᠯᠦᠯᠲᠡ ᠬᠢᠪᠡ᠃ |