ᠬᠤᠳᠠ ᠶᠢᠨ ᠨᠠᠮ ᠤᠨ ᠬᠤᠷᠢᠶᠠᠨ ᠤ ᠱᠥᠵᠢ ᠨᠢᠤ ᠵᠢᠶᠦ᠋ᠨ ᠶᠠᠨ ᠮᠠᠨ ᠤ ᠬᠤᠰᠢᠭᠤᠨ ᠳᠤ ᠢᠷᠠᠵᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠬᠢᠪᠠ
ᠨᠡᠶᠢᠲᠡᠯᠡᠭᠰᠡᠨ ᠴᠠᠭ᠄
2018-07-09
      ᠣᠶᠢᠷ᠎ᠡ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠥᠵᠢ ᠨᠢᠤ ᠵᠢᠶᠦ᠋ᠨ ᠶᠠᠨ ᠮᠠᠨ ᠤ ᠬᠤᠰᠢᠭᠤᠨ ᠳᠤ ᠭᠥᠨᠵᠡᠭᠡᠶᠢᠷᠠᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ  ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ ᠬᠤᠳᠠ ᠶᠢᠨ ᠨᠠᠮ ᠤᠨ ᠬᠤᠷᠢᠶᠠᠨ ᠤ ᠲᠡᠳ᠋ ᠱᠥᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠢᠤᠢ ᠰᠢᠨ ᠹᠠᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠶᠠᠩ ᠮᠢᠩ ᠪᠤᠯᠤᠨ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠴᠢᠶᠤᠤ ᠶᠥᠨ ᠯᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠤᠳᠤᠷᠢᠳᠤᠯᠭ᠎ᠠ ᠵᠸᠤ ᠱᠤᠸᠠᠢ ᠨᠠᠷ ᠪᠠᠷᠠᠳᠠᠨ ᠪᠠᠶᠢᠴᠠᠭᠠᠪᠠ᠃      ᠨᠢᠦ ᠵᠢᠶᠦ᠋ᠨ ᠶᠠᠨ ᠨᠠᠷ ᠤᠷᠢᠳ ᠬᠤᠵᠢᠳ ᠬᠤᠯᠤᠰᠤ ᠨᠠᠭᠦᠷᠠᠰᠤᠨ ᠠᠭᠤᠷᠬᠠᠢ᠂ ᠮᠥᠩᠭᠡᠴᠢᠨ ᠨᠠᠭᠦᠷᠠᠰᠤᠨ ᠠᠭᠤᠷᠬᠠᠢ᠂  ᠮᠤᠳᠤᠨᠴᠠᠶᠢᠳᠠᠮ ᠨᠠᠭᠦᠷᠠᠰᠤᠨ ᠠᠭᠤᠷᠬᠠᠢ ᠪᠤᠯᠤᠨ ᠵᠥᠩ ᠲᠢᠶᠠᠨ ᠡᠾᠧ ᠴᠤᠸᠠᠩ ᠺᠣᠮᠫᠨᠢ ᠶᠢᠨ ᠠᠭᠤᠷᠬᠠᠢ ᠶᠢᠨ ᠤᠰᠤ ᠶᠢ ᠰᠶᠢᠳᠪᠤᠷᠢᠯᠠᠭᠦ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠲᠤᠬᠠᠢ ᠶᠢᠨ ᠳᠠᠯᠠᠪᠣᠷ ᠲᠤ ᠭᠥᠷᠴᠤ ᠡᠯ᠎ᠠ ᠨᠠᠭᠦᠷᠠᠰᠤᠨ ᠠᠭᠤᠷᠬᠠᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠰᠶᠢᠳᠪᠤᠷᠢᠯᠡᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠳᠤ  ᠬᠤᠯᠪᠤᠭᠳᠠᠯ ᠪᠥᠭᠦᠢ ᠠᠵᠢᠯ ᠢ ᠰᠠᠶᠢᠨ ᠭᠢᠭᠦ ᠲᠤᠬᠠᠢ ᠪᠤᠳᠠᠳᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠨᠢᠤ ᠵᠢᠶᠦ᠋ᠨ ᠶᠠᠨ ᠴᠢᠬᠤᠯᠠᠴᠢᠯᠠᠬᠤ ᠳᠤ ᠪᠠᠨ᠂ ᠠᠷᠠᠳ ᠲᠥᠮᠡᠨ ᠢᠶᠠᠷ ᠭᠤᠤᠯ ᠪᠤᠯᠭᠠᠭᠰᠠᠨ ᠭᠥᠭᠵᠢᠯᠳᠠ ᠶᠢᠨ ᠥᠵᠠᠯ ᠰᠠᠨᠠᠭ᠎ᠠ ᠶᠢ ᠢᠮᠠᠭᠳᠠ ᠪᠠᠷᠢᠮᠳᠠᠯᠠᠨ  ᠭᠠᠵᠠᠷ ᠤᠷᠤᠨ   ᠤ  ᠭᠢᠨᠠᠨ ᠬᠠᠮᠢᠶᠠᠷᠤᠯᠳᠠ ᠶᠢᠨ ᠬᠠᠷᠢᠭᠤᠴᠯᠠᠭ᠎ᠠ᠂ ᠰᠠᠯᠠᠭ᠎ᠠ ᠮᠥᠴᠢᠷ ᠤᠨ ᠭᠤᠤᠯ ᠬᠠᠮᠢᠶᠠᠷᠤᠯᠳᠠ ᠶᠢᠨ ᠬᠠᠷᠢᠭᠤᠴᠯᠠᠭ᠎ᠠ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ  ᠲᠤᠪᠤᠶᠢᠮ᠎ᠠ ᠠᠰᠠᠭᠤᠳᠠᠯ ᠳᠤ ᠴᠢᠭᠯᠡᠭᠦᠯᠤᠨ ᠪᠥᠳᠥᠮᠵᠢᠳᠠᠢ ᠠᠷᠭ᠎ᠠ ᠭᠡᠮᠵᠢᠶ᠎ᠠ ᠠᠪᠴᠣ᠂ ᠠᠭᠤᠷᠬᠠᠢ ᠶᠢᠨ ᠬᠤᠳᠳᠤᠭ  ᠤᠨ ᠤᠰᠤ ᠶᠢ ᠰᠶᠢᠳᠪᠤᠷᠢᠯᠠᠭᠦ ᠢᠨᠵᠧᠨᠧᠷᠢᠩ ᠤᠨ  ᠪᠥᠳᠥᠭᠡᠨ ᠪᠠᠶᠢᠭᠤᠯᠤᠯᠳᠠ ᠶᠢᠨ ᠠᠭᠢᠴᠠ ᠶᠢ ᠤᠯᠠᠮ ᠨᠢᠭᠡ ᠠᠯᠬᠤᠮ ᠲᠥᠷᠭᠡᠳᠭᠡᠨ ᠪᠤᠭᠢᠷᠳᠤᠯ ᠤᠨ ᠠᠰᠠᠭᠤᠳᠠᠯ ᠢ ᠲᠤᠶᠢᠯᠪᠤᠷᠢᠳᠠᠢ ᠰᠶᠢᠳᠪᠤᠷᠢᠯᠠᠭᠦ ᠶᠢᠨ ᠬᠠᠮᠳᠤ ᠠᠭᠤᠷᠬᠠᠢ ᠶᠢᠨ ᠬᠤᠳᠳᠤᠭ ᠤᠨ ᠤᠰᠤ ᠶᠢ ᠲᠠᠭᠢᠨ ᠠᠰᠢᠭᠯᠠᠬᠤ ᠪᠤᠯᠭᠠᠵᠤ᠂ ᠭᠠᠵᠠᠷ ᠤᠷᠤᠨ ᠤ ᠠᠮᠢ ᠠᠬᠤᠢ ᠤᠷᠴᠢᠨ ᠲᠤᠭᠤᠷᠢᠨ   ᠤ ᠥᠷᠭᠦᠯᠵᠢᠯᠡᠭᠰᠠᠨ ᠰᠠᠶᠢᠨ ᠬᠦᠭᠵᠢᠯᠳᠡ‌‍ᠶᠢ ᠠᠭᠢᠭᠤᠯᠬᠤ ᠭᠡᠷᠡᠭᠳᠠᠢ ᠭᠡᠵᠡᠢ᠃      ᠨᠢᠤ ᠵᠢᠶᠦ᠋ᠨ ᠶᠠᠨ ᠴᠢᠬᠤᠯᠠᠴᠢᠯᠠᠬᠤ ᠳᠤ ᠪᠠᠨ ᠠᠮᠢ ᠠᠬᠤᠢ ᠤᠷᠴᠢᠨ ᠲᠤᠭᠤᠷᠢᠨ ᠪᠤᠯ  ᠨᠠᠮ ᠤᠨ ᠡᠭᠦᠷᠭᠡ ᠬᠠᠷᠢᠭᠤᠴᠠᠯᠭ᠎ᠠ ᠵᠤᠷᠢᠯᠳᠠ ᠲᠠᠢ ᠬᠤᠯᠪᠤᠭᠳᠠᠬᠤ ᠴᠢᠬᠤᠯᠠ ᠶᠡᠭᠡ ᠤᠯᠤᠰ ᠲᠥᠷᠥ ᠶᠢᠨ ᠠᠰᠠᠭᠤᠳᠠᠯ ᠪᠠᠶᠢᠵᠣ ᠥᠷᠭᠡᠨ ᠤᠯᠠᠨ ᠲᠥᠮᠡᠨ ᠤ ᠲᠤᠰ ᠪᠠᠶ᠎ᠠ ᠶᠢᠨ ᠠᠰᠢᠭ ᠲᠤᠰᠠ ᠲᠠᠢ ᠬᠤᠯᠪᠤᠭᠳᠠᠬᠤ ᠴᠢᠬᠤᠯᠠ ᠶᠡᠭᠡ ᠨᠠᠶᠢᠭᠡᠮ ᠤᠨ ᠠᠰᠠᠭᠤᠳᠠᠯ ᠪᠤᠯᠤᠨ᠎ᠠ᠃ ᠡᠯ᠎ᠠ ᠱᠠᠳᠤ ᠡᠯ᠎ᠠ ᠬᠤᠯᠪᠤᠭᠳᠠᠯ ᠪᠥᠭᠦᠢ ᠰᠠᠯᠭ᠎ᠠ ᠮᠥᠴᠢᠷ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ  ᠪᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠲᠥᠷᠪᠡᠨ ᠤᠬᠠᠮᠰᠠᠷ ᠢ ᠪᠤᠢ ᠪᠤᠯᠭᠠᠨ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠡᠭᠦᠯᠵᠤ ᠡᠷᠡᠰ ᠴᠢᠩᠭ᠎ᠠ ᠤᠪᠤᠷ᠂  ᠬᠠᠮᠤᠭ   ᠤᠨ ᠪᠤᠳᠥᠮᠵᠢᠳᠠᠢ ᠠᠷᠭ᠎ᠠ ᠪᠠᠷᠢᠯ  ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠪᠤᠭᠢᠷᠳᠤᠯ ᠢ ᠰᠠᠷᠭᠡᠶᠢᠯᠠᠨ ᠵᠠᠰᠠᠬᠤ ᠲᠠᠶᠢᠯᠠᠯᠳᠤᠭᠠᠨ ᠢ ᠡᠷᠡᠰ ᠢᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号