ᠣᠶᠢᠷ᠎ᠠ ᠶᠢᠨ ᠡᠳᠣᠷ ᠦᠣᠰᠢᠨ ᠬᠤᠰᠢᠭᠤᠨ ᠤ ᠠᠩᠬᠠᠳᠠᠭᠴᠢ ᠤᠳᠠᠭᠠᠨ ᠤ ᠨᠠᠰᠤᠲᠠᠶᠢᠴᠤᠳ ᠤᠨ ᠮᠤᠩᠭᠤᠯ | ᠰᠢᠲᠠᠷ᠎ᠠ ᠶᠢᠨ ᠤᠷᠤᠯᠳᠤᠭᠠᠨ ᠢ ᠬᠤᠰᠢᠭᠤ ᠮᠤᠩᠭᠤᠯ ᠦᠨᠳᠣᠰᠣᠳᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ | ᠠᠮᠵᠢᠯᠲᠠᠲᠠᠢ ᠶᠠᠪᠣᠭᠳᠠᠯ᠎ᠠ᠃ | ᠡᠨ᠋ᠨ ᠲᠤᠰ ᠤᠳᠠᠭᠠᠨ ᠤ ᠤᠷᠤᠯᠳᠤᠭᠠᠨ ᠢ ᠮᠠᠨ ᠤ ᠬᠤᠰᠢᠭᠤᠨ ᠤ ᠮᠤᠩᠭᠤᠯ ᠰᠢᠲᠠᠷ᠎ᠠ ᠶᠢᠨ ᠨᠡᠶᠢᠬᠡᠮᠯᠢᠭ | ᠪᠤᠯᠤᠨ ᠨᠠᠰᠤᠲᠠᠶᠢᠴᠤᠳ ᠤᠨ ᠪᠠᠶ᠎ᠠ ᠲᠠᠮᠢᠷ ᠤᠨ ᠨᠡᠶᠢᠬᠡᠮᠯᠢᠭ ᠠᠴᠠ ᠡᠷᠬᠢᠯᠡᠨ ᠬᠢᠵᠣ ᠳᠦᠴᠢᠬᠡᠳ ᠨᠠᠰᠤᠲᠠᠶᠢᠴᠤᠳ | ᠣᠷᠣᠯᠴᠠᠯ᠎ᠠ᠃ ᠡᠨ᠋ᠨ ᠵᠢᠯ 79 ᠨᠠᠰᠣᠳᠡᠢ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ | ᠤᠶᠤᠨᠴᠢᠮᠡᠭᠨᠠᠰᠤᠲᠠᠨ ᠪᠣᠯ ᠡᠨ᠋ᠨ ᠣᠳᠠᠭᠠᠨ ᠤ ᠣᠷᠣᠯᠳᠣᠭᠠᠨ ᠳᠤ ᠣᠷᠣᠯᠴᠠᠭᠰᠠᠨ ᠬᠠᠮᠤᠭ ᠤᠨ ᠦᠨᠳᠣᠷ ᠨᠠᠰᠣᠳᠡᠢ | ᠣᠷᠣᠯᠴᠠᠭᠴᠢ ᠪᠠᠶᠢᠯ᠎ᠠ᠃ ᠤᠷᠤᠯᠳᠤᠭᠠᠨ ᠢ ᠲᠤᠯᠤᠭᠠᠨ ᠡᠭᠡᠯᠵᠢ ᠪᠠᠷ ᠶᠠᠪᠤᠭᠳᠠᠭᠤᠯᠵᠤ᠂ ᠨᠢᠭᠡᠳᠦᠭᠡᠷ ᠲᠡᠰ ᠲᠤ ᠨᠢᠭᠡ | ᠨᠡᠷ᠎ᠡ᠂ ᠬᠤᠶᠠᠳᠤᠭᠠᠷ ᠲᠡᠰ ᠲᠤ ᠬᠤᠶᠠᠷ ᠨᠡᠷ᠎ᠡ᠂ ᠭᠤᠷᠪᠠᠳᠤᠭᠠᠷ ᠲᠡᠰ ᠲᠤ ᠭᠤᠷᠪᠠᠨ ᠨᠡᠷ᠎ᠡ᠂ ᠰᠢᠯᠢᠳᠡᠭ ᠳᠡᠰ ᠲᠤ | ᠵᠢᠷᠭᠤᠭᠠᠨ ᠨᠡᠷ᠎ᠡ ᠶᠢ ᠲᠤᠰ ᠲᠤᠰ ᠱᠠᠩᠨᠠᠨ ᠭᠦᠬᠢᠭᠦᠯᠦᠭᠰᠡᠨ ᠪᠦᠭᠡᠳ ᠤᠷᠤᠯᠳᠤᠭᠠᠨ ᠳᠤ ᠤᠷᠤᠯᠴᠠᠭᠰᠠᠳ ᠲᠤ | ᠵᠤᠷᠢᠭᠵᠢᠭᠤᠯᠤᠯ ᠤᠨ ᠪᠤᠳᠠᠰ ᠬᠦᠷᠭᠡᠭᠰᠡᠨ ᠪᠠᠶᠢᠨ᠎ᠠ᠃ | ᠮᠤᠩᠭᠤᠯ ᠰᠢᠲᠠᠷ᠎ᠠ ᠶᠢᠨ ᠨᠡᠶᠢᠬᠡᠮᠯᠢᠭ ᠤᠨ ᠳᠣᠰ ᠣᠳᠠᠭᠠᠨ ᠤ ᠠᠵᠢᠯᠯᠠᠭᠠᠨ ᠨᠢ ᠦᠨᠳᠦᠰᠦᠲᠡᠨ ᠤ ᠰᠤᠶᠤᠯ | ᠤᠨ ᠦᠪ ᠤᠨ ᠴᠢᠬᠤᠯᠠ ᠨᠢᠭᠡ ᠵᠦᠢᠯ ᠪᠤᠯᠬᠤ ᠮᠤᠩᠭᠤᠯ ᠰᠢᠲᠠᠷ᠎ᠠ ᠶᠢ ᠨᠣᠳᠤᠭ ᠤᠨ ᠣᠯᠠᠨ ᠲᠦᠮᠡᠨ ᠳᠡᠭᠡᠨ | ᠲᠦᠭᠡᠮᠡᠯᠵᠢᠭᠦᠯᠵᠣ᠂ ᠮᠠᠨ ᠤ ᠨᠠᠰᠤᠲᠠᠶᠢᠴᠤᠳ ᠤᠨ ᠰᠤᠶᠤᠯ ᠤᠨ ᠠᠮᠢᠳᠦᠷᠠᠯ ᠢ ᠪᠠᠶᠠᠯᠢᠭᠵᠢᠭᠤᠯᠣᠨ ᠨᠠᠰᠤᠲᠠᠶᠢᠴᠤᠳ | ᠢᠶᠠᠷ ᠲᠠᠮᠵᠢᠵᠤ ᠨᠡᠶᠢᠭᠡᠮ ᠨᠡᠶᠢᠲᠡ ᠳᠤ ᠮᠤᠩᠭᠤᠯ ᠰᠢᠲᠠᠷ᠎ᠠ ᠶᠢ ᠶᠠᠭᠠᠬᠢᠵᠤ ᠲᠤᠭᠯᠠᠳᠠᠭ ᠭᠡᠰᠡᠨ ᠡᠨᠡ ᠨᠢᠭᠡ ᠰᠤᠶᠤᠯ | ᠤᠨ ᠦᠪ ᠢᠶᠠᠨ ᠤᠯᠠᠮᠵᠢᠯᠠᠨ ᠲᠡᠯᠭᠡᠷᠡᠭᠦᠯᠬᠦ ᠳᠤ ᠴᠢᠬᠤᠯᠠ ᠣᠶᠢᠯᠡᠳᠣᠯ ᠦᠵᠡᠬᠦᠯᠥᠭᠰᠡᠨ ᠪᠠᠶᠢᠨ᠎ᠠ᠃ |