ᠯᠢ ᠺᠧ ᠴᠢᠶᠠᠩ᠄ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠥ ᠵᠠᠰᠠᠭ ᠤᠨ ᠤᠷᠳᠤᠨ ᠤ ᠡᠬᠦᠷᠬᠡ ᠴᠢᠳᠡᠪᠬᠢ ᠶᠢ ᠬᠤᠪᠢᠷᠠᠭᠤᠯᠬᠤ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2018-07-04
     6 ᠰᠠᠷ᠎ᠠ ᠶᠢᠨ 28 ᠤ ᠡᠳᠤᠷ᠂ ᠲᠦᠷᠦ ᠶᠢᠨ ᠶᠠᠪᠤᠳᠠᠯ ᠤᠨ ᠬᠤᠷᠢᠶ᠎ᠡ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠬᠦᠨᠵᠡᠬᠡᠶᠢᠷᠡᠬᠦᠯᠵᠥ ᠵᠠᠰᠠᠭ ᠤᠨ ᠤᠷᠳᠤᠨ ᠤ ᠡᠬᠦᠷᠬᠡ ᠴᠢᠳᠡᠪᠬᠢ ᠶᠢ ᠬᠤᠪᠢᠷᠠᠭᠤᠯᠬᠤ ᠲᠧᠯᠸᠢᠰ ᠳ᠋ᠢᠶᠠᠩᠬᠤᠸᠠ ᠬᠤᠷᠡᠯ ᠬᠤᠷᠡᠯᠳᠤᠭᠤᠯᠪᠠ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠡᠨ ᠤ ᠶᠡᠷᠤᠩᠬᠡᠢ ᠰᠠᠶᠢᠳ ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠵᠠᠢ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠡᠨ ᠤ ᠲᠡᠳ᠋ ᠶᠡᠷᠤᠩᠬᠡᠢ ᠰᠠᠶᠢᠳ ᠬᠠᠨ ᠵᠧᠩ ᠬᠤᠷᠡᠯ ᠢ ᠡᠷᠬᠢᠯᠡᠪᠡ᠃ ᠲᠦᠷᠦ ᠶᠢᠨ ᠶᠠᠪᠤᠳᠠᠯ ᠤᠨ ᠬᠤᠷᠢᠶᠡᠨ ᠤ ᠲᠡᠳ᠋ ᠶᠡᠷᠤᠩᠬᠡᠢ ᠰᠠᠶᠢᠳ ᠰᠦᠨ ᠴᠦᠨ ᠯᠠᠨ ᠂ ᠬᠤ᠋ ᠴᠦᠨ ᠬᠤᠸᠠ᠂ ᠯᠢᠦ ᠡᡁᠧ᠂ ᠲᠦᠷᠦ ᠶᠢᠨ ᠶᠠᠪᠤᠳᠠᠯ ᠤᠨ ᠬᠡᠰᠢᠬᠦᠨ ᠸᠧᠢ ᠹᠧᠩ ᠡᡁᠧ᠂ ᠸᠠᠩ ᠶᠦᠩ᠂ ᠸᠠᠩ ᠢ᠂ ᠰᠢᠶᠤᠤ ᠵᠢᠶᠧ᠂ ᠵᠤᠤ ᠺᠧ ᡁᠢ ᠬᠤᠷᠡᠯ ᠳᠤ ᠤᠷᠤᠯᠴᠠᠪᠠ᠃ ᠯᠢ ᠺᠧ ᠴᠢᠶᠠᠩ᠂ ᠵᠠᠰᠠᠭ ᠢ ᠴᠤᠮᠬᠠᠳᠬᠠᠵᠥ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ ᠦᠭᠡᠷᠡᠴᠢᠯᠡᠯᠳᠡ ᠪᠤᠯ ᠲᠤᠳᠤᠭᠠᠳᠤ ᠳᠠᠭᠠᠨ ᠬᠢᠵᠥ ᠪᠠᠶᠢᠭ᠎ᠠ ᠵᠠᠰᠠᠭ ᠤᠨ ᠤᠷᠳᠤᠨ ᠤ ᠲᠤᠰ ᠪᠡᠶ᠎ᠡ ᠶᠢᠨ ᠬᠤᠪᠢᠰᠬᠠᠯ ᠮᠥᠨ᠂ ᠵᠠᠰᠠᠭ ᠤᠨ ᠤᠷᠳᠤᠨ ᠤ ᠡᠬᠦᠷᠬᠡ ᠴᠢᠳᠡᠪᠬᠢ ᠶᠢ ᠬᠦᠨᠵᠡᠬᠡᠢ ᠬᠤᠪᠢᠷᠠᠭᠤᠯᠬᠤ᠂ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠢ ᠬᠦᠭᠵᠢᠬᠡᠬᠦ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠃ ᠦᠩᠬᠡᠷᠡᠭᠰᠡᠡ ᠲᠠᠪᠤᠨ ᠵᠢᠯ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠡᠯ᠎ᠡ ᠱᠠᠳᠤᠨ ᠤ ᠵᠠᠰᠠᠭ ᠤᠨ ᠤᠷᠳᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢᠨ ᠡᠨᠡᠬᠦ ᠵᠠᠩᠭᠢᠯᠠᠭ᠎ᠠ ᠶᠢ ᠢᠮᠠᠬᠳᠠ ᠴᠢᠩᠭ᠎ᠠ ᠡᠵᠡᠮᠳᠡᠵᠤ᠂ ᠦᠢᠯᠡᠰ ᠪᠤᠰᠬᠠᠬᠤ ᠰᠢᠨ᠎ᠡ ᠶᠢ ᠡᠬᠦᠳᠬᠦ᠂ ᠠᠵᠢᠯ ᠤᠯᠭᠤᠯᠳᠠ ᠶᠢ ᠲᠤᠭᠳᠠᠭᠤᠨ ᠢᠶᠠᠷ ᠨᠡᠮᠡᠭᠳᠡᠬᠦᠯᠬᠦ ᠶᠢ ᠠᠬᠢᠭᠤᠯᠬᠤ ᠳᠤ ᠵᠠᠩᠬᠢᠯᠠᠭ᠎ᠠ ᠶᠢᠨ ᠦᠢᠯᠡᠳᠦᠯ ᠦᠵᠡᠬᠦᠯᠵᠥ᠂ ᠠᠵᠥ ᠠᠬᠤᠢ ᠶᠢᠨ ᠲᠤᠭᠳᠠᠭᠤᠨ ᠤ ᠲᠤᠮᠳᠠ ᠰᠠᠶᠢᠵᠢᠷᠠᠬᠤ ᠶᠢ ᠠᠬᠢᠭᠤᠯᠬᠤ ᠵᠠᠩᠬᠢᠯᠠᠭ᠎ᠠ ᠶᠢᠨ ᠠᠷᠭ᠎ᠠ ᠪᠤᠯᠤᠭᠰᠠᠠ ᠪᠠᠶᠢᠨ᠎ᠠ ᠬᠡᠵᠥ ᠬᠡᠯᠡᠪᠡ᠃ ᠯᠢ ᠺᠧ ᠴᠢᠶᠠᠩ᠂ ᠬᠤᠶᠢᠰᠢᠳᠠ ᠶᠢᠨ ᠲᠠᠪᠤᠨ ᠵᠢᠯ ᠳᠤ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢᠨ᠎ᠡ ᠬᠦᠭᠵᠢᠯᠲᠡ ᠶᠢᠨ ᠤᠶᠢᠯᠠᠭᠠᠬᠳᠠᠬᠤᠨ ᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠤᠯᠠᠮ ᠴᠢᠨᠠᠬᠰᠢᠲᠠ ᠴᠢᠯᠦᠭᠡᠯᠡᠵᠦ᠂ ᠠᠵᠤ ᠠᠬᠤᠢ ᠶᠢᠨ ᠵᠢᠮ᠎ᠡ ᠬᠠᠤᠯᠢ ᠶᠢ ᠬᠦᠨᠳᠦᠳᠬᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠬ ᠤᠨ ᠤᠷᠳᠤᠨ ᠵᠠᠬ᠎ᠠ ᠳᠡᠯᠭᠡᠭᠦᠷ ᠤᠨ ᠠᠵᠢᠯᠯᠠᠭ᠎ᠠ ᠳᠤ ᠰᠢᠭᠤᠳ ᠭᠠᠷ ᠲᠦᠷᠦᠬᠦ ᠶᠢ ᠬᠠᠮᠤᠬ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠰᠢᠨᠡᠴᠢᠯᠡᠨ ᠲᠡᠭᠦᠯᠳᠡᠷᠵᠢᠭᠦᠯᠵᠦ᠂ ᠵᠠᠰᠠᠬ ᠤᠨ ᠤᠷᠳᠤᠨ ᠤ ᠦᠢᠯᠡᠴᠢᠯᠡᠭᠡᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠵᠦ᠂ ᠲᠡᠯᠡᠬᠡᠢ ᠶᠢᠨ ᠲᠡᠷᠢᠭᠦᠨ ᠵᠡᠷᠭᠡ ᠶᠢᠨ᠂ ᠲᠦᠪ ᠭᠤᠤᠯᠴᠢ ᠪᠠᠷ ᠦᠷᠢᠰᠦᠯᠳᠦᠬᠦ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠪᠤᠢ ᠪᠤᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠬᠦᠭᠵᠢᠬᠡᠵᠥ᠂ ᠲᠤᠳᠤᠭᠠᠳᠤ ᠬᠦᠳᠡᠯᠭᠡᠬᠦ ᠬᠦᠴᠦᠨ ᠢ ᠨᠡᠮᠡᠭᠳᠡᠭᠦᠯᠵᠦ᠂ ᠲᠤᠳᠤᠭᠠᠳᠤ ᠬᠡᠷᠡᠭᠴᠡᠭᠡ ᠶᠢᠨ ᠳᠠᠯᠲᠠ ᠬᠦᠴᠦᠨ ᠢ ᠠᠭᠤᠳᠠᠯᠯᠠᠬᠤ ᠬᠡᠷᠡᠭᠲᠡᠢ ᠭᠡᠵᠥ ᠬᠡᠯᠡᠪᠡ᠃ ᠯᠢ ᠺᠧ ᠴᠢᠶᠠᠩ ᠠᠴᠠ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ︽ᠲᠠᠯᠪᠢᠬᠤ ᠬᠠᠮᠢᠶᠠᠷᠠᠬᠤ ᠦᠢᠯᠡᠴᠢᠯᠡᠬᠦ︾ ᠦᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠪᠤᠯᠤᠨ ᠬᠦᠳᠡᠯᠭᠡᠬᠦ ᠬᠦᠴᠦᠨ ᠢ ᠬᠦᠭᠵᠢᠭᠡᠵᠤ᠂ ᠲᠦᠪ ᠭᠤᠤᠯᠴᠢ ᠪᠤᠯᠤᠨ ᠡᠮᠬᠢ ᠵᠢᠷᠤᠮ ᠢ ᠠᠬᠢᠭᠤᠯᠵᠤ᠂ ᠳᠦᠭᠦᠮᠴᠢᠯᠡᠯᠲᠡ ᠪᠤᠯᠤᠨ ᠶᠠᠰᠤ ᠴᠢᠨᠠᠷ ᠢ ᠲᠡᠭᠡᠭᠰᠢᠯᠡᠭᠦᠯᠬᠦ ᠬᠡᠷᠡᠭᠲᠡᠢ ᠬᠡᠪᠠ᠃ ᠬᠤᠶᠢᠰᠢᠳᠠ ᠶᠢᠨ ᠲᠠᠪᠤᠨ ᠵᠢᠯ ᠳᠤ ᠲᠡᠯᠡᠬᠡᠢ ᠶᠢᠨ ᠲᠡᠷᠢᠭᠦᠨ ᠤ ᠲᠦᠪᠰᠢᠨ ᠢᠶᠠᠷ ᠪᠠᠷᠢᠮᠵᠢᠶᠠᠯᠠᠵᠤ᠂ ᠠᠵᠤ ᠠᠬᠤᠶᠢᠢᠯᠠᠯ ᠢ ᠨᠡᠭᠡᠭᠡᠨ ᠡᠷᠬᠢᠯᠡᠬᠦ᠂ ᠢᠨᠵᠧᠨᠧᠷᠢᠩ ᠤᠨ ᠲᠦᠷᠦᠯ ᠵᠦᠢᠯ ᠢ ᠬᠢᠨᠠᠨ ᠵᠦᠪᠰᠢᠶᠡᠷᠡᠭᠦ᠂ ᠪᠤᠭᠤᠮᠳᠠ ᠪᠠᠷ ᠤᠷᠤᠭᠤᠯᠬᠤ ᠭᠠᠷᠭᠠᠬᠤ᠂ ᠲᠤᠬᠲᠠᠮᠠᠯ ᠬᠦᠷᠦᠩᠭᠡ ᠶᠢ ᠳᠠᠩᠰᠠᠯᠠᠬᠤ᠂ ᠴᠠᠬᠢᠯᠭᠠᠨ ᠬᠦᠴᠦᠨ ᠤ ᠬᠡᠷᠡᠭᠯᠡᠭᠴᠢᠳ ᠴᠠᠬᠢᠯᠭᠠᠨ ᠬᠡᠷᠡᠭᠯᠡᠬᠦ ᠵᠡᠷᠭᠡ ᠴᠠᠬ ᠢ ᠶᠡᠭᠡ ᠬᠡᠮᠵᠢᠶ᠎ᠡ ᠪᠠᠷ ᠪᠠᠭᠠᠰᠬᠠᠵᠤ᠂ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠲᠤ ᠤᠷᠤᠬᠤ ᠵᠦᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠬᠡᠷᠡᠭᠵᠢᠭᠦᠯᠵᠦ᠂ ᠤᠯᠠᠮ ᠴᠢᠨᠠᠬᠰᠢᠲᠠ ᠭᠠᠶᠢᠯᠢ ᠶᠢ ᠪᠠᠭᠠᠰᠬᠠᠨ ᠰᠦᠢᠳᠭᠡᠯ ᠢ ᠪᠠᠭᠤᠷᠠᠭᠤᠯᠵᠤ᠂ ︽ᠬᠤᠶᠠᠷ ᠢ ᠲᠤᠬᠢᠶᠠᠯᠳᠤᠯ ᠢᠶᠠᠷ ᠰᠣᠩᠭᠤᠨ ᠨᠢᠭᠡ ᠶᠢ ᠢᠯᠡ ᠪᠤᠯᠭᠠᠬᠤ︾ ᠵᠡᠷᠭᠡ ᠰᠢᠨ᠎ᠡ ᠮᠠᠶ᠋ᠢᠬ ᠤᠨ ᠬᠢᠨᠠᠯᠲᠠ ᠬᠠᠮᠢᠶᠠᠷᠤᠯᠲᠠ ᠶᠢᠨ ᠲᠤᠬᠲᠠᠴᠠ ᠶᠢ ᠪᠦᠷᠢᠨᠰᠢᠭᠦᠯᠬᠦ ᠬᠡᠷᠡᠭᠲᠡᠢ᠃ ᠤᠯᠠᠨ ᠢᠶᠠᠷ ᠢᠶᠠᠨ ᠦᠢᠯᠡᠰ ᠪᠤᠰᠬᠠᠵᠤ᠂ ᠨᠡᠶᠢᠳᠡ ᠪᠠᠷ ᠢᠶᠠᠨ ᠰᠢᠨ᠎ᠡ ᠶᠢ ᠡᠭᠦᠳᠬᠦ ᠳᠤ ᠰᠠᠶᠢᠨ ᠰᠠᠶᠢᠬᠠᠨ ᠤᠷᠴᠢᠨ ᠨᠦᠬᠦᠴᠡᠯ ᠢ ᠪᠤᠢ ᠪᠤᠯᠭᠠᠵᠥ ᠦᠭᠬᠦ ᠬᠡᠷᠡᠭᠳᠡᠢ᠃ ︽ᠢᠨᠲ᠋ᠧᠷ ᠰᠦᠯᠵᠢᠶ᠎ᠡ +︾ ᠳᠤ ᠲᠦᠰᠢᠭᠯᠡᠨ ᠲᠦᠪ ᠭᠤᠤᠯᠴᠢ ᠤᠯᠠᠨ ᠨᠡᠶᠢᠲᠡ ᠶᠢᠨ ᠦᠢᠯᠡᠴᠢᠯᠡᠭᠡ ᠶᠢ ᠬᠠᠩᠭᠠᠬᠤ ᠬᠡᠷᠡᠭᠳᠡᠢ᠃ ᠬᠡᠷᠡᠴᠢ ᠦᠨᠡᠮᠯᠡᠯ ᠢ ᠪᠠᠭᠠᠰᠬᠠᠨ ᠠᠷᠠᠳ ᠲᠤ ᠳᠦᠭᠦᠮ ᠦᠵᠡᠭᠦᠯᠬᠦ ᠠᠵᠢᠯᠯᠠᠭ᠎ᠠ ᠶᠢ ᠦᠷᠬᠦᠯᠵᠢᠯᠡᠨ ᠦᠷᠨᠢᠭᠦᠯᠬᠦ ᠬᠡᠷᠡᠭᠳᠡᠢ᠃ ᠵᠠᠰᠠᠬ ᠤᠨ ᠶᠠᠪᠤᠳᠠᠯ ᠤᠨ ᠦᠢᠯᠡᠴᠢᠯᠡᠭᠡ ᠶᠢ ︽ᠨᠢᠭᠡ ᠰᠦᠯᠵᠢᠶᠡᠨ ᠳᠤ ᠪᠦᠬᠦᠨ ᠢ ᠭᠦᠢᠴᠡᠳᠬᠡᠬᠦ︾ ᠶᠢ ᠬᠡᠷᠡᠭᠵᠢᠭᠦᠯᠬᠦ ᠬᠡᠷᠡᠭᠳᠡᠢ ᠬᠡᠵᠥ ᠬᠡᠯᠡᠪᠡ᠃      ᠯᠢ ᠺᠧ ᠴᠢᠶᠠᠩ ᠴᠢᠬᠤᠯᠠᠴᠢᠯᠠᠬᠤ ᠳᠠᠭᠠᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ ᠳᠣᠣᠱᠯᠠᠭᠤᠯᠵᠣ ᠦᠬᠡᠷᠡᠴᠢᠯᠠᠯᠳᠠ ᠶᠢᠨ ᠬᠠᠮᠳᠣᠷᠠᠯᠴᠠᠭ᠎ᠠ᠂ ᠨᠠᠶᠢᠳᠠᠪᠣᠷᠢᠵᠢᠭᠤᠯᠣᠯᠳᠠ ᠪᠠ ᠱᠠᠭᠠᠷᠳᠠᠨ ᠪᠠᠶᠢᠴᠠᠭᠠᠵᠣ ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠨ ᠭᠠᠵᠠᠷ ᠣᠷᠣᠨ ᠤ ᠵᠣᠷᠢᠭᠳᠡᠢ ᠪᠠᠷ ᠰᠦᠪᠡᠭᠴᠢᠯᠠᠬᠦ ᠶᠢ ᠳᠠᠮᠵᠢᠨ ᠬᠠᠣᠯᠢ ᠲᠦᠷᠢᠮ ᠢ ᠳᠡᠬᠦᠯᠳᠡᠷᠵᠢᠬᠦᠯᠵᠣ ᠠᠷᠠᠳ ᠲᠦᠮᠡᠨ ᠬᠠᠨᠣᠮᠵᠢᠳᠡᠢ ᠪᠠᠶᠢᠬᠤ ᠣᠶᠢᠯᠡᠴᠢᠯᠡᠬᠡᠨ ᠤ ᠵᠠᠰᠠᠭ ᠤᠨ ᠣᠷᠳᠣᠨ ᠢ ᠪᠦᠳᠦᠬᠡᠨ ᠪᠠᠶᠢᠭᠤᠯᠵᠣ ᠣᠯᠣᠰ ᠣᠷᠣᠨ ᠳᠤ ᠠᠰᠢᠭᠳᠡᠢ ᠠᠷᠠᠳ ᠲᠦᠮᠡᠨ ᠳᠤ ᠠᠰᠢᠭᠳᠠᠢ ᠰᠢᠨ᠎ᠡ ᠪᠦᠳᠦᠬᠡᠯ ᠢ ᠣᠯᠬᠤ ᠬᠡᠷᠡᠭᠳᠡᠢ ᠬᠡᠪᠠ᠃      ᠬᠤᠰᠢᠭᠤ ᠣᠳᠣᠷᠢᠳᠣᠯᠭ᠎ᠠ ᠴᠢᠶᠣᠣ ᠶᠦᠨ ᠯᠢ᠂ ᠪᠠᠶᠠᠴᠡᠩᠬᠡᠯ᠂ ᠮᠦᠩᠬᠦᠨ ᠵᠢᠴᠢ ᠡᠯ᠎ᠡ ᠰᠣᠮᠣ ᠪᠠᠯᠭᠠᠰᠣ ︵ᠬᠦᠷᠢᠶᠠᠯᠠᠩ ᠳᠣᠭᠤᠷᠢᠭ︶ ᠤᠨ ᠬᠠᠷᠢᠭᠤᠴᠠᠯᠭᠠᠳᠠᠨ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠳᠠᠯᠠᠪᠣᠷ ᠲᠤ ᠬᠤᠷᠠᠯ ᠲᠤ ᠣᠷᠣᠯᠴᠠᠪᠠ᠃
 
ᠢᠷᠡᠯᠲᠡ᠄ ᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号