ᠤᠶᠤᠲᠠᠨ ᠨᠠᠰᠤᠨᠰᠢᠳᠢ ᠰᠠᠭᠰᠤᠨ ᠪᠦᠮᠪᠦᠭᠡᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2018-08-01
      ᠤᠶᠢᠷ᠎ᠠ ᠶᠢᠨ ᠡᠳᠤᠷ᠂ ᠶᠡᠭᠡ ᠰᠤᠷᠭᠠᠭᠤᠯᠢ ᠶᠢᠨ ᠤᠶᠤᠳᠠᠨ ᠨᠠᠰᠤᠨᠰᠢᠳᠢ ᠶᠢᠨ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ᠲᠦᠷᠪᠡ ᠲᠦᠷᠪᠡ ᠪᠠᠷ ᠥᠷᠢᠰᠦᠯᠳᠦᠬᠦ ᠬᠠᠭᠠᠰ ᠲᠠᠯᠠᠪᠤᠷ ᠤᠨ ᠰᠠᠭᠰᠤᠨ ᠪᠦᠮᠪᠦᠬᠡᠨ ᠤᠷᠤᠯᠳᠤᠭᠠᠨ ᠬᠤᠰᠢᠭᠤ ᠰᠤᠶᠤᠯ ᠲᠠᠮᠢᠷ ᠤᠨ ᠤᠷᠳᠤᠨ ᠳᠤ ᠠᠮᠵᠢᠯᠳᠠᠳᠠᠢ ᠶᠠᠪᠤᠭᠳᠠᠭᠰᠠᠨ ᠪᠠᠶᠢᠨ᠎ᠠ᠃       ᠡᠨᠡ ᠤᠳᠠᠭᠠᠨ ᠤ ᠤᠷᠤᠯᠳᠤᠭᠠᠨ ᠳᠤ ᠡᠵᠡᠨ ᠬᠤᠷᠤᠭ᠎ᠠ ᠬᠤᠰᠢᠭᠤ᠂ ᠤᠳᠤᠭ ᠬᠤᠰᠢᠭᠤ᠂ ᠤᠳᠤᠭ ᠤᠨ ᠡᠮᠤᠨᠡᠳᠤ ᠬᠤᠰᠢᠭᠤ᠂ ᠦᠤᠰᠢᠨ ᠬᠤᠰᠢᠭᠤᠨ ᠤ ᠰᠠᠭᠰᠤᠨ ᠪᠦᠮᠪᠦᠭᠡᠨ ᠳᠤ ᠪᠠᠭ᠋ᠠᠳᠠᠢ 14 ᠲᠤᠭᠤᠶᠢᠯᠠᠩ ᠤᠨ 90 ᠭᠠᠷᠤᠢ ᠲᠠᠮᠢᠷᠴᠢᠳ ᠤᠷᠤᠯᠴᠠᠵᠤ᠂ ᠪᠠᠭ᠎ᠠ ᠲᠤᠭᠤᠶᠢᠯᠠᠩ ᠤᠨ ᠰᠢᠭᠰᠢᠶ᠎ᠡ ᠤᠷᠤᠯᠳᠤᠭᠠᠨ ᠤ ᠭᠡᠯᠪᠡᠷᠢ ᠪᠠᠷ ᠡᠮᠤᠨ᠎ᠠ ᠭᠤᠷᠪᠠᠨ ᠨᠠᠷ᠎ᠡ ᠶᠢ ᠰᠢᠯᠭᠠᠷᠠᠭᠤᠯᠤᠭᠰᠠᠨ ᠪᠠᠶᠢᠨ᠎ᠠ᠃       ᠤᠶᠢᠯᠠᠭᠠᠭᠰᠠᠨ ᠢᠶᠠᠷ᠂ ᠨᠠᠰᠤᠨᠰᠢᠳᠢ ᠲᠡᠭᠡᠳᠤ ᠭᠤᠷᠪᠠ ᠠᠴᠠ ᠡᠬᠢᠯᠡᠨ ᠰᠠᠭᠰᠤᠨ ᠪᠦᠮᠪᠦᠭᠡ ᠨᠠᠭᠠᠳᠴᠤ ᠡᠯ᠎ᠡ ᠤᠷᠤᠯᠳᠤᠭᠠᠨ ᠳᠤ ᠤᠷᠤᠯᠴᠠᠨ᠂ ᠶᠡᠭᠡ ᠰᠤᠷᠭᠠᠭᠤᠯᠢ ᠳᠤ ᠤᠷᠤᠭᠰᠠᠨ ᠤ ᠲᠠᠷᠠᠭ᠎ᠠ ᠬᠦᠬᠡᠬᠤᠳᠠ ᠶᠢᠨ ᠦᠨᠳᠤᠰᠤᠳᠡᠨ  ᠤ ᠲᠡᠭᠡᠳᠤ ᠰᠣᠷᠭᠠᠭᠤᠯᠢ ᠶᠢ ᠲᠦᠯᠥᠭᠡᠯᠡᠨ CUBA ᠰᠠᠭᠰᠤᠨ ᠪᠦᠮᠪᠦᠭᠡ ᠶᠢᠨ ᠤᠷᠤᠯᠳᠤᠭᠠᠨ ᠳᠤ 6 ᠤᠳᠠᠭ᠎ᠠ ᠤᠷᠤᠯᠴᠠᠵᠤ᠂ ᠪᠥᠭᠦ ᠦᠪᠦᠷ ᠮᠤᠩᠭᠤᠯ ᠳᠤ ᠪᠠᠨ ᠲᠦᠷᠪᠡᠳᠤᠭᠡᠷ ᠨᠡᠷ᠎ᠡ ᠳᠤ ᠲᠤᠳᠤᠷᠠᠵᠤ ᠦᠩᠭᠡᠷᠡᠭᠰᠡᠨ ᠤᠳᠠᠭ᠎ᠠ  ᠲᠠᠢ᠃       ᠰᠠᠭᠰᠤᠨ ᠪᠦᠮᠪᠦᠭᠡ ᠳᠤ ᠪᠠᠭ᠋ᠠᠳᠠᠢ ᠨᠠᠰᠤᠨᠰᠢᠳᠢ ᠭᠠᠭᠴᠠᠭᠠᠷ ᠢᠶᠠᠨ ᠲᠤᠰ ᠤᠷᠤᠯᠳᠤᠭᠠᠨ ᠢ ᠡᠷᠬᠢᠯᠡᠨ ᠬᠢᠭᠰᠡᠨ  ᠨᠢ ᠡᠯ᠎ᠡ ᠬᠤᠰᠢᠭᠤᠨ ᠤ ᠰᠠᠭᠰᠤᠨ ᠪᠦᠮᠪᠦᠭᠡᠨ ᠳᠤ ᠪᠠᠭ᠋ᠠᠳᠠᠢ ᠲᠠᠮᠢᠷᠴᠢᠳ ᠲᠤ ᠬᠠᠷᠢᠯᠴᠠᠨ ᠲᠤᠷᠰᠢᠯᠭ᠎ᠠ ᠪᠠᠨ ᠰᠤᠯᠢᠯᠴᠠᠬᠤ ᠲᠠᠪᠴᠠᠩ ᠢ ᠬᠠᠩᠭᠠᠭᠰᠠᠨ ᠢᠶᠠᠷ ᠪᠠᠷᠠᠬᠤ ᠦᠭᠡᠢ᠂ ᠦᠪᠡᠷ ᠤᠨ ᠵᠤᠬᠢᠶᠠᠨ ᠪᠠᠶᠢᠭᠤᠯᠬᠤ ᠴᠢᠳᠠᠪᠤᠷᠢ ᠪᠠᠨ ᠴᠤ ᠲᠡᠭᠡᠭᠰᠢᠯᠡᠭᠦᠯᠵᠦ ᠴᠢᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号