8 ᠰᠠᠷ᠎ᠠ ᠶᠢᠨ 6 ᠤ ᠡᠳᠤᠷ᠂ ᠮᠠᠨ ᠤ ᠬᠤᠰᠢᠭᠤᠨ ᠤ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠡᠳᠦᠷ︾ ᠤᠨ ᠰᠢᠷᠢᠰ ᠠᠵᠢᠯᠯᠠᠭ᠎ᠠ ᠬᠢᠭᠡᠳ ᠠᠵᠢᠯ ᠤᠨ ᠵᠠᠪᠰᠠᠷ ᠤᠨ ᠲᠠᠮᠢᠷ ᠤᠨ ᠡᠬᠢᠯᠡᠬᠦ ᠶᠣᠰᠣᠯᠠᠯ ᠵᠢᠴᠢ ︽ | ᠡᠷᠡᠭᠦᠯ ᠡᠩᠬᠡ ᠳᠤᠮᠳᠠᠳᠤ ᠶᠢᠨ ᠠᠶᠠᠯᠠᠯ︾ ᠰᠡᠲᠦᠪᠲᠤ ᠦᠦᠰᠢᠨ ᠬᠤᠰᠢᠭᠤᠨ ᠤ 2018 ᠣᠨ ᠤ ᠡᠯ᠎ᠡ | ᠲᠥᠷᠥᠯ ᠤᠨ ᠲᠠᠮᠢᠷ ᠤᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠬᠤᠰᠢᠭᠤ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠤ ᠲᠥᠪ ᠲᠤ ᠶᠠᠪᠤᠭᠳᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠤᠳᠤᠷᠢᠳᠤᠯᠭ᠎ᠠ ᠯᠢ | ᠬᠤᠩ ᠯᠢᠶᠠᠩ᠂ ᠾᠧ ᠤᠯᠠᠭᠠᠨ᠂ ᠯᠧᠢ ᠬᠠᠰ ᠶᠣᠰᠣᠯᠠᠯ ᠳᠤ ᠣᠷᠣᠯᠴᠠᠵᠤ᠂ ᠬᠤᠰᠢᠭᠤ ᠠᠵᠢᠯᠴᠢᠨ ᠤ ᠶᠡᠷᠦᠩᠬᠡᠢ | ᠡᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠬᠥᠩᠭᠡᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ | ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠣᠶᠣᠯ ᠤᠨ ᠲᠣᠪᠴᠢᠶ᠎ᠠ᠂ ᠭᠠᠯᠠᠭᠤᠲᠤ ᠪᠠᠯᠭᠠᠰᠤ᠂ | ᠰᠢᠷᠬᠤᠰᠤᠨ ᠪᠠᠯᠭᠠᠰᠤ᠂ ᠤᠯᠠᠭᠠᠨᠲᠣᠯᠣᠭᠠᠢ ᠪᠠᠯᠭᠠᠰᠤ᠂ ᠲᠤᠭ ᠪᠠᠯᠭᠠᠰᠤ᠂ ᠦᠦᠰᠢᠨᠵᠣᠣ ᠪᠠᠯᠭᠠᠰᠤᠨ ᠤ | ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠹᠧᠩ ᡁᠢ ᠮᠢᠩ ᠠᠵᠢᠯᠯᠠᠭ᠎ᠠ ᠡᠬᠢᠯᠡᠭᠰᠡᠨ ᠢ | ᠵᠠᠷᠯᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ 400 ᠭᠠᠷᠤᠢ ᠲᠠᠮᠢᠷᠴᠢᠨ ᠤ ᠲᠥᠯᠥᠭᠡᠯᠡᠭᠴᠢ ᠪᠣᠯᠣᠨ ᠬᠢᠨᠠᠭᠴᠢ ᠶᠢᠨ | ᠲᠥᠯᠥᠭᠡᠯᠡᠭᠴᠢ ᠠᠴᠠ ᠲᠠᠩᠭᠠᠷᠢᠭᠯᠠᠵᠤ᠂ ᠨᠢᠳᠤᠷᠭᠠᠨ ᠡᠷᠳᠡᠮ᠂ ᠯᠠᠲ᠋ᠢᠨ ᠪᠦᠵᠢᠭ᠂ ᠨᠡᠷᠡᠭᠦᠢ ᠨᠢᠳᠤᠷᠭᠠᠨ ᠡᠷᠳᠡᠮ ᠤᠨ | ᠲᠣᠭᠯᠠᠯᠲᠠ ᠭᠠᠷᠭᠠᠨ ᠬᠤᠷᠠᠭᠰᠠᠨ ᠣᠯᠠᠨ ᠤ ᠬᠠᠷᠠᠭ᠎ᠠ ᠰᠣᠨᠣᠷ ᠢ ᠮᠢᠯᠢᠶᠠᠭᠰᠠᠨ ᠪᠠᠶᠢᠨ᠎ᠠ᠃ ᠣᠶᠢᠯᠠᠭᠠᠭᠰᠠᠨ ᠢᠶᠠᠷ | ᠠᠵᠢᠯᠯᠠᠭᠠᠨ ᠤ ᠬᠤᠭᠤᠴᠠᠭᠠᠨ ᠳᠤ ᠪᠠᠰᠠ ᠠᠯᠠᠭᠠᠳᠠᠬᠤ ᠪᠥᠮᠪᠦᠭᠡ ᠪᠣᠯᠣᠨ ᠰᠠᠭᠰᠤᠨ ᠪᠥᠮᠪᠥᠭᠡᠨ ᠤ ᠤᠷᠤᠯᠳᠤᠭᠠᠨ ᠢ | ᠶᠠᠪᠤᠭᠳᠠᠭᠤᠯᠬᠤ ᠪᠠᠷ ᠪᠠᠶᠢᠨ᠎ᠠ᠃ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠬᠥᠭᠵᠢᠭᠦᠯᠬᠦ ᠪᠣᠯ ᠨᠠᠮ ᠪᠣᠯᠣᠨ ᠠᠷᠠᠳ ᠲᠦᠮᠡᠨ ᠤ | ᠬᠦᠰᠡᠯ ᠱᠠᠭᠠᠷᠳᠠᠯᠭ᠎ᠠ᠂ ᠨᠡᠶᠢᠭᠡᠮ ᠵᠢᠷᠤᠮ ᠤᠨ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠶᠢᠨ ᠭᠤᠣᠯ | ᠠᠭᠤᠯᠭ᠎ᠠ ᠪᠣᠯᠣᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ ᠰᠢ ᠶᠢᠨ ᠫᠢᠩ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠨᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠲᠡᠷᠢᠭᠦᠨ | ᠪᠠᠶᠢᠷᠢᠨ ᠳᠤ ᠲᠠᠯᠪᠢᠵᠤ᠂ ᠲᠠᠮᠢᠷ ᠤᠨ ᠦᠢᠯᠡᠰ ᠢ ︽ᠡᠷᠡᠭᠦᠯ ᠡᠩᠬᠡ ᠳᠤᠮᠳᠠᠳᠤ︾ ᠶᠢᠨ ᠪᠦᠲᠦᠭᠡᠨ | ᠪᠠᠶᠢᠭᠤᠯᠤᠯᠲᠠ ᠶᠢᠨ ᠶᠡᠷᠦᠩᠬᠡᠢ ᠲᠥᠯᠥᠪᠵᠢᠭᠦᠯᠭᠡ ᠳᠤ ᠣᠷᠣᠭᠤᠯᠤᠭᠰᠠᠨ ᠪᠠᠶᠢᠨ᠎ᠠ᠃ ᠤᠷᠲᠤ ᠬᠤᠭᠤᠴᠠᠭᠠᠨ ᠤ | ᠲᠤᠷᠰᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠷᠠᠳ ᠣᠯᠠᠨ ᠤ ᠡᠷᠡᠭᠦᠯ ᠴᠢᠭᠢᠷᠠᠭ ᠢ ᠴᠢᠬᠤᠯᠠᠴᠢᠯᠠᠨ | ᠣᠯᠠᠨ ᠲᠦᠮᠡᠨ ᠤ ᠲᠠᠮᠢᠷ ᠤᠨ ᠦᠢᠯᠡᠰ ᠢ ᠴᠢᠩᠭ᠎ᠠ ᠠᠳᠬᠤᠵᠤ᠂ ᠪᠡᠯᠡ ᠣᠷᠣᠭᠤᠯᠤᠯᠲᠠ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠬᠢᠵᠦ᠂ ᠪᠦᠬᠦ ᠬᠤᠰᠢᠭᠤᠨ ᠤ ᠡᠷᠡᠭᠦᠯ ᠬᠠᠮᠠᠭᠠᠯᠠᠯ | ᠪᠣᠯᠣᠨ ᠲᠠᠮᠢᠷ ᠤᠨ ᠦᠢᠯᠡᠰ ᠤᠨ ᠬᠥᠭᠵᠢᠯᠲᠡ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ |