ᠮᠠᠨ ᠤ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠰᠢᠯᠢᠳᠡᠭ ᠦᠢᠯᠡᠴᠢᠯᠡᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2018-07-09
     ᠦᠨᠳᠦᠰᠦᠨ ᠱᠠᠳᠤᠨ ᠤ ᠤᠯᠠᠨ ᠲᠦᠮᠡᠨ ᠬᠡᠷ ᠠᠴᠠ ᠪᠠᠨ ᠬᠠᠮᠤᠭ ᠤᠶᠢᠷᠠᠯᠴᠠᠭ᠎ᠠ ᠡᠮ ᠡᠮᠨᠡᠯᠬᠡ ᠶᠢᠨ ᠰᠢᠯᠢᠳᠡᠭ ᠦᠢᠯᠡᠴᠢᠯᠡᠭᠡ ᠬᠦᠷᠳᠡᠬᠦ ᠨᠢ ᠲᠡᠳᠡᠨ ᠤ ᠡᠷᠡᠬᠦᠯ ᠠᠮᠢᠳᠤᠷᠠᠵᠤ᠂ ᠤᠷᠳᠤ ᠨᠠᠰᠤᠯᠠᠵᠤ᠂ ᠦᠢᠯᠡᠳᠪᠤᠷᠢᠯᠡᠯ ᠠᠮᠢᠳᠤᠷᠠᠯ ᠢᠶᠠᠨ ᠬᠦᠭᠵᠢᠬᠦᠯᠬᠦ ᠶᠢᠨ ᠴᠢᠬᠤᠯᠠ ᠪᠠᠳᠤᠯᠠᠭ᠎ᠠ ᠪᠤᠯᠳᠠᠭ  ᠃ ᠮᠠᠨ ᠤ ᠬᠤᠰᠢᠭᠤᠨ ᠤ ᠮᠤᠩᠭᠤᠯ ᠡᠮᠨᠡᠯᠬᠡ  ᠶᠢᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠰᠢᠨ᠎ᠡ ᠠᠰᠠᠷ ᠲᠠᠭᠠᠨ ᠨᠡᠬᠦᠵᠦ ᠰᠢᠨ᠎ᠡ ᠤᠷᠴᠢᠨ ᠳ᠋ᠠᠠᠭᠠᠨ ᠦᠷᠬᠦᠯᠵᠢᠯᠡᠨ ᠰᠢᠯᠢᠳᠡᠭ ᠦᠢᠯᠡᠴᠢᠯᠡᠭᠡ   ᠪᠠᠨ ᠪᠠᠳᠤᠯᠠᠨ ᠰᠠᠶᠢᠵᠢᠷᠠᠭᠤᠯᠤᠭᠰᠠᠭᠠᠷ ᠪᠠᠶᠢᠨ᠎ᠠ᠃      ᠡᠮᠨᠡᠯᠬᠡ ᠶᠢᠨ ᠠᠰᠠᠷ ᠤᠨ ᠨᠢᠬᠡᠳᠦᠬᠡᠷ ᠲᠠᠪᠬᠤᠷ ᠲᠤ ᠲᠤᠰᠬᠠᠶᠢᠯᠠᠨ ᠭᠠᠨᠵᠤᠤᠷ ᠳ᠋ᠠᠨᠵᠤᠤᠷ ᠨᠣᠮ ᠢ ᠵᠡᠷᠬᠡᠯᠡᠬᠦᠯᠵᠦ  ᠂ ᠮᠤᠩᠭᠤᠯ ᠡᠮᠨᠡᠯᠬᠡ ᠶᠢᠨ ᠡᠮ ᠵᠠᠰᠠᠯ᠂ ᠢᠳᠡᠬᠡᠨ ᠤᠮᠳᠠᠭᠠᠨ᠂ ᠡᠷᠡᠬᠦᠯ ᠪᠠᠶ᠎ᠠ᠂ ᠶᠠᠪᠤᠳᠠᠯ ᠮᠦᠷ᠂ ᠡᠪᠡᠳᠴᠢᠨ ᠤ ᠶᠠᠪᠤᠴᠠ ᠶᠢ ᠲᠤᠰᠬᠠᠭᠰᠠᠨ ᠤᠨᠴᠠᠯᠢᠭᠳᠤ ᠵᠢᠷᠤᠭ ᠢ ᠵᠢᠭᠳᠡᠷᠡᠬᠦᠯᠵᠦ ᠵᠢᠷᠤᠭᠰᠠᠨ ᠨᠢ ᠦᠨᠳᠦᠰᠦᠳᠡᠨ ᠤ ᠡᠮᠨᠡᠯᠬᠡ ᠶᠢᠨ ᠤᠨᠴᠠᠯᠢᠭ ᠢ ᠲᠤᠪᠤᠶᠢᠯᠭᠠᠵᠣ ᠨᠡᠷᠡᠳᠦ ᠡᠮᠴᠢ ᠶᠢᠨ ᠡᠮᠴᠢᠯᠡᠬᠡᠨ ᠤ ᠲᠠᠰᠤᠭ ᠢ ᠦᠨᠳᠦᠰᠦᠳᠡᠨ ᠤ ᠤᠨᠴᠠᠯᠢᠭ ᠲᠠᠢ ᠵᠠᠰᠠᠵᠤ ᠪᠠᠶᠢᠷᠢᠯᠠᠭᠤᠯᠵᠤ ᠨᠢᠬᠡ ᠳ᠋ᠦᠩᠰᠢᠭᠤᠷ ᠬᠤᠶᠠᠷ ᠮᠢᠩᠭᠠᠨ ᠲᠦᠮᠡᠨ ᠲᠦᠬᠦᠷᠢᠭ ᠤᠨ  ᠪᠡᠯᠡ ᠤᠷᠤᠭᠤᠯᠣᠨ ᠪᠠᠶᠢᠭᠤᠯᠣᠭᠰᠠᠨ  ᠳᠣᠰ ᠡᠮᠨᠡᠯᠬᠡ ᠶᠢᠨ ᠬᠤᠷᠢᠶ᠎ᠠ ᠣᠳᠣᠬᠠᠨ ᠳᠤ 120 ᠡᠪᠡᠳᠴᠢᠳᠡᠨ ᠤ ᠣᠷᠣ᠂ 19 ᠰᠠᠯᠠᠭ᠎ᠠ ᠲᠠᠰᠤᠭ ᠲᠠᠢ ᠪᠣᠯᠵᠣ᠂ ᠲᠡᠬᠡᠷ᠎ᠡ ᠱᠠᠳᠤᠨ ᠤ ᠡᠮᠨᠡᠯᠬᠡ ᠶᠢᠨ ᠬᠤᠷᠢᠶ᠎ᠠ ᠲᠠᠢ ᠬᠠᠷᠢᠴᠠᠭ᠎ᠠ ᠪᠠᠶᠢᠭᠤᠯᠵᠤ ᠠᠯᠤᠰ ᠠᠴᠠ ᠤᠨᠤᠰᠢᠯᠠᠬᠤ ᠮᠡᠷᠬᠡᠵᠢᠯ ᠢ ᠠᠰᠢᠭᠯᠠᠨ ᠦᠷᠬᠡᠨ ᠤᠯᠠᠨ ᠮᠠᠯᠴᠢᠨ ᠲᠦᠮᠡᠨ ᠳᠡᠭᠡᠨ ᠨᠡᠩ ᠰᠠᠶᠢᠨ ᠮᠤᠩᠭᠤᠯ ᠡᠮᠨᠡᠯᠬᠡ ᠶᠢᠨ ᠦᠢᠯᠡᠴᠢᠯᠡᠭᠡ ᠶᠢ ᠬᠠᠩᠭᠠᠵᠤ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号