ᠤᠶᠢᠷ᠎ᠠ ᠶᠢᠨ ᠡᠳᠦᠷ᠂ ᠮᠠᠨ ᠤ ᠬᠤᠰᠢᠭᠤ 2018 ᠤᠨ ᠤ ︽ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ | ᠪᠤᠯᠪᠠᠰᠤᠷᠠᠭᠤᠯᠬᠤ ᠡᠷᠡᠬᠦᠯ ᠡᠩᠬᠡ ᠲᠤᠮᠳᠠᠲᠤ ᠤᠯᠤᠰ ᠤᠨ ᠠᠶᠠᠯᠠᠯ︾ ᠭᠤᠤᠯ ᠰᠡᠳᠦᠪᠲᠤ ᠤᠬᠠᠭᠤᠯᠭ᠎ᠠ ᠶᠢᠨ | ᠠᠵᠢᠯᠯᠠᠭ᠎ᠠ ᠵᠢᠴᠢ ᠤᠳᠠᠭᠠᠨ ᠴᠢᠨᠠᠷᠲᠤ ᠡᠪᠡᠳᠴᠢᠨ ᠤ ᠶᠡᠷᠦᠩᠬᠡᠢ ᠰᠡᠷᠭᠡᠶᠢᠯᠡᠯᠳᠡ ᠶᠢᠨ ᠵᠢᠱᠢᠶ᠎ᠡ ᠦᠵᠡᠬᠦᠯᠬᠦ ᠤᠷᠤᠨ ᠢ | ᠪᠦᠲᠦᠬᠡᠨ ᠪᠠᠶᠢᠭᠤᠯᠬᠤ ᠡᠬᠢᠯᠡᠯᠳᠡ ᠶᠢᠨ ᠶᠤᠰᠤᠯᠠᠯ ᠰᠤᠪᠤᠷᠭ᠎ᠠ ᠠᠭᠤᠳᠠᠮ ᠲᠠᠯᠠᠪᠠᠢ ᠳᠤ ᠦᠷᠨᠢᠬᠦᠯᠥᠯᠠ᠃ | ᠬᠤᠰᠢᠭᠤ ᠳᠡᠳ᠋ ᠲᠠᠷᠤᠭ᠎ᠠ ᠪᠠᠶᠠᠠᠴᠢᠮᠡᠭ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ | ᠯᠢ ᠵᠢᠷᠤᠮᠲᠤ ᠵᠢᠴᠢ ᠬᠤᠰᠢᠭᠤ ᠡᠷᠡᠬᠦᠯ ᠬᠠᠮᠠᠭᠠᠯᠠᠯ ᠪᠣᠯᠣᠨ ᠲᠦᠯᠦᠪᠯᠡᠭᠡᠲᠤ ᠬᠦᠩᠬᠡᠵᠢᠯ ᠤᠨ ᠲᠤᠪᠴᠢᠶ᠎ᠠ᠂ ᠲᠠᠮᠢᠷ | ᠤᠨ ᠦᠢᠯᠡᠰ ᠤᠨ ᠬᠦᠭᠵᠢᠬᠦᠯᠦᠯᠳᠡ ᠶᠢᠨ ᠲᠦᠪ᠂ ᠡᠯ᠎ᠠ ᠰᠤᠮᠤ ᠪᠠᠯᠭᠠᠰᠤ᠂ ᠡᠯ᠎ᠡ ᠡᠮ ᠡᠮᠨᠡᠯᠭᠡ ᠶᠢᠨ ᠪᠠᠶᠢᠭᠤᠯᠭ᠎ᠠ | ᠶᠢᠨ ᠬᠠᠷᠢᠭᠤᠴᠠᠯᠭᠠᠳᠠᠨ᠂ ᠦᠷᠭᠡᠨ ᠤᠯᠠᠨ ᠰᠠᠭᠤᠭᠠᠯᠢ ᠠᠷᠠᠳ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ | ᠡᠬᠢᠯᠡᠯᠳᠡ ᠶᠢᠨ ᠶᠤᠰᠤᠯᠠᠯ ᠳᠡᠭᠡᠷ᠎ᠡ ᠪᠠᠶᠠᠠᠴᠢᠮᠡᠭ ᠶᠠᠷᠢᠶ᠎ᠠ ᠲᠠᠯᠪᠢᠬᠤ ᠶᠢᠨ ᠬᠠᠮᠲᠤ ︽ᠰᠢᠨᠵᠢᠯᠡᠬᠦ ᠤᠬᠠᠭᠠᠨᠴᠢ | ᠪᠠᠷ ᠪᠡᠶ᠎ᠡ ᠪᠠᠨ ᠪᠤᠯᠪᠠᠰᠤᠷᠠᠭᠤᠯᠬᠤ ᠂ ᠡᠷᠡᠬᠦᠯ ᠡᠩᠬᠡ ᠲᠤᠮᠳᠠᠲᠤ ᠤᠯᠤᠰ ᠤᠨ ᠠᠶᠠᠯᠠᠯ︾ ᠤᠨ ᠰᠠᠨᠠᠭᠠᠴᠢᠯᠠᠭ᠎ᠠ ᠶᠢᠨ | ᠪᠢᠴᠢᠭ ᠢ ᠤᠩᠰᠢᠨ ᠨᠡᠶᠢᠳᠡᠯᠡᠪᠡ᠃ ᠲᠡᠷᠡ ᠵᠢᠭᠠᠵᠣ ᠭᠠᠷᠭᠠᠬᠤ ᠳᠤ ᠪᠠᠨ ᠲᠤᠰ ᠶᠤᠰᠤᠯᠠᠯ ᠢ ᠶᠠᠪᠤᠭᠳᠠᠭᠤᠯᠤᠭᠰᠠᠨ | ᠨᠢ ᠪᠥᠭᠦ ᠬᠤᠰᠢᠭᠤᠨ ᠤ ᠣᠯᠠᠨ ᠳᠦᠮᠡᠨ ᠤ ᠡᠷᠡᠭᠦᠯ ᠮᠠᠨᠳᠣ ᠳᠤ ᠠᠰᠢᠭᠲᠠᠢ ᠠᠵᠢᠯᠯᠠᠭ᠎ᠠ ᠡᠬᠢᠯᠡᠭᠰᠡᠨ ᠢ ᠬᠠᠷᠠᠭᠤᠯᠵᠤ | ᠪᠠᠶᠢᠭ᠎ᠠ ᠶᠤᠮ᠃ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠬᠡᠴᠢ ᠠᠴᠠ ᠡᠨᠡᠬᠦ ᠠᠵᠢᠯᠯᠠᠭ᠎ᠠ ᠪᠠᠷ ᠠᠵᠠ ᠲᠤᠬᠢᠶᠠᠯ | ᠪᠤᠯᠭᠠᠵᠤ᠂ ᠪᠠᠶ᠎ᠠ ᠪᠠᠨ ᠪᠤᠯᠪᠠᠰᠤᠷᠠᠭᠤᠯᠬᠤ ᠠᠵᠢᠯᠯᠭ᠎ᠠ ᠳᠤ ᠢᠳᠡᠪᠬᠢᠳᠡᠢ ᠤᠷᠤᠯᠴᠠᠨ᠂ ᠬᠦᠴᠦᠨ ᠢᠶᠠᠨ | ᠬᠠᠮᠳᠤᠷᠠᠭᠤᠯᠵᠤ᠂ ᠡᠷᠡᠬᠦᠯ ᠴᠢᠬᠢᠷᠠᠭ ᠤᠨᠤᠯᠵᠢᠭᠤᠨ ᠢ ᠪᠤᠢ ᠪᠤᠯᠭᠠᠨ᠂ ᠡᠷᠡᠬᠦᠯ ᠴᠢᠬᠢᠷᠠᠭ ᠮᠡᠳᠡᠯᠭᠡ᠂ ᠴᠢᠳᠠᠪᠤᠷᠢ ᠶᠢ | ᠤᠯᠠᠮᠵᠢᠯᠠᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠪᠤᠯᠪᠠᠰᠤᠷᠠᠭᠤᠯᠬᠤ᠂ ᠡᠯᠪᠡᠭ ᠪᠠᠶᠠᠯᠢᠭ ᠠᠭᠤᠯᠭ᠎ᠠ ᠪᠦᠬᠦᠢ ᠲᠤᠬᠠᠢ | ᠶᠢᠨ ᠲᠠᠯᠠᠪᠠᠢ ᠶᠢᠨ ᠠᠵᠢᠯᠯᠭ᠎ᠠ ᠶᠢ ᠦᠷᠨᠢᠬᠦᠯᠵᠦ᠂ ᠠᠷᠠᠳ, ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠡᠷᠡᠬᠦᠯ ᠴᠢᠬᠢᠷᠠᠭ ᠦᠢᠯᠡᠴᠢᠯᠡᠭᠡᠨ ᠤ ᠱᠠᠭᠠᠷᠳᠠᠯᠭ᠎ᠠ ᠶᠢ ᠬᠠᠩᠭᠠᠵᠤ᠂ ᠡᠷᠡᠬᠦᠯ ᠴᠢᠬᠢᠷᠠᠭ ᠲᠤᠮᠳᠠᠲᠤ ᠶᠢᠨ ᠠᠶᠠᠯᠠᠯ ᠢ | ᠪᠦᠬᠦ ᠬᠤᠰᠢᠭᠤᠨ ᠳᠤ ᠢᠳᠡᠪᠬᠢᠳᠡᠢ ᠦᠷᠨᠢᠬᠦᠯᠬᠦ ᠬᠡᠷᠡᠭᠲᠠᠢ ᠬᠡᠵᠡᠢ᠃ ᠯᠢ ᠵᠢᠷᠤᠮᠲᠤ ᠠᠵᠢᠯᠯᠠᠭ᠎ᠠ ᠡᠬᠢᠯᠡᠭᠰᠡᠨ ᠢ | ᠵᠠᠷᠯᠠᠪᠠ᠃ | ᠠᠵᠢᠯᠯᠠᠭ᠎ᠠ ᠳᠡᠭᠡᠷ᠎ᠡ ᠬᠤᠰᠢᠭᠤ ᠡᠷᠡᠬᠦᠯ ᠬᠠᠮᠠᠭᠠᠯᠠᠯ ᠬᠢᠬᠡᠳ ᠲᠦᠯᠦᠪᠯᠡᠭᠡᠲᠤ ᠬᠦᠩᠬᠡᠵᠢᠯ ᠤᠨ ᠲᠤᠪᠴᠢᠶ᠎ᠠ᠂ | ᠰᠤᠷᠭᠠᠨ ᠬᠦᠮᠦᠵᠢᠯ ᠤᠨ ᠲᠤᠪᠴᠢᠶ᠎ᠠ᠂ ᠡᠯ᠎ᠡ ᠡᠮᠨᠡᠯᠭᠡ ᠶᠢᠨ ᠪᠠᠶᠢᠭᠤᠯᠭ᠎ᠠ ᠠᠴᠠ ᠤᠬᠠᠭᠤᠯᠭ᠎ᠠ ᠶᠢᠨ ᠦᠢᠯᠡᠴᠢᠯᠡᠭᠡᠨ ᠤ | ᠠᠵᠢᠯᠯᠠᠭᠠᠦᠷᠨᠢᠬᠦᠯᠵᠦ᠂ ᠦᠷᠭᠡᠨ ᠤᠯᠠᠨ ᠲᠦᠮᠡᠨ ᠳᠤ ᠪᠠᠶ᠎ᠠ ᠪᠠᠨ ᠪᠤᠯᠪᠠᠰᠤᠷᠠᠭᠤᠯᠬᠤ᠂ ᠤᠳᠠᠭᠠᠨ ᠴᠢᠨᠠᠷᠲᠤ | ᠡᠪᠡᠳᠴᠢᠨ ᠢ ᠤᠷᠢᠳᠴᠢᠯᠠᠨ ᠰᠡᠷᠭᠡᠶᠢᠯᠡᠬᠦ ᠮᠡᠳᠡᠯᠭᠡ᠂ ᠡᠷᠡᠬᠦᠯ ᠬᠠᠮᠠᠭᠠᠯᠠᠯ ᠲᠦᠯᠦᠪᠯᠡᠬᠡᠲᠤ ᠦᠷᠡᠵᠢᠯ ᠤᠨ ᠬᠠᠤᠯᠢ | ᠴᠠᠭᠠᠵᠠ ᠬᠠᠤᠯᠢ ᠲᠦᠷᠢᠮ ᠵᠡᠷᠭᠡ ᠶᠢ ᠤᠬᠠᠭᠤᠯᠤᠭᠰᠠᠨ ᠪᠠᠶᠢᠨ᠎ᠠ᠃ | ᠡᠬᠦᠨ ᠠᠴᠠ ᠭᠠᠳᠠᠨ᠎ᠠ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠶᠢᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠠᠴᠠ ᠴᠢᠰᠣᠨ ᠳᠠᠷᠣᠯᠳᠡ ᠬᠡᠮᠵᠢᠬᠦ᠂ ᠣᠨᠣᠰᠢᠯᠠᠯᠳᠠ ᠭᠢᠵᠤ ᠦᠨ᠎ᠡ | ᠲᠦᠯᠦᠪᠦᠷᠢ ᠦᠬᠡᠢ ᠮᠤᠩᠭᠤᠯ ᠡᠮ ᠪᠠᠷᠢᠬᠤ ᠵᠡᠷᠭᠡ ᠠᠯᠪᠡᠨ ᠵᠢᠷᠤᠮ ᠤᠨ ᠡᠮᠴᠢᠯᠡᠭᠡ ᠶᠢ ᠣᠯᠠᠨ ᠳᠦᠮᠡᠨ ᠳᠤ | ᠬᠦᠷᠳᠡᠭᠡᠯ᠎ᠡ᠃ | |