ᠬᠤᠳᠠ ᠶᠢᠨ ᠠᠬᠠᠮᠳ ᠺᠠᠳ᠋ᠷᠴᠤᠳ ᠤᠨ ᠪᠠᠶᠢᠴᠠᠭᠠᠯᠳᠠ ᠶᠢᠨ ᠪᠥᠯᠭᠦᠮ ᠤᠨ ᠬᠢᠨ ᠮᠠᠨ ᠤ ᠬᠤᠰᠢᠭᠤᠨ ᠳᠤ ᠪᠠᠶᠢᠴᠠᠭᠠᠨ ᠰᠣᠳᠣᠯᠣᠯᠳᠠ ᠭᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2018-07-06
                                                         7 ᠰᠠᠷ᠎ᠠ ᠠᠴᠠ 2 ᠠᠴᠠ 3 ᠪᠤᠯᠳᠠᠯ᠎ᠠ ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠤᠯᠠᠭᠠᠨ᠂ ᠬᠤᠳᠠ ᠶᠢᠨ ᠰᠢᠭᠤᠳ ᠬᠠᠷᠢᠶ᠎ᠠ ᠲᠢᠩᠭᠢᠮ ᠤᠨ ᠲᠠᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠪᠠᠶᠢᠴᠠᠭᠠᠯᠳᠠ ᠶᠢᠨ ᠪᠥᠯᠭᠦᠮ ᠤᠨ ᠬᠢᠨ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠣ ᠠᠵᠤ ᠠᠬᠤᠢ ᠨᠡᠶᠢᠭᠡᠮ ᠤᠨ ᠭᠥᠭᠵᠢᠯᠳᠠ᠂ ᠥᠨᠳᠤᠰᠤᠨ ᠱᠠᠳᠤᠨ ᠤ ᠵᠤᠭᠢᠶᠠᠨ ᠪᠠᠶᠢᠭᠤᠯᠤᠯᠳᠠ ᠶᠢᠨ ᠪᠠᠶᠢᠭᠤᠯᠤᠯᠳᠠ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠪᠤᠯᠤᠨ ᠰᠤᠶᠤᠯ ᠵᠤᠭᠠᠴᠠᠯ ᠤᠨ ᠡᠭᠢ ᠪᠠᠶᠠᠯᠢᠭ ᠤᠨ ᠨᠡᠭᠡᠭᠡᠯᠳᠠ᠂ ᠰᠤᠶᠤᠯ ᠤᠨ ᠠᠵᠤ ᠥᠢᠯᠡᠰ ᠤᠨ ᠭᠥᠭᠵᠢᠯᠳᠠ ᠵᠡᠷᠭᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ   ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ  ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠤᠳᠤᠷᠢᠳᠤᠯᠭ᠎ᠠ ᠤᠶᠤᠨᠪᠢᠯᠢᠭ᠌᠂ ᠮᠥᠩᠭᠦᠨ᠂ ᠶᠠᠩ ᠵᠥᠩ ᠬᠤᠩ᠂ ᠰᠢᠶᠤᠤ ᡁᠢ ᠺᠤᠸᠠᠨ ᠨᠠᠷ ᠪᠠᠷᠠᠳᠠᠨ ᠪᠠᠶᠢᠴᠠᠭᠠᠪᠠ᠃       ᠪᠠᠶᠢᠴᠠᠭᠠᠯᠳᠠ ᠶᠢᠨ ᠪᠥᠯᠭᠦᠮ ᠤᠨ ᠬᠢᠨ ᠤᠷᠢᠳ ᠬᠤᠵᠢᠳ ᠲᠤᠭ ᠪᠠᠯᠭᠠᠰᠤᠨ ᠤ ᠵᠥᠩ ᠲᠢᠶᠠᠨ ᠡᠾᠧ ᠴᠤᠸᠠᠩ ᠺᠣᠮᠫᠠᠨᠢ ᠶᠢᠨ ᠨᠠᠭᠦᠷᠠᠰᠤ ᠶᠢ ᠨᠠᠷᠢᠯᠢᠭ ᠪᠤᠯᠪᠠᠰᠤᠷᠠᠭᠤᠯᠬᠤ ᠲᠠᠭᠤᠷᠢᠶᠠᠯ ᠲᠥᠷᠥᠯ ᠵᠥᠢᠯ᠂ ᠪᠠᠶᠠᠠᠨᠠᠭᠤᠷ ᠤᠨ ᠲᠠᠯ᠎ᠠ ᠨᠤᠳᠤᠭ᠂ ᠵᠥᠩ ᠮᠸᠢ ᠪᠦᠯᠥᠭᠯᠡᠯ ᠤᠨ ᠮᠧᠩ ᠳ᠋ᠠ ᠺᠣᠮᠫᠠᠨᠢ ᠶᠢᠨ 50 ᠲᠥᠮᠡᠨ ᠲᠤᠨ ᠤ ᠪᠠᠷᠢᠯᠭ᠎ᠠ ᠶᠢᠨ ᠰᠤᠯᠢᠶᠤᠤ ᠶᠢᠨ ᠲᠥᠷᠥᠯ ᠵᠥᠢᠯ᠂ ᠮᠠᠯᠵᠢᠬᠤ ᠳ᠋ᠠᠵᠠᠢ ᠶᠢᠨ ᠮᠥᠽᠸᠢ᠂ ᠤᠯᠠᠭᠠᠨᠳᠤᠯᠤᠭᠠᠢ ᠪᠠᠯᠭᠠᠰᠤᠨ ᠤ ᠤᠩᠭᠤᠨ ᠲᠠᠯ᠎ᠠ ᠲᠠᠵᠢᠭᠡᠪᠤᠷᠢ ᠶᠢᠨ ᠲᠤᠰᠬᠠᠢ ᠬᠤᠷᠰᠢᠶ᠎ᠠ᠂ ᠪᠠᠶᠠᠠᠭᠤᠤᠯ ᠭᠠᠴᠠᠭ᠎ᠠ᠂ ᠰᠥᠯᠳᠠ ᠰᠤᠮᠤᠨ ᠤ ᠲᠠᠯ᠎ᠠ ᠨᠤᠳᠤᠭ ᠤᠨ ᠡᠾᠧ ᠨᠢᠤ ᠥᠭᠡᠷ ᠤᠨ ᠲᠠᠵᠢᠭᠡᠪᠤᠷᠢ ᠶᠢᠨ ᠰᠠᠭᠤᠷᠢᠨ ᠭᠠᠵᠠᠷ᠂ ᠰᠢᠷᠬᠤᠰᠤᠨ ᠪᠠᠯᠭᠠᠰᠤᠨ ᠤ ᠵᠥᠩ ᠮᠸᠢ ᠪᠦᠯᠥᠭᠯᠡᠯ  ᠤᠨ ᠶᠤᠸᠠᠨ ᠰᠢᠩ ᠺᠣᠮᠫᠠᠨᠢ ᠶᠢᠨ 60 ᠲᠥᠮᠡᠨ ᠲᠤᠨ ᠤ ᠨᠠᠭᠦᠷᠠᠰᠤ ᠪᠠᠷ ᠮᠧᠲ᠋ᠢᠯ ᠠᠯᠭᠦᠤᠯ ᠥᠯᠠᠳᠪᠤᠷᠢᠯᠠᠭᠦ ᠲᠥᠷᠥᠯ ᠵᠥᠢᠯ ᠪᠤᠯᠤᠨ ᠭᠠᠯᠠᠭᠤᠳᠤ ᠪᠠᠯᠭᠠᠰᠤᠨ ᠤ ᠤᠶᠤᠳᠠᠳ ᠤᠨ  ᠰᠢᠨ᠎ᠠ ᠶᠢ ᠡᠭᠦᠳᠤᠨ ᠥᠢᠯᠡᠰ ᠪᠤᠰᠬᠠᠬᠤ ᠭᠥᠷᠢᠶ᠋ᠯᠠᠩ᠂ ᠰᠤᠶᠤᠯ ᠤᠨ ᠪᠦᠳᠦᠬᠡᠯᠳᠡ ᠶᠢᠨ ᠠᠵᠤ ᠥᠢᠯᠡᠰ ᠤᠨ ᠭᠥᠷᠢᠶᠠᠯᠠᠩ ᠵᠡᠷᠭᠡ ᠭᠠᠵᠠᠷ ᠢᠶᠠᠷ ᠭᠥᠷᠴᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠠ᠂ ᠥᠨᠳᠤᠰᠤᠨ ᠱᠠᠳᠤᠨ ᠤ ᠵᠤᠭᠢᠶᠠᠨ ᠪᠠᠶᠢᠭᠤᠯᠤᠯᠳᠠ ᠶᠢᠨ ᠪᠠᠶᠢᠭᠤᠯᠤᠯᠳᠠ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠪᠤᠯᠤᠨ ᠰᠤᠶᠤᠯ ᠵᠤᠭᠠᠴᠠᠯ ᠤᠨ ᠡᠭᠢ ᠪᠠᠶᠠᠯᠢᠭ ᠤᠨ ᠨᠡᠭᠡᠭᠡᠯᠳᠠ᠂ ᠰᠤᠶᠤᠯ ᠤᠨ ᠠᠵᠤ ᠥᠢᠯᠡᠰ ᠤᠨ ᠭᠥᠭᠵᠢᠯᠳᠠ ᠵᠡᠷᠭᠡ ᠶᠢᠨ ᠪᠠᠶᠢᠳᠠᠯ  ᠳᠤ  ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃       ᠬᠤᠶᠠᠷ ᠡᠳᠤᠷ ᠤᠨ ᠪᠠᠶᠢᠴᠠᠭᠠᠨ ᠪᠠᠶᠢᠴᠠᠭᠠᠯᠳᠠ ᠪᠠᠷ ᠲᠠᠮᠵᠢᠨ ᠳᠣᠰ ᠪᠥᠯᠭᠦᠮ ᠤᠨ ᠬᠢᠨ ᠠᠴᠠ ᠮᠠᠨ ᠤ ᠬᠤᠰᠢᠭᠤ ᠶᠢ  ᠭᠥᠭᠵᠢᠯᠳᠠ ᠶᠢᠨ ᠰᠠᠳᠭᠢᠴᠠ ᠨᠢ ᠲᠤᠳᠤᠷᠬᠠᠢ ᠬᠠᠷᠯᠳᠠ ᠨᠢ ᠲᠤᠳᠤ᠂ ᠰᠢᠨ᠎ᠠ ᠶᠢ ᠡᠭᠦᠳᠥᠭᠰᠠᠨ ᠥᠷ᠎ᠠ ᠪᠥᠳᠥᠮᠵᠢ ᠨᠢ ᠢᠯᠠᠷᠭᠡᠢ ᠪᠠᠶᠢᠵᠤ᠂ ᠠᠮᠢ ᠠᠬᠤᠢ ᠶᠢ ᠲᠠᠷᠢᠭᠦᠨ ᠪᠠᠶᠢᠷᠢᠨ ᠳᠤ ᠲᠠᠯᠪᠢᠵᠤ ᠪᠤᠭᠢᠷᠳᠤᠯ ᠥᠭᠡᠢ ᠭᠥᠭᠵᠢᠯᠳᠠ ᠶᠢ ᠪᠡᠶᠠᠯᠠᠭᠦᠯᠥᠭᠰᠠᠨ ᠪᠠᠶᠢᠨ᠎ᠠ ᠭᠡᠵᠤ ᠥᠵᠡᠭᠰᠠᠨ ᠤ ᠬᠠᠮᠳᠤ ᠮᠠᠨ ᠤ ᠬᠤᠰᠢᠭᠤᠨ ᠤ ᠰᠠᠳᠭᠢᠴᠠ ᠪᠠᠨ ᠳᠣᠳᠣᠷᠬᠠᠢ ᠪᠠᠶᠢᠯᠭᠠᠨ ᠥᠪᠠᠷ ᠤᠨ ᠭᠥᠭᠵᠢᠯᠳᠠ ᠪᠠᠨ  ᠡᠷᠢᠯᠬᠢᠯᠡᠵᠣ᠂ ᠤᠷᠤᠨ ᠨᠤᠳᠤᠭ ᠤᠨ ᠭᠤᠤᠯᠯᠠᠬᠤ ᠥᠷᠢᠰᠤᠯᠳᠤᠭᠦ ᠭᠥᠴᠤᠨ ᠢ ᠳᠠᠰᠣᠷᠠᠯᠳᠡ ᠥᠭᠡᠢ ᠲᠡᠭᠰᠢᠯᠡᠭᠦᠯᠵᠤ᠂ ᠥᠪᠠᠷ ᠤᠨ ᠤᠨᠴᠠᠯᠢᠭ ᠲᠠᠢ ᠭᠥᠭᠵᠢᠯᠳᠠ ᠶᠢᠨ ᠭᠡᠯᠪᠠᠷᠢ ᠮᠠᠶ᠋ᠢᠭ ᠢ ᠲᠡᠯᠭᠡᠷᠡᠭᠦᠯᠥᠭᠰᠠᠨ ᠲᠠᠷᠢᠭᠦᠨ ᠤ ᠠᠷᠭ᠎ᠠ ᠲᠤᠷᠰᠢᠯᠭ᠎ᠠ ᠳᠤ ᠨᠤᠳᠠᠯᠠᠯᠳᠠ ᠥᠭᠭᠦᠭᠰᠠᠨ ᠪᠠᠶᠢᠨ᠎ᠠ᠃ ᠡᠭᠦᠨ ᠤ ᠬᠠᠮᠳᠣ ᠮᠠᠨ ᠤ ᠬᠤᠰᠢᠭᠤ ᠶᠢ ᠡᠭᠢ ᠪᠠᠶᠠᠯᠢᠭ ᠤᠨ ᠲᠠᠪᠠᠭᠤᠯᠢᠭ ᠢᠶᠠᠨ ᠥᠷᠭᠦᠯᠵᠢᠯᠠᠨ ᠪᠠᠳᠠᠷᠠᠭᠤᠯᠵᠤ᠂ ᠠᠵᠤ ᠥᠢᠯᠡᠰ ᠢ ᠪᠤᠵᠠᠭᠠᠶᠢᠷᠠᠭᠤᠯᠤᠨ᠂ ᠪᠥᠭᠦ ᠬᠤᠰᠢᠭᠤᠨ ᠤ ᠠᠵᠤ ᠠᠬᠤᠢ ᠶᠢᠨ ᠡᠷᠡᠭᠦᠯ ᠥᠷᠭᠦᠯᠵᠢᠯᠡᠭᠰᠠᠨ ᠭᠥᠭᠵᠢᠯᠳᠠ ᠶᠢ ᠠᠭᠢᠭᠤᠯᠬᠤ ᠶᠢ ᠭᠥᠰᠡᠵᠠᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号