ᠦᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠤᠨ ᠮᠠᠰᠢᠨᠴᠢᠯᠠᠯᠲᠠ ᠶᠢᠨ ᠳᠣᠪᠴᠢᠶᠠᠨ ᠳᠠᠷᠤᠭ᠎ᠠ ᠸᠠᠩ ᠵᠢᠶᠠᠨ ᠵᠢᠶᠠᠩ ᠨᠠᠷ ᠮᠠᠨ ᠤ ᠬᠤᠰᠢᠭᠤᠨ ᠤ ᠣᠳᠣᠬᠢᠴᠢᠯᠠᠭᠰᠠᠨ ᠮᠠᠯ ᠳᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018-08-01
     7 ᠰᠠᠷ᠎ᠠ ᠶᠢᠨ 26 ᠤ ᠡᠳᠦᠷ ᠦᠪᠡᠷᠳᠡᠭᠡᠨ ᠵᠠᠰᠠᠬᠤ ᠣᠷᠣᠨ ᠤ ᠳᠠᠷᠢᠶᠠᠯᠠᠩ ᠤᠨ ᠮᠠᠰᠢᠨᠴᠢᠯᠠᠯᠲᠠ ᠶᠢᠨ ᠳᠣᠪᠴᠢᠶᠠᠨ ᠳᠠᠷᠤᠭ᠎ᠠ ᠸᠠᠩ ᠵᠢᠶᠠᠨ ᠵᠢᠶᠠᠩ ᠨᠠᠷ ᠮᠠᠨ ᠤ ᠬᠤᠰᠢᠭᠤᠨ ᠤ ᠣᠳᠣᠬᠢᠴᠢᠯᠠᠭᠰᠠᠨ ᠮᠠᠯ ᠳᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠳᠠ ᠶᠢᠨ ᠮᠠᠯ ᠳᠠᠷᠢᠶᠠᠯᠠᠩ ᠤᠨ ᠠᠵᠤ ᠠᠬᠤᠢ ᠶᠢᠨ ᠳᠣᠪᠴᠢᠶ᠎ᠠ ᠪᠠ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠮᠠᠯ ᠳᠠᠷᠢᠶᠠᠯᠠᠩ ᠤᠨ ᠮᠠᠰᠢᠨᠴᠢᠯᠠᠯᠲᠠ  ᠶᠢᠨ ᠳᠣᠪᠴᠢᠶᠠᠨ ᠤ ᠬᠠᠷᠢᠭᠤᠴᠠᠯᠭᠠᠳᠠᠨ ᠪᠠᠷᠠᠳᠠᠪᠠ᠃      ᠪᠠᠶᠢᠴᠠᠭᠠᠨ ᠰᠣᠳᠣᠯᠣᠯᠲᠠ ᠶᠢᠨ ᠳᠣᠭᠤᠶᠢᠯᠠᠩ ᠣᠷᠢᠳ ᠬᠤᠵᠢᠳ ᠰᠦᠯᠳᠡ ᠰᠣᠮᠣᠨ ᠤ ᠣᠷᠳᠣᠰ ᠨᠠᠷᠢᠨ ᠨᠤᠤᠰᠤᠲᠤ ᠬᠤᠨᠢ ᠶᠢ ᠢᠬᠢᠷᠡᠯᠡᠬᠦᠯᠬᠦ ᠳᠣᠷᠰᠢᠯᠳᠠ ᠶᠢᠨ ᠰᠠᠭᠤᠷᠢᠨ ᠭᠠᠵᠠᠷ ᠪᠣᠯᠬᠤ ᠴᠡᠩᠬᠡᠯ ᠤᠨ ᠬᠡᠷ ᠪᠦᠯᠢ ᠶᠢᠨ ᠮᠠᠯᠵᠢᠯ ᠤᠨ ᠳᠠᠯᠠᠪᠠᠢ ᠪᠠ ᠱᠠᠷᠯᠢᠭ ᠳᠠᠷᠢᠶᠠᠯᠠᠩ ᠤᠨ ᠮᠠᠰᠢᠨᠴᠢᠯᠠᠯᠲᠠ ᠶᠢᠨ ᠳᠣᠰᠬᠠᠢ ᠬᠤᠷᠰᠢᠶᠠᠵᠢᠯ ᠵᠡᠷᠭᠡ ᠭᠠᠵᠠᠷ  ᠢᠶᠠᠷ ᠪᠠᠶᠢᠴᠠᠭᠠᠨ ᠰᠣᠳᠣᠯᠣᠯᠲᠠ ᠬᠢᠵᠦ᠂ ᠬᠤᠷᠰᠢᠶᠠᠵᠢᠯ ᠤᠨ ᠦᠨᠳᠦᠰᠦᠨ ᠪᠠᠶᠢᠳᠠᠯ᠂ ᠡᠵᠡᠩᠨᠡᠯᠳᠡ ᠶᠢᠨ ᠬᠡᠯᠪᠡᠷᠢ᠂ ᠳᠠᠷᠢᠵᠦ ᠳᠡᠵᠢᠬᠡᠬᠦ ᠦᠢᠯᠡᠰ ᠤᠨ ᠮᠠᠰᠢᠨᠴᠢᠯᠠᠭᠰᠠᠨ ᠪᠠᠶᠢᠳᠠᠯ ᠵᠢᠴᠢ ᠮᠠᠰᠢᠨᠴᠢᠯᠠᠯᠲᠠ ᠶᠢᠨ ᠬᠡᠷᠡᠭᠯᠡᠯᠳᠡ ᠶᠢᠨ ᠪᠠᠶᠢᠳᠠᠯ ᠢ ᠣᠶᠢᠯᠠᠭᠠᠭᠰᠠᠨ ᠤ ᠬᠠᠮᠲᠣ ᠴᠡᠩᠬᠡᠯ ᠤᠨ ᠬᠢᠨ ᠳᠤ ᠵᠢᠯᠣᠭᠤᠴᠢ ᠦᠬᠡᠢ ᠨᠢᠰᠭᠡᠯ ᠢᠶᠠᠷ ᠮᠠᠯ ᠮᠠᠯᠵᠢᠬᠤ ᠦᠵᠡᠭᠦᠯᠦᠯᠭᠡ  ᠶᠢ ᠦᠵᠡᠭᠰᠡᠨ ᠪᠠᠶᠢᠨ᠎ᠠ᠃      ᠸᠠᠩ ᠵᠢᠶᠠᠨ ᠵᠢᠶᠠᠩ ᠠᠴᠠ ᠮᠠᠨ ᠤ ᠬᠤᠰᠢᠭᠤᠨ ᠤ ᠣᠳᠣᠬᠢᠴᠢᠯᠠᠭᠰᠠᠨ ᠮᠠᠯ ᠳᠠᠷᠢᠶᠠᠯᠠᠩ ᠤᠨ ᠦᠢᠯᠡᠰ ᠤᠨ ᠬᠦᠭᠵᠢᠯᠲᠡ ᠪᠠ ᠮᠠᠰᠢᠨᠴᠢᠯᠠᠯᠲᠠ ᠶᠢᠨ ᠬᠡᠷᠡᠭᠯᠡᠯᠳᠡ ᠶᠢᠨ ᠪᠠᠶᠢᠳᠠᠯ ᠳᠤ ᠦᠨᠳᠦᠷ ᠦᠨᠡᠯᠡᠯᠳᠡ ᠦᠭᠪᠡ᠃ ᠪᠠᠶᠢᠴᠠᠭᠠᠨ ᠰᠣᠳᠣᠯᠣᠯᠲᠠ ᠶᠢᠨ ᠳᠣᠭᠤᠶᠢᠯᠠᠩ ᠤᠨ ᠬᠢᠨ ᠵᠢᠭᠠᠵᠣ ᠭᠠᠷᠭᠠᠬᠤ ᠳᠠᠭᠠᠨ᠂ ᠣᠳᠣᠬᠢᠴᠢᠯᠠᠭᠰᠠᠨ ᠮᠠᠰᠢᠨᠴᠢᠯᠠᠯᠲᠠ ᠨᠢ ᠮᠠᠯ ᠲᠠᠷᠢᠶᠠᠯᠠᠩ ᠤᠨ ᠡᠵᠡᠩᠨᠡᠯᠳᠡ ᠶᠢᠨ ᠨᠦᠬᠦᠴᠡᠯ ᠢ ᠰᠠᠶᠢᠵᠢᠷᠠᠭᠤᠯᠵᠣ ᠮᠡᠷᠭᠡᠵᠢᠯ ᠢ ᠳᠡᠭᠡᠭᠰᠢᠯᠡᠬᠦᠯᠦᠨ ᠠᠵᠢᠯ ᠤᠨ ᠬᠡᠮᠵᠢᠶ᠎ᠡ ᠶᠢ ᠪᠠᠭᠠᠰᠬᠠᠬᠤ ᠳᠤ ᠠᠰᠢᠭᠲᠠᠢ ᠪᠦᠬᠡᠳ ᠮᠠᠯᠴᠢᠨ ᠳᠠᠷᠢᠶᠠᠴᠢᠳ ᠤᠨ ᠦᠢᠯᠡᠳᠪᠦᠷᠢᠯᠡᠯ ᠤᠨ ᠪᠡᠯᠡ ᠶᠢ ᠪᠠᠭᠠᠰᠬᠠᠵᠣ᠂ ᠡᠬᠢ ᠪᠠᠶᠠᠯᠢᠭ ᠤᠨ ᠳᠣᠬᠢᠷᠠᠭᠤᠯᠣᠯᠲᠠ ᠶᠢ ᠰᠢᠯᠢᠳᠡᠭᠵᠢᠭᠦᠯᠦᠨ᠂ ᠡᠬᠢ ᠪᠠᠶᠠᠯᠢᠭ ᠢ ᠠᠰᠢᠭᠯᠠᠬᠤ ᠨᠣᠷᠮ᠎ᠠ ᠶᠢ ᠳᠡᠭᠡᠭᠰᠢᠯᠡᠬᠦᠯᠵᠦ᠂ ᠮᠠᠯ ᠳᠠᠷᠢᠶᠠᠯᠠᠩ ᠤᠨ ᠦᠢᠯᠡᠰ ᠤᠨ ᠵᠠᠬ᠎ᠠ ᠳᠡᠯᠭᠡᠭᠦᠷ ᠤᠨ ᠦᠷᠢᠰᠦᠯᠳᠦᠬᠡᠨ ᠢ ᠴᠢᠩᠭᠠᠳᠬᠠᠳᠠᠭ᠃ ᠡᠯ᠎ᠡ ᠭᠠᠵᠠᠷ ᠣᠷᠣᠨ ᠮᠠᠯ ᠳᠠᠷᠢᠶᠠᠯᠠᠩ ᠤᠨ ᠮᠠᠰᠢᠨᠴᠢᠯᠠᠯᠲᠠ ᠶᠢ ᠳᠡᠯᠬᠡᠷᠡᠬᠦᠯᠬᠦ ᠪᠠ ᠲᠦᠬᠡᠮᠡᠯᠵᠢᠬᠦᠯᠬᠦ ᠠᠵᠢᠯ ᠢ ᠰᠠᠶᠢᠳᠣᠷ ᠬᠢᠵᠦ ᠬᠠᠮᠢᠶ᠎ᠠ ᠪᠦᠬᠦᠢ ᠠᠵᠣ ᠠᠬᠤᠶᠢᠯᠠᠯ ᠪᠠ ᠳᠠᠷᠢᠶᠠᠯᠠᠩ ᠤᠨ ᠮᠠᠰᠢᠨᠴᠢᠯᠠᠯᠲᠠ  ᠶᠢᠨ ᠬᠤᠷᠰᠢᠶᠠᠵᠢᠯ ᠢ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ ᠬᠦᠢᠴᠡᠳ ᠪᠠᠳᠠᠷᠠᠭᠤᠯᠵᠣ ᠤᠯᠠᠮᠵᠢᠯᠠᠯᠲᠤ ᠪᠦᠲᠦᠬᠦᠯᠢᠭ ᠬᠡᠯᠪᠡᠷᠢ ᠶᠢ ᠣᠳᠣ ᠮᠠᠶ᠋ᠢᠭ ᠤᠨ ᠡᠷᠴᠢᠮᠵᠢᠬᠦᠯᠦᠭᠰᠡᠨ᠂ ᠮᠠᠰᠢᠨᠴᠢᠯᠠᠭᠰᠠᠨ᠂ ᠠᠦ᠋ᠲ᠋ᠤᠴᠢᠯᠠᠭᠰᠠᠨ ᠬᠡᠯᠪᠡᠷᠢ ᠪᠤᠯᠭᠠᠨ ᠬᠤᠪᠢᠷᠠᠭᠤᠯᠵᠣ ᠮᠠᠯ ᠳᠠᠷᠢᠶᠠᠯᠠᠩ ᠤᠨ ᠦᠢᠯᠡᠰ ᠤᠨ ᠦᠷᠬᠦᠯᠵᠢᠯᠡᠬᠦᠶᠢᠴᠡ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号