6 ᠰᠠᠷ᠎ᠠ ᠶᠢᠨ 29 ᠳᠤ᠂ ᠮᠠᠨ ᠤ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠭᠤᠤᠯᠳᠠᠯᠭᠠᠳᠣ ᠠᠵᠢᠯ ᠤᠨ ᠲᠤᠭᠢᠷᠠᠭᠤᠯᠤᠯᠳᠠ ᠶᠢᠨ ᠬᠤᠷᠠᠯ ᠢ ᠲᠤᠭ ᠪᠠᠯᠭᠠᠰᠤᠨ ᠳᠤ ᠬᠤᠷᠠᠯᠳᠣᠭᠤᠯᠪᠠ᠃ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ | ᠡᠷᠭᠢᠯᠡᠭᠴᠢ ᠶᠠᠩ ᠮᠢᠩ᠂ ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠬᠤᠰᠢᠭᠤ ᠨᠠᠮ | ᠤᠨ ᠬᠤᠷᠢᠶᠠᠨ ᠤ ᠱᠥᠵᠢ ᠵᠢᠷᠭᠠᠯᠳᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ | ᠴᠢᠶᠤᠤ ᠶᠥᠨ ᠯᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ | ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠶᠢᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ | ᠪᠤᠯᠤᠨ ᠭᠠᠯᠠᠭᠤᠳᠤ ᠪᠠᠯᠭᠠᠰᠤ᠂ ᠲᠤᠭ ᠪᠠᠯᠭᠠᠰᠤ᠂ ᠤᠷᠴᠢᠨ ᠲᠤᠭᠤᠷᠢᠨ ᠤ ᠬᠠᠮᠠᠭᠠᠯᠠᠯᠳᠠ᠂ ᠤᠰᠤᠨ ᠠᠰᠢᠭᠯᠠᠯᠳᠠ᠂ | ᠨᠠᠭᠦᠷᠠᠰᠤ᠂ ᠢᠨᠲ᠋ᠧᠷ ᠰᠥᠯᠵᠢᠶ᠎ᠠ ᠮᠡᠳᠡᠭᠡ ᠵᠠᠩᠭᠢᠴᠢᠯᠠᠯᠳᠠ ᠵᠡᠷᠭᠡ ᠰᠠᠯᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ | ᠳᠤ ᠤᠷᠤᠯᠴᠠᠪᠠ᠃ | ᠶᠠᠩ ᠮᠢᠩ ᠬᠤᠷᠠᠯ ᠲᠡᠭᠡᠷ᠎ᠡ ᠵᠢᠭᠠᠵᠤ ᠭᠠᠷᠭᠠᠬᠤ ᠳᠤ ᠪᠠᠨ ᠡᠯ᠎ᠠ ᠰᠠᠯᠭ᠎ᠠ ᠮᠥᠴᠢᠷ ᠡᠯ᠎ᠠ ᠬᠤᠯᠪᠤᠭᠳᠠᠯ | ᠪᠥᠭᠦᠢ ᠰᠠᠯᠠᠭ᠎ᠠ ᠮᠥᠴᠢᠷ ᠨᠢ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠥᠵᠠᠯ | ᠰᠠᠨᠠᠭ᠎ᠠ ᠶᠢ ᠭᠢᠨᠠᠮᠭᠠᠢ ᠲᠤᠤᠱᠯᠠᠭᠤᠯᠵᠤ᠂ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠡᠭᠦᠯᠤᠨ ᠲᠥᠪ ᠤᠨ | ᠤᠷᠴᠢᠨ ᠲᠤᠭᠤᠷᠢᠨ ᠤ ᠬᠠᠮᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠴᠡᠭᠴᠡᠯᠠᠨ ᠰᠠᠶᠢᠵᠢᠷᠠᠭᠤᠯᠬᠤ ᠤᠯᠤᠰ | ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠭᠦ ᠭᠡᠷᠡᠭᠳᠠᠢ᠃ ᠴᠡᠭᠴᠡᠯᠠᠨ ᠰᠠᠶᠢᠵᠢᠷᠠᠭᠤᠯᠤᠯᠳᠠ ᠶᠢᠨ ᠪᠠᠷᠢᠮᠵᠢᠶ᠎ᠠ ᠶᠢ | ᠴᠢᠩᠭ᠎ᠠ ᠪᠠᠶᠢᠯᠭᠠᠵᠤ᠂ ᠴᠠᠭ ᠬᠤᠭᠤᠴᠠᠭ᠎ᠠ ᠶᠢ ᠡᠵᠡᠮᠳᠠᠨ ᠴᠡᠭᠴᠡᠯᠠᠨ ᠰᠠᠶᠢᠵᠢᠷᠠᠭᠤᠯᠬᠤ ᠭᠥᠴᠥᠯᠠᠴᠠ ᠶᠢ | ᠴᠢᠩᠭᠠᠳᠬᠠᠨ ᠲᠥᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠭᠠᠷᠳᠠᠨ ᠪᠠᠶᠢᠴᠠᠭᠠᠯᠳᠠ ᠶᠢᠨ ᠳᠠᠬᠢᠨ | ᠪᠠᠶᠢᠴᠠᠭᠠᠬᠤ ᠪᠠᠷ ᠴᠡᠭᠴᠡᠯᠠᠨ ᠰᠠᠶᠢᠵᠢᠷᠠᠭᠤᠯᠤᠯᠳᠠ ᠶᠢᠨ ᠶᠠᠰᠣ ᠴᠢᠨᠡᠷ ᠢ ᠲᠡᠭᠡᠭᠰᠢᠯᠡᠭᠦᠯᠭᠦ ᠭᠡᠷᠡᠭᠳᠠᠢ᠃ ᠨᠠᠮ ᠵᠠᠰᠠᠭ | ᠤᠨ ᠬᠠᠷᠢᠭᠤᠴᠯᠭ᠎ᠠ ᠪᠠ ᠭᠢᠨᠠᠨ ᠵᠢᠯᠤᠭᠤᠳᠬᠤ ᠪᠠᠶᠢᠴᠠᠭᠠᠯᠳᠠ ᠶᠢ ᠴᠢᠩᠭᠠᠳᠬᠠᠨ ᠲᠤᠭᠳᠠᠭᠰᠠᠨ ᠴᠠᠭ ᠬᠤᠭᠤᠴᠭ᠎ᠠ | ᠶᠤᠰᠤᠭᠠᠷ ᠴᠡᠭᠴᠡᠯᠠᠨ ᠰᠠᠶᠢᠵᠢᠷᠠᠭᠤᠯᠣᠭᠰᠠᠨ ᠪᠠᠶᠢᠳᠠᠯ ᠢ ᠮᠡᠳᠡᠭᠳᠠᠭᠦ ᠶᠢᠨ ᠬᠠᠮᠳᠤ ᠨᠠᠶᠢᠭᠡᠮ ᠲᠠᠶᠠᠭᠠᠷ ᠤᠨ ᠢᠯᠠ ᠪᠠᠷ | ᠭᠢᠨᠠᠯᠳᠠ ᠲᠠᠯᠪᠢᠬᠤ ᠶᠢ ᠭᠥᠯᠢᠶᠠᠨ ᠠᠪᠴᠤ᠂ ᠠᠰᠠᠭᠤᠳᠠᠯ ᠢ ᠲᠤᠭᠳᠠᠭᠰᠠᠨ ᠴᠠᠭ ᠲᠤ ᠪᠠᠨ ᠴᠡᠭᠴᠡᠯᠠᠨ | ᠰᠠᠶᠢᠵᠢᠷᠠᠭᠤᠯᠬᠤ ᠶᠢ ᠪᠠᠳᠣᠯᠠᠬᠤ ᠭᠡᠷᠡᠭᠳᠠᠢ ᠭᠡᠵᠡᠢ᠃ | ᠵᠢᠷᠭᠠᠯᠳᠤ ᠱᠠᠭᠠᠷᠳᠠᠬᠤ ᠳᠤ ᠪᠠᠨ ᠪᠥᠭᠦ ᠬᠤᠰᠢᠭᠤ ᠪᠠᠷ ᠪᠠᠨ ᠥᠵᠠᠯ ᠰᠠᠨᠠᠭ᠎ᠠ ᠲᠠᠨᠢᠯᠳᠠ ᠪᠠᠨ | ᠲᠡᠭᠡᠭᠰᠢᠯᠡᠭᠦᠯᠵᠤ᠂ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠶᠢ ᠴᠢᠩᠭ᠎ᠠ ᠠᠳᠬᠤᠵᠤ ᠡᠯ᠎ᠠ ᠰᠤᠮᠤ ᠪᠠᠯᠭᠠᠰᠤ | ᠡᠯ᠎ᠠ ᠰᠠᠯᠠᠭ᠎ᠠ ᠮᠥᠴᠢᠷ᠂ ᠡᠯ᠎ᠠ ᠠᠵᠤ ᠠᠬᠤᠶᠢᠯᠠᠯ ᠲᠤᠰ ᠲᠤᠰ ᠤᠨ ᠬᠠᠷᠢᠭᠤᠴᠠᠯᠭ᠎ᠠ ᠪᠠᠨ ᠭᠥᠢᠴᠡᠳᠭᠡᠵᠤ᠂ | ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠡᠯ᠎ᠠ ᠬᠤᠯᠪᠤᠭᠠᠯᠠᠨ | ᠲᠠᠭᠠᠭᠠᠴᠢᠯᠠᠵᠤ ᠪᠠᠶᠢᠭ᠎ᠠ ᠤᠳᠤᠷᠢᠳᠤᠯᠭ᠎ᠠ ᠨᠠᠷ ᠡᠯ᠎ᠠ ᠲᠥᠷᠥᠯ ᠤᠨ ᠠᠵᠢᠯ ᠤᠨ ᠦᠷᠨᠢᠯᠳᠡ ᠶᠢ ᠴᠢᠩᠭ᠎ᠠ ᠠᠳᠬᠤᠵᠤ᠂ | ᠪᠤᠳᠠᠳᠤ ᠥᠷ᠎ᠠ ᠪᠥᠳᠥᠮᠵᠢ ᠭᠠᠷᠭᠠᠬᠤ ᠶᠢ ᠠᠩᠬᠠᠷᠬᠤ ᠭᠡᠷᠡᠭᠳᠠᠢ᠃ ᠤᠯᠠᠨ ᠲᠥᠮᠡᠨ ᠤ ᠠᠵᠢᠯ ᠢ ᠥᠷᠭᠦᠯᠵᠢᠯᠠᠨ | ᠰᠠᠶᠢᠨ ᠭᠢᠵᠤ᠂ ᠶᠡᠭᠡ ᠪᠠᠶᠢᠴᠠᠭᠠᠯᠳᠠ᠂ ᠶᠡᠭᠡ ᠪᠠᠶᠢᠴᠠᠭᠠᠨ ᠰᠤᠳᠤᠯᠤᠯᠳᠠ ᠶᠢᠨ ᠠᠵᠢᠯ ᠢ ᠰᠠᠶᠢᠨ ᠭᠢᠵᠤ᠂ | ᠥᠨᠳᠤᠰᠤᠨ ᠱᠠᠳᠤᠨ ᠳᠤ ᠭᠥᠨᠵᠡᠭᠡᠶᠢᠷᠠᠨ᠂ ᠪᠤᠳᠠᠳᠤ ᠪᠠᠶᠢᠳᠠᠯ ᠢ ᠣᠶᠢᠯᠠᠭᠠᠬᠤ ᠭᠡᠷᠡᠭᠳᠠᠢ ᠭᠡᠵᠡᠢ᠃ | ᠵᠢᠷᠭᠠᠯᠳᠤ ᠴᠢᠬᠤᠯᠠᠴᠢᠯᠠᠬᠤ ᠳᠤ ᠪᠠᠨ ᠡᠯ᠎ᠠ ᠠᠵᠤ ᠠᠬᠤᠶᠢᠯᠠᠯ ᠣᠪᠣᠷ ᠢᠶᠠᠨ ᠲᠥᠪ ᠪᠠᠶᠢᠯᠭᠠᠨ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠲᠤᠭᠳᠠᠯᠴᠠᠭ᠎ᠠ ᠶᠢ | ᠲᠠᠭᠦᠯᠳᠡᠷᠵᠢᠭᠦᠯᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠭᠥᠴᠡᠳᠭᠡᠭᠦ ᠭᠡᠷᠡᠭᠳᠠᠢ᠃ ᠤᠷᠴᠢᠨ ᠲᠤᠭᠤᠷᠢᠨ | ᠢ ᠶᠠᠷᠤᠩᠭᠡᠶᠢᠯᠠᠨ ᠵᠠᠰᠠᠬᠤ ᠲᠤᠭᠳᠠᠯᠴᠠᠭᠠᠨ ᠤ ᠲᠤᠮᠳᠠ ᠠᠵᠤ ᠠᠬᠤᠶᠢᠯᠠᠯ ᠨᠢ ᠤᠷᠴᠢᠨ ᠲᠤᠭᠤᠷᠢᠨ ᠤ ᠬᠠᠮᠠᠭᠠᠯᠠᠯᠳᠠ | ᠶᠢᠨ ᠪᠠᠯᠠ ᠤᠷᠤᠭᠤᠯᠤᠯᠳᠠ ᠪᠤᠯᠤᠨ ᠮᠡᠷᠭᠡᠵᠢᠯ ᠤᠨ ᠪᠡᠯᠡᠳᠭᠡᠯ ᠲᠥᠭᠦᠭᠡᠷᠤᠮᠵᠢ ᠶᠢ ᠰᠢᠨᠠᠴᠢᠯᠠᠭᠦ ᠭᠥᠴᠥᠯᠠᠴᠠ ᠪᠠᠨ | ᠲᠠᠰᠤᠷᠤᠯᠳᠠ ᠥᠭᠡᠢ ᠨᠠᠮᠡᠭᠳᠡᠭᠦᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠤᠤᠯ ᠴᠤᠭᠴᠠ ᠶᠢᠨ | ᠬᠠᠷᠢᠭᠤᠴᠠᠯᠭ᠎ᠠ ᠶᠢ ᠭᠥᠢᠴᠡᠳᠭᠡᠭᠰᠠᠨ ᠥᠭᠡᠢ᠂ ᠠᠮᠢ ᠠᠬᠤᠢ ᠶᠢ ᠡᠪᠳᠡᠭᠰᠠᠨ ᠵᠡᠷᠭᠡ ᠬᠠᠤᠯᠢ ᠶᠢ ᠵᠥᠷᠢᠴᠡᠭᠰᠠᠨ | ᠠᠵᠢᠯᠯᠠᠭ᠎ᠠ ᠳᠤ ᠴᠢᠭᠯᠡᠭᠦᠯᠤᠨ ᠤᠷᠴᠢᠨ ᠲᠤᠭᠤᠷᠢᠨ ᠤ ᠬᠠᠮᠠᠭᠠᠯᠠᠯᠳᠠ᠂ ᠬᠠᠤᠯᠢ ᠭᠡᠷᠡᠭᠵᠢᠭᠦᠯᠭᠦ ᠰᠠᠯᠠᠭ᠎ᠠ ᠮᠥᠴᠢᠷ | ᠠᠴᠠ ᠪᠠᠶᠢᠳᠠᠯ ᠤᠨ ᠭᠥᠨᠳᠤ ᠨᠣᠴᠢᠳᠠᠢ ᠡᠰᠡᠭᠦ ᠪᠠᠷ ᠨᠢ ᠶᠠᠯᠠᠯᠠᠨ ᠲᠤᠷᠭᠠᠬᠤ᠂ ᠥᠢᠯᠡᠳᠪᠤᠷᠢ ᠶᠢ ᠵᠤᠭᠰᠤᠭᠠᠨ | ᠵᠠᠰᠠᠨ ᠴᠡᠭᠴᠡᠯᠠᠭᠦᠯᠭᠦ᠂ ᠵᠰᠠᠭ ᠵᠠᠭᠢᠷᠭᠠᠨ ᠤ ᠲᠥᠷ ᠬᠤᠷᠢᠯᠳᠠ ᠭᠢᠭᠦ ᠠᠷᠭ᠎ᠠ ᠪᠠᠷ ᠡᠷᠡᠭᠦᠤ ᠶᠢᠨ ᠭᠡᠷᠡᠭ ᠤᠨ | ᠬᠠᠷᠢᠭᠤᠴᠠᠯᠭ᠎ᠠ ᠨᠡᠭᠡᠮᠵᠢᠯᠠᠵᠤ᠂ ᠤᠨᠴᠠᠭᠠᠶᠢᠯᠠᠨ ᠤᠯᠠᠨ ᠲᠥᠮᠡᠨ ᠤ ᠤᠷᠳᠤ ᠬᠤᠭᠤᠴᠠᠭ᠎ᠠ ᠪᠠᠷ ᠲᠤᠰᠬᠠᠯ | ᠭᠠᠷᠭᠠᠭᠰᠠᠨ᠂ ᠲᠠᠭᠢᠨ ᠲᠠᠪᠳᠠᠨ ᠢᠯᠡᠷᠡᠭᠰᠠᠨ᠂ ᠬᠤᠶᠢᠰᠢᠯᠠᠭᠤᠯᠤᠭᠠᠳ ᠰᠠᠶᠢᠳᠪᠤᠷᠢᠯᠡᠭᠰᠠᠨ ᠥᠭᠡᠢ ᠠᠰᠠᠭᠤᠳᠠᠯ ᠳᠤ | ᠡᠭᠢ ᠡᠭᠦᠰᠤᠯ ᠠᠴᠠ ᠨᠢ ᠰᠶᠢᠳᠪᠤᠷᠢᠯᠠᠭᠦ ᠠᠷᠭ᠎ᠠ ᠭᠡᠮᠵᠢᠶ᠎ᠠ ᠲᠤᠭᠳᠠᠭᠠᠨ ᠭᠠᠷᠭᠠᠵᠤ ᠭᠡᠷᠡᠭᠵᠢᠭᠦᠯᠤᠨ ᠠᠰᠠᠭᠤᠳᠠᠯ ᠢ | ᠥᠨᠳᠤᠰᠤᠨ ᠠᠴᠠ ᠨᠢ ᠰᠶᠢᠳᠪᠤᠷᠢᠯᠠᠭᠦ ᠶᠢ ᠪᠠᠳᠤᠯᠠᠨ᠂ ᠨᠠᠮ ᠤᠨ ᠲᠥᠪ ᠬᠤᠷᠢᠶ᠎ᠠ ᠪᠤᠯᠤᠨ ᠪᠥᠭᠦ ᠬᠤᠰᠢᠭᠤᠨ ᠤ | ᠡᠯ᠎ᠠ ᠥᠨᠳᠤᠰᠤᠳᠠᠨ ᠤ ᠠᠷᠠᠳ ᠲᠥᠮᠡᠨ ᠳᠤ ᠬᠠᠨᠤᠮᠵᠢᠳᠠᠢ ᠬᠠᠷᠢᠭᠤᠯᠳᠠ ᠥᠭᠭᠦ ᠭᠡᠷᠡᠭᠳᠠᠢ ᠭᠡᠵᠡᠢ᠃ | ᠴᠢᠶᠤᠤ ᠶᠥᠨ ᠯᠢ ᠴᠢᠬᠤᠯᠠᠴᠢᠯᠠᠬᠤ ᠳᠤ ᠪᠠᠨ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠠᠵᠤ | ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠭᠠᠷᠳᠠᠨ ᠤᠷᠴᠢᠨ | ᠲᠤᠭᠤᠷᠢᠨ ᠤ ᠲᠠᠯᠳᠠ ᠭᠡᠮ ᠢ ᠴᠠᠭ ᠲᠠᠷᠤᠢ ᠳᠤ ᠨᠢ ᠴᠡᠭᠴᠡᠯᠠᠨ ᠰᠠᠶᠢᠵᠢᠷᠠᠭᠤᠯᠬᠤ ᠭᠡᠷᠭᠳᠠᠢ᠃ ᠭᠢᠨᠠᠨ | ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ ᠤᠷᠴᠢᠨ ᠲᠤᠭᠤᠷᠢᠨ ᠤ | ᠬᠠᠤᠯᠢ ᠶᠢ ᠵᠥᠷᠢᠴᠡᠭᠰᠠᠨ ᠠᠵᠢᠯᠯᠠᠭ᠎ᠠ ᠳᠤ ᠴᠢᠩᠭ᠎ᠠ ᠴᠤᠭᠢᠯᠳᠠ ᠥᠭᠭᠦ ᠭᠡᠷᠡᠭᠳᠠᠢ᠃ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠤᠬᠠᠭᠤᠯᠭ᠎ᠠ ᠶᠢ ᠰᠠᠶᠢᠨ ᠭᠢᠵᠤ᠂ ᠠᠮᠢ ᠠᠬᠤᠢ ᠤᠷᠴᠢᠨ ᠲᠤᠭᠤᠷᠢᠨ ᠤ ᠭᠢᠨᠠᠨ ᠭᠡᠮᠵᠢᠯᠳᠠ ᠶᠢᠨ | ᠴᠢᠳᠠᠪᠤᠷᠢ ᠪᠤᠯᠤᠨ ᠭᠢᠷᠢ ᠲᠥᠪᠰᠢᠨ ᠢ ᠲᠡᠭᠡᠭᠰᠢᠯᠡᠭᠦᠯᠵᠤ᠂ ᠪᠤᠭᠢᠷᠳᠤᠯ ᠢ ᠰᠠᠷᠭᠡᠶᠢᠯᠠᠨ ᠵᠠᠰᠠᠬᠤ ᠲᠠᠶᠢᠯᠠᠯᠳᠤᠭᠠᠨ ᠢ | ᠡᠷᠡᠰ ᠢᠯᠠᠬᠤ ᠭᠡᠷᠡᠭᠳᠠᠢ ᠭᠡᠵᠡᠢ᠃ |