ᠰᠢ ᠶᠢᠨ ᠫᠢᠩ ᠤᠨ ᠤᠳᠬ᠎ᠠ ᠤᠷᠠᠯᠢᠭ ᠤᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ | ᠦᠬᠡᠷᠡᠴᠢᠯᠡᠯᠳᠠ ᠨᠡᠬᠡᠬᠡᠯᠳᠠ ᠬᠢᠭᠰᠡᠨ 40 ᠵᠢᠯ ᠤᠨ ᠤᠢ ᠶᠢ ᠲᠤᠬᠢᠶᠠᠯᠳᠤᠭᠤᠯᠤᠨ᠂ ᠦᠨᠳᠣᠰᠣᠲᠠᠨ ᠤ | ᠣᠯᠠᠮᠵᠢᠯᠡᠯᠲᠣ ᠰᠣᠶᠣᠯ ᠢᠶᠠᠨ ᠪᠠᠳᠠᠷᠠᠭᠤᠯᠵᠣ᠂ ᠮᠠᠨ ᠤ ᠬᠤᠰᠢᠭᠤᠨ ᠤ ᠣᠯᠠᠨ ᠲᠦᠮᠡᠨᠴᠢ ᠰᠣᠶᠣᠯ ᠤᠷᠠᠯᠢᠭ ᠤᠨ | ᠠᠮᠢᠳᠣᠷᠠᠯ ᠢ ᠪᠠᠶᠠᠯᠢᠭᠵᠢᠭᠤᠯᠤᠨ᠂ ᠰᠢᠨ᠎ᠡ ᠣᠬᠢ ᠰᠤᠳᠤᠨ ᠪᠦᠲᠦᠭᠡᠯ ᠢ ᠢᠯᠡᠷᠡᠬᠦᠯᠦᠨ᠂ ᠨᠡᠩ ᠤᠯᠠᠨ ᠤᠳᠬ᠎ᠠ | ᠤᠷᠠᠯᠢᠭ ᠤᠨ ᠴᠢᠳᠠᠪᠤᠷᠢᠳᠠᠨ ᠢ ᠬᠦᠮᠦᠵᠢᠬᠦᠯᠦᠨ ᠭᠠᠷᠭᠠᠬᠤ ᠶᠢᠨ ᠲᠦᠯᠦᠬᠡ ᠦᠤᠰᠢᠨ ᠬᠤᠰᠢᠭᠤᠨ ᠤ ᠤᠳᠬ᠎ᠠ | ᠤᠷᠠᠯᠢᠭ ᠤᠨ ᠬᠢᠨ ᠤ ᠬᠤᠯᠪᠤᠭ᠎ᠠ᠂ ᠦᠤᠰᠢᠨ ᠬᠤᠰᠢᠭᠤᠨ ᠤ ᠰᠦᠯᠳᠠ ᠰᠤᠮᠤᠨ ᠤ ᠠᠷᠠᠳ ᠤᠨ ᠵᠠᠰᠠᠭ ᠤᠨ | ᠤᠷᠳᠤᠨ ᠬᠠᠮᠳᠤᠷᠠᠨ᠂ ᠦᠤᠰᠢᠨ ᠬᠤᠰᠢᠭᠤᠨ ᠤ ᠬᠤᠷᠢᠳᠤᠭᠠᠷ ᠬᠤᠭᠤᠴᠠᠭᠠᠨ ᠤ ︽ᠤᠯᠠᠨ ᠬᠤᠷᠠᠬᠤ︾ ᠤᠳᠬ᠎ᠠ | ᠤᠷᠠᠯᠢᠭ ᠤᠨ ᠴᠢᠭᠤᠯᠭᠠᠨ ︵ᠲᠤᠷᠤᠭᠰᠢ ︽ᠴᠢᠭᠤᠯᠭᠠᠨ︾ ᠬᠡᠵᠤ ᠲᠦᠬᠦᠮᠴᠢᠯᠡᠨ᠎ᠡ︶ ᠢ 2018 ᠤᠨ ᠤ 8 | ᠳ᠋ᠤᠭᠠᠷ ᠰᠠᠷ᠎ᠠ ᠶᠢᠨ ᠰᠡᠬᠦᠯᠴᠢ ᠪᠠᠷ ᠡᠷᠬᠢᠯᠡᠨ ᠶᠠᠪᠤᠭᠳᠠᠭᠤᠯᠬᠤ ᠪᠠᠷ ᠲᠤᠭᠳᠠᠪᠠ᠃ ᠡᠳᠤᠬᠡ ᠬᠠᠮᠢᠶ᠎ᠠ ᠪᠦᠬᠦᠢ ᠵᠦᠢᠯᠡᠰ | ᠢ ᠲᠤᠳᠤᠷᠬᠠᠶᠢᠯᠠᠨ ᠮᠠᠳᠡᠭᠳᠡᠶᠡ᠄ | ᠨᠢᠬᠡ᠂ ᠡᠷᠬᠢᠯᠠᠨ ᠶᠠᠪᠤᠭᠳᠠᠭᠤᠯᠬᠤ ᠭᠠᠵᠠᠷ | ᠰᠦᠯᠳᠠ ᠰᠤᠮᠤᠨ ᠤ ᠴᠠᠭᠠᠨ ᠰᠦᠯᠳᠠ ᠠᠮᠢ ᠠᠬᠤᠢ ᠨᠡᠬᠦᠳᠡᠯ ᠮᠠᠯᠵᠢᠯ ᠵᠤᠭᠠᠴᠠᠯ ᠤᠨ ᠤᠷᠤᠨ | ᠬᠤᠶᠠᠷ᠂ ᠤᠷᠤᠯᠳᠤᠭᠠᠨ ᠤ ᠲᠦᠷᠦᠯ ᠵᠦᠢᠯ | ︵ᠨᠢᠬᠡ︶ ᠲᠠᠶᠢᠰᠠᠨ ᠤ ᠤᠷᠠᠯᠢᠭ ᠤᠨ ᠲᠦᠷᠦᠯ ︵7︶᠄ ᠰᠢᠯᠦᠭ ︵ᠲᠤᠮᠤᠴᠤᠳ ᠪᠠ ᠬᠡᠤᠬᠡᠳ ᠤᠨ | ᠲᠤᠭᠤᠶᠢᠯᠠᠩ︶᠂ ᠶᠠᠷᠢᠶ᠎ᠠ ᠢᠯᠡᠳᠬᠡᠯ᠂ ᠳᠠᠭᠤᠤ᠂ ᠬᠦᠭᠵᠢᠮ᠂ ᠪᠦᠵᠢᠭ᠂ ᠢᠷᠦᠭᠡᠯ᠂ ᠦᠨᠳᠦᠰᠣᠲᠡᠨ ᠤ ᠬᠤᠪᠴᠠᠰᠣ | ᠵᠠᠰᠠᠯ᠃ | ︵ᠬᠤᠶᠠᠷ︶ ᠦᠵᠡᠭᠦᠯᠭᠡ ᠶᠢᠨ ᠲᠦᠷᠦᠯ ︵6︶᠄ ᠣᠷᠠᠨ ᠵᠢᠷᠤᠭ᠂ ᠣᠷᠠᠨ ᠪᠢᠴᠢᠯᠭᠡ᠂ ᠠᠷᠠᠰᠤᠨ ᠤᠷᠠᠯᠠᠯ | ᠂ ᠬᠠᠳᠬᠤᠮᠠᠯ᠂ ᠰᠡᠶᠢᠯᠦᠮᠡᠯ᠂ ᠭᠡᠷᠡᠯ ᠵᠢᠷᠤᠭ᠃ | ᠭᠤᠷᠪᠠ᠂ ᠣᠷᠣᠯᠳᠣᠭᠠᠨ ᠤ ᠱᠠᠭᠠᠷᠳᠠᠯᠭ᠎ᠠ | ︵ᠨᠢᠬᠡ︶ ᠣᠷᠣᠯᠳᠣᠭᠠᠨ ᠳᠤ ᠣᠷᠣᠯᠴᠠᠬᠤ ᠪᠦᠲᠦᠭᠡᠯ ᠨᠢ ᠠᠭᠤᠯᠭ᠎ᠠ ᠡᠷᠡᠭᠦᠯ ᠰᠠᠷᠠᠭᠤᠯ᠂ ᠦᠭᠡᠳᠡᠷᠡᠭ᠂ | ᠨᠠᠮ᠂ ᠡᠬᠡ ᠣᠯᠣᠰ᠂ ᠨᠡᠶᠢᠭᠡᠮ ᠵᠢᠷᠣᠮ ᠢᠶᠠᠨ ᠮᠠᠭᠲᠠᠨ ᠳᠠᠭᠤᠯᠠᠵᠣ᠂ ᠦᠨᠳᠣᠰᠣᠲᠠᠨ ᠤ ᠪᠦᠯᠬᠦᠮᠳᠡᠯ ᠳᠠᠪᠰᠢᠯᠲᠠ ᠶᠢ | ᠣᠬᠠᠭᠤᠯᠣᠨ᠂ ᠨᠣᠲᠤᠭ ᠣᠰᠣ ᠪᠠᠨ ᠬᠠᠶᠢᠷᠠᠯᠠᠬᠤ ᠪᠠᠷ ᠭᠤᠣᠯ ᠰᠡᠳᠣᠪ ᠢᠶᠠᠨ ᠪᠤᠯᠭᠠᠵᠤ᠂ ᠦᠨᠳᠦᠰᠦᠲᠡᠨ ᠪᠠ | ᠭᠠᠵᠠᠷ ᠣᠷᠣᠨ ᠤ ᠣᠨᠴᠠᠯᠢᠭ᠂ ᠴᠠᠭ ᠡᠷᠢᠨ ᠤ ᠦᠩᠭᠡ ᠠᠶᠠᠰ ᠢᠶᠠᠷ ᠲᠣᠪᠣᠶᠢᠮ᠎ᠠ ᠪᠠᠶᠢᠬᠤ ᠬᠡᠷᠡᠭᠲᠡᠢ᠃ | ︵ᠬᠤᠶᠠᠷ︶ ᠣᠷᠣᠯᠳᠣᠭᠠᠨ ᠳᠤ ᠣᠷᠣᠯᠴᠠᠭᠰᠠᠳ ᠵᠠᠪᠠᠯ ᠦᠨᠳᠦᠰᠦᠲᠡᠨ ᠤ ᠬᠤᠪᠴᠠᠰᠤ ᠵᠠᠰᠠᠯ ᠢᠶᠠᠷ | ᠭᠤᠶᠤᠯᠠᠵᠤ᠂ ᠮᠣᠩᠭᠤᠯ ᠦᠭᠡ ᠬᠡᠯᠡ ᠦᠰᠦᠭ ᠪᠢᠴᠢᠭ ᠢ ᠬᠡᠷᠡᠭᠯᠡᠭᠰᠡᠨ ᠪᠠᠶᠢᠬᠤ ᠬᠡᠷᠡᠭᠲᠡᠢ᠃ | ︵ᠭᠤᠷᠪᠠ︶ ᠰᠢᠯᠦᠭ ︵ᠬᠡᠤᠬᠡᠳ ᠤᠨ ᠲᠤᠭᠤᠶᠢᠯᠠᠩ ᠠᠴᠠ ᠪᠤᠰᠤᠳ︶᠂ ᠶᠠᠷᠢᠶ᠎ᠠ ᠢᠯᠡᠳᠬᠡᠯ᠂ ᠭᠡᠷᠡᠯ | ᠵᠢᠷᠤᠭ᠂ ᠤᠷᠠᠨ ᠪᠢᠴᠢᠯᠭᠡ᠂ ᠤᠷᠠᠨ ᠵᠢᠷᠤᠭ᠂ ᠬᠠᠳᠬᠤᠮᠠᠯ᠂ ᠰᠡᠶᠢᠯᠦᠮᠡᠯ᠂ ᠠᠷᠠᠰᠤᠨ ᠤᠷᠠᠯᠠᠯ᠂ ᠦᠨᠳᠤᠰᠦᠲᠡᠨ ᠤ | ᠬᠤᠪᠴᠠᠰᠤ ᠵᠠᠰᠠᠯ ᠤᠨ ᠪᠦᠲᠦᠭᠡᠯ ᠨᠢ ᠵᠠᠪᠠᠯ ᠦᠪᠡᠷ ᠤᠨ ᠰᠢᠨ᠎ᠡ ᠪᠦᠲᠦᠭᠡᠯ ᠪᠠᠶᠢᠵᠣ᠂ ᠲᠠᠶᠢᠰᠠᠨ ᠤ ᠤᠷᠠᠯᠢᠭ ᠤᠨ | ᠲᠦᠷᠦᠯ ᠤᠨ ᠤᠷᠤᠯᠳᠤᠬᠤ ᠬᠤᠭᠤᠴᠠᠭ᠎ᠠ ᠨᠢ 5 ᠮᠢᠨᠦ᠋ᠲ ᠠᠴᠠ ᠬᠡᠲᠣᠷᠡᠵᠣ ᠪᠣᠯᠬᠤ ᠦᠭᠡᠢ᠃ | ︵ᠲᠦᠷᠪᠡ︶ ᠬᠦᠭᠵᠢᠮ ᠤᠨ ᠣᠷᠣᠯᠳᠣᠭᠠᠨ ᠳᠤ ᠣᠷᠣᠯᠴᠠᠭᠰᠠᠳ ᠮᠣᠷᠢᠨ ᠬᠤᠭᠤᠷ᠂ ᠱᠠᠨᠵᠠ᠂ ᠳᠦᠷᠪᠡᠨ | ᠣᠲᠠᠰᠣᠲᠣ ᠬᠤᠭᠤᠷ᠂ ᠯᠢᠩᠪᠤ᠂ ᠪᠠᠶᠠᠨ ᠬᠤᠭᠤᠷ ᠵᠡᠷᠭᠡ ᠦᠨᠳᠣᠰᠣᠲᠡᠨ ᠤ ᠬᠦᠭᠵᠢᠮᠳᠡᠭᠦᠷ ᠢ ᠬᠡᠷᠡᠭᠯᠡᠵᠤ᠂ ᠣᠣᠭᠠᠯ | ᠰᠢᠨᠵᠢ ᠪᠠ ᠢᠵᠠᠭᠤᠷ ᠤᠷᠠᠯᠢᠭ ᠤᠨ ᠤᠨᠴᠠᠯᠢᠭ ᠢ ᠲᠤᠪᠤᠶᠢᠯᠭᠠᠬᠤ ᠶᠢ ᠴᠢᠬᠤᠯᠠᠴᠢᠯᠠᠨ᠎ᠠ᠃ | ︵ᠲᠠᠪᠤ︶ ᠤᠷᠤᠯᠳᠤᠭᠠᠨ ᠢ ᠬᠤᠪᠢ ᠬᠦᠮᠦᠨ ᠪᠠ ᠬᠠᠮᠳᠤᠯᠢᠭ ᠬᠡᠵᠤ ᠬᠤᠪᠢᠶᠠᠬᠤ ᠦᠬᠡᠢ᠂ ᠲᠤᠰᠪᠤᠷᠢ 1 | ᠲᠦᠷᠦᠯ ᠳᠤ ᠨᠡᠷ᠎ᠡ ᠮᠡᠳᠡᠬᠦᠯᠵᠤ ᠪᠤᠯᠤᠨ᠎ᠠ᠃ ᠬᠠᠮᠲᠣᠯᠢᠭ ᠨᠢ ᠡᠷᠬᠡᠪᠰᠢ ᠠᠷᠠᠳ ᠤᠨ ᠶᠠᠪᠤᠳᠠᠯ ᠤᠨ ᠲᠤᠪᠴᠢᠶ᠎ᠠ ᠪᠤᠶᠤ | ᠰᠤᠶᠤᠯ ᠤᠨ ᠲᠤᠪᠴᠢᠶᠠᠨ ᠳᠤ ᠪᠦᠷᠢᠳᠬᠡᠯ ᠲᠠᠢ ᠪᠠᠶᠢᠬᠤ ᠬᠡᠷᠡᠭᠳᠡᠢ᠃ | ︵ᠵᠢᠷᠭᠤᠭ᠎ᠠ︶ ᠤᠷᠤᠯᠳᠤᠭᠠᠨ ᠳᠤ ᠤᠷᠤᠯᠴᠠᠭᠰᠠᠳ ᠬᠡᠷᠪᠡ ᠵᠤᠬᠢᠶᠠᠯ ᠪᠦᠳᠦᠭᠡᠯ ᠤᠨ ᠡᠷᠬᠡ ᠵᠡᠷᠬᠡ ᠬᠠᠮᠢᠶ᠎ᠠ | ᠪᠦᠬᠦᠢ ᠬᠠᠤᠯᠢ ᠲᠦᠷᠢᠮ ᠤᠨ ᠠᠰᠠᠭᠤᠳᠠᠯ ᠲᠠᠢ ᠬᠤᠯᠪᠤᠭᠳᠠᠪᠠᠯ ᠬᠠᠷᠢᠭᠤᠴᠠᠯᠭ᠎ᠠ ᠪᠠᠨ ᠦᠪᠡᠰᠦᠪᠡᠨ ᠡᠬᠦᠷᠬᠡᠯᠡᠨ᠎ᠡ᠃ | ︵ᠲᠤᠯᠤᠭ᠎ᠠ︶ ᠲᠤᠰ ᠴᠢᠭᠤᠯᠭᠠᠨ ᠤ ᠤᠷᠤᠯᠳᠤᠭᠠᠨ ᠨᠢ ᠨᠡᠷ᠎ᠡ ᠮᠡᠳᠡᠬᠦᠯᠦᠭᠰᠡᠨ ᠬᠦᠮᠦᠨ ᠤ ᠲᠤᠭ᠎ᠠ ᠪᠠᠷ | ᠪᠠᠷᠢᠮᠵᠢᠶᠠᠯᠠᠵᠤ ᠪᠡᠯᠡᠳᠬᠡᠯ ᠤᠷᠤᠯᠳᠤᠭᠠᠨ ᠶᠠᠪᠤᠭᠳᠠᠭᠤᠯᠬᠤ ᠡᠰᠡᠬᠦ ᠶᠢ ᠲᠤᠭᠳᠠᠭᠠᠨ᠎ᠠ᠃ ᠤᠷᠤᠯᠳᠤᠭᠠᠨ ᠳᠤ | ᠤᠷᠤᠯᠴᠠᠭᠰᠠᠳ ᠤᠷᠤᠯᠳᠤᠭᠠᠨ ᠡᠬᠢᠯᠡᠬᠦ ᠠᠴᠠ ᠡᠮᠤᠨ᠎ᠡ 15 ᠮᠢᠨᠦ᠋ᠲ ᠲᠤ ᠠᠬᠤᠢ ᠲᠠᠯᠠᠪᠠᠢ ᠳᠤ ᠬᠦᠷᠴᠤ | ᠤᠷᠤᠯᠳᠤᠭᠠᠨ ᠳᠤ ᠤᠷᠤᠯᠴᠠᠬᠤ ᠬᠡᠷᠡᠭᠳᠡᠢ᠂ ᠦᠬᠡᠢ ᠪᠤᠯ ᠤᠷᠤᠯᠴᠠᠬᠤ ᠡᠷᠬᠡ ᠪᠠᠨ ᠬᠠᠶᠠᠭᠰᠠᠨ ᠢᠶᠠᠷ | ᠰᠢᠢᠳᠪᠤᠷᠢᠯᠡᠨ᠎ᠡ᠃ | ︵ᠨᠠᠢᠮᠠ︶ 2018 ᠤᠨ ᠤ 7 ᠰᠠᠷ᠎ᠠ ᠶᠢᠨ 5 ᠤ ᠡᠳᠤᠷ ᠠᠴᠠ 2018 ᠤᠨ ᠤ 7 ᠰᠠᠷ᠎ᠠ ᠶᠢᠨ 30 ᠤ | ᠡᠳᠤᠷ ᠪᠤᠯᠳᠠᠯ᠎ᠠ ᠦᠤᠰᠢᠨ ᠬᠤᠰᠢᠭᠤᠨ ᠤ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠤᠨ 3 ᠳ᠋ᠤᠭᠠᠷ ᠠᠰᠠᠷ | ᠤᠨ 108 ᠦᠷᠦᠬᠡ ᠳᠤ ᠨᠡᠷ᠎ᠡ ᠮᠡᠳᠡᠬᠦᠯᠤᠨ᠎ᠡ᠃ | ᠬᠠᠷᠢᠯᠴᠠᠬᠤ ᠬᠦᠮᠣᠨ᠄ ᠭᠠᠷᠠᠭ 18747796752 ᠠᠯᠪᠠᠨ ᠤᠳᠠᠰᠤ᠄ 7582133 | ᠲᠦᠷᠪᠡ᠂ ᠠᠩᠬᠠᠷᠬᠤ ᠵᠦᠢᠯ | ᠰᠢᠯᠦᠭ᠂ ᠶᠠᠷᠢᠶ᠎ᠠ ᠢᠯᠡᠳᠬᠡᠯ ᠤᠨ ᠤᠷᠤᠯᠳᠤᠭᠠᠨ ᠳᠤ ᠤᠷᠤᠯᠴᠠᠭᠰᠠᠳ ᠨᠡᠷ᠎ᠡ ᠮᠡᠳᠡᠬᠦᠯᠬᠦ ᠳᠡᠭᠡᠨ ᠡᠷᠬᠡᠪᠰᠢ | ᠰᠢᠯᠦᠭ᠂ ᠶᠠᠷᠢᠶ᠎ᠠ ᠢᠯᠡᠳᠬᠡᠯ ᠤᠨ ᠢᠶᠠᠨ ᠡᠬᠡ ᠪᠢᠴᠢᠭ ᠤᠨ ᠡᠯᠧᠺᠲᠷᠤᠨ ᠬᠡᠪ ᠪᠠ ᠲᠠᠷᠤᠮᠠᠯᠯᠠᠭᠰᠠᠨ ᠬᠡᠪ ︵A4 | ᠴᠠᠭᠠᠰᠤ᠂ ᠨᠢᠬᠡ ᠬᠤᠪᠢ︶ ᠢ ᠲᠤᠰᠢᠶᠠᠬᠤ ᠬᠡᠷᠡᠭᠳᠡᠢ᠃ ᠭᠡᠷᠡᠯ ᠵᠢᠷᠤᠭ ᠤᠨ ᠤᠷᠤᠯᠳᠤᠭᠠᠨ ᠳᠤ ᠤᠷᠤᠯᠴᠠᠭᠰᠠᠳ | ᠪᠦᠳᠦᠬᠡᠯ ︵ᠺᠤᠮᠫᠢᠦ᠋ᠲ᠋ᠧᠷ ᠢᠶᠠᠷ ᠵᠠᠰᠠᠯᠳᠠ ᠬᠢᠭᠰᠡᠨ ᠦᠭᠡᠢ ᠪᠠᠶᠢᠵᠤ᠂ 3 ᠪᠦᠳᠦᠬᠡᠯ ᠢᠶᠠᠷ ᠬᠢᠵᠠᠭᠠᠷᠯᠠᠨ᠂ ᠪᠦᠳᠦᠭᠡᠯ | ᠤᠨ ᠨᠡᠷ᠎ᠡ ᠪᠠᠨ ᠲᠠᠭᠠᠯᠳᠤᠭᠤᠯᠤᠨ᠎ᠠ︶ ᠢᠶᠠᠨ JPG ᠬᠡᠯᠪᠡᠷᠢ ᠪᠠᠷ ᠲᠤᠭᠳᠠᠭᠰᠠᠨ ᠢᠮᠧᠯ ᠤᠷᠤᠭᠤ ᠢᠯᠡᠬᠡᠬᠦ | ᠬᠡᠷᠡᠭᠳᠡᠢ᠂ ᠢᠮᠧᠯ᠄ aolonhurah19@126.com᠃ | ᠦᠦᠰᠢᠨ ᠬᠤᠰᠢᠭᠤᠨ ᠤ ᠣᠳᠬ᠎ᠠ ᠣᠷᠠᠯᠢᠭ ᠤᠨ ᠬᠢᠨ ᠤ ᠬᠤᠯᠪᠣᠭ᠎ᠠ | ᠰᠦᠯᠳᠠ ᠰᠤᠮᠤᠨ ᠤ ᠠᠷᠠᠳ ᠤᠨ ᠵᠠᠰᠠᠭ ᠤᠨ ᠣᠷᠳᠣᠨ | 2018 ᠣᠨ ᠤ 7 ᠰᠠᠷ᠎ᠠ ᠶᠢᠨ 4 ᠤ ᠡᠳᠦᠷ |