ᠤᠶᠢᠷ᠎ᠠ ᠶᠢᠨ ᠡᠳᠤᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠭᠡᠯᠳᠡᠰ᠂ ᠬᠤᠳᠠ ᠶᠢᠨ ᠤᠶᠤᠨ | ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠠᠯᠪᠠᠨ ᠭᠡᠷ ᠠᠴᠠ ᠭᠤᠤᠯᠯᠠᠨ ᠡᠷᠬᠢᠯᠡᠵᠤ᠂ ᠬᠤᠳᠠ ᠶᠢᠨ ᠷᠠᠳᠢᠤ᠋ | ᠲᠧᠯᠸᠢᠰ ᠬᠤᠷᠢᠶ᠎ᠠ ᠠᠴᠠ ᠲᠠᠭᠠᠭᠠᠴᠢᠯᠠᠨ ᠡᠷᠬᠢᠯᠡᠵᠤ᠂ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ᠂ | ᠬᠤᠰᠢᠭᠤ ᠤᠶᠤᠨ ᠤ ᠪᠤᠯᠪᠠᠰᠤᠨ ᠤ ᠠᠯᠪᠠᠨ ᠭᠡᠷ ᠠᠴᠠ ᠬᠠᠮᠵᠢᠨ ᠡᠷᠬᠢᠯᠡᠭᠰᠡᠨ 2018 ᠤᠨ ᠤ ᠪᠦᠬᠦ ᠬᠤᠳᠠ ᠶᠢᠨ | ᠶᠤᠰᠤ ᠰᠤᠷᠳᠠᠬᠤᠨ ᠤ ᠵᠢᠱᠢᠶᠡᠴᠢ᠂ ᠬᠠᠵᠠᠭᠤᠳᠠᠬᠢ ᠰᠠᠶᠢᠨ ᠬᠦᠮᠦᠨ᠂ ᠪᠤᠯᠪᠠᠰᠤᠨ ᠭᠡᠷ ᠪᠦᠯᠢ ᠶᠢᠨ ᠦᠯᠢᠭᠡᠷ | ᠵᠢᠱᠢᠶ᠎ᠡ ᠶᠢ ᠲᠤᠭᠤᠷᠢᠨ ᠶᠠᠷᠢᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ᠃ ᠡᠯ᠎ᠡ ᠪᠠᠶᠢᠭᠤᠯᠭ᠎ᠠ ᠨᠢᠭᠡᠴᠢ | ᠶᠢᠨ ᠺᠠᠳ᠋ᠷ ᠠᠵᠢᠯᠳᠠᠳ᠂ ᠴᠡᠷᠢᠭ᠂ ᠰᠤᠷᠤᠭᠴᠢ᠂ ᠰᠠᠭᠤᠭᠠᠯᠢ ᠠᠷᠠᠳ ᠵᠡᠷᠭᠡ 450 ᠭᠠᠷᠣᠢ ᠨᠡᠶᠢᠭᠡᠮ ᠤᠨ ᠡᠯ᠎ᠡ | ᠡᠳᠡᠭᠡᠳ ᠤᠨ ᠲᠦᠯᠦᠭᠡᠯᠡᠭᠴᠢ ᠪᠠ ᠰᠢᠭᠤᠳ ᠨᠡᠪᠳᠡᠷᠡᠭᠦᠯᠭᠡ ᠪᠠᠷ 4000 ᠭᠠᠷᠤᠢ ᠢᠯᠡᠬᠦᠦ ᠰᠦᠯᠵᠢᠶᠡᠨ ᠤ | ᠦᠵᠡᠭᠴᠢᠳ ᠲᠤᠭᠯᠠᠯᠳᠠ ᠶᠢ ᠰᠤᠨᠢᠷᠬᠠᠪᠠ᠃ | ᠲᠤᠭᠤᠷᠢᠨ ᠶᠠᠷᠢᠬᠤ ᠠᠵᠢᠯᠯᠠᠭ᠎ᠠ ᠳᠤ ᠤᠷᠳᠤᠰ ᠬᠤᠳᠠ ᠶᠢᠨ ᠤᠶᠢᠷ᠎ᠠ ᠶᠢᠨ ᠵᠢᠯ ᠳᠤ ᠴᠤᠯᠭᠤᠷᠠᠨ ᠭᠠᠷᠤᠭᠰᠠᠨ | ᠶᠤᠰᠤ ᠰᠤᠷᠳᠠᠬᠤᠨ ᠤ ᠵᠢᠱᠢᠶᠡᠴᠢ᠂ ᠬᠠᠵᠠᠭᠤᠳᠠᠬᠢ ᠰᠠᠶᠢᠨ ᠬᠦᠮᠦᠨ ᠪᠠ ᠪᠤᠯᠪᠠᠰᠤᠨ ᠭᠡᠷ ᠪᠦᠯᠢ ᠶᠢᠨ ᠵᠢᠱᠢᠶᠡᠴᠢ | ᠦᠢᠯᠨ ᠠᠵᠢᠯᠯᠠᠭ᠎ᠠ ᠶᠢ ᠦᠯᠢᠭᠡᠷ ᠵᠢᠱᠢᠶ᠎ᠡ ᠪᠠᠷ ᠭᠤᠤᠯ ᠪᠤᠯᠭᠠᠨ ᠳᠠᠭᠤᠤ ᠪᠦᠵᠢᠭ᠂ ᠱᠤᠭ ᠵᠦᠴᠦᠭᠡ᠂ ᠲᠤᠬᠠᠢ ᠶᠢᠨ | ᠪᠠᠶᠢᠳᠠᠯ ᠢ ᠦᠯᠢᠭᠡᠷᠯᠡᠨ ᠶᠠᠷᠢᠬᠤ ᠶᠢ ᠬᠠᠪᠰᠤᠷᠭᠠᠨ ᠤᠳᠬ᠎ᠠ ᠤᠷᠠᠯᠢᠭ ᠤᠨ ᠭᠡᠯᠪᠡᠷᠢ ᠪᠠᠷ ᠨᠢᠳᠦᠨ ᠳᠤ ᠦᠵᠡᠭᠳᠡᠮ᠎ᠡ | ᠭᠠᠷ ᠲᠤ ᠪᠠᠷᠢᠭᠳᠠᠮ᠎ᠠ ᠤᠷᠠᠨ ᠠᠮᠢᠳᠤᠯᠢᠭ ᠢᠶᠠᠷ ᠲᠤᠭᠯᠠᠵᠤ᠂ ᠦᠵᠡᠭᠴᠢᠳ ᠤᠯᠠᠨ ᠤ ᠤᠷᠮ᠎ᠠ ᠪᠠᠬ᠎ᠠ ᠶᠢ ᠲᠠᠳᠠᠨ | ᠰᠡᠳᠬᠢᠯ ᠵᠢᠷᠤᠭᠡ ᠶᠢ ᠨᠢ ᠤᠶᠠᠷᠠᠭᠤᠯᠤᠨ ᠲᠤᠭᠳᠤᠯᠤᠭᠤᠯᠤᠭᠰᠠᠨ ᠪᠠᠶᠢᠨ᠎ᠠ᠃ ︽ᠬᠠᠶᠢᠷ᠎ᠠ ᠬᠠᠯᠠᠮᠵᠢ ᠶᠢᠨ ᠵᠠᠮ — | ᠯᠢᠥᠢ ᠬᠠᠢ ᠶᠢᠩ ᠤᠨ ᠦᠯᠢᠭᠡᠷ︾ ᠳᠤ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠶᠤᠰᠤ ᠰᠤᠷᠳᠠᠬᠤᠨ ᠤ | ᠵᠢᠱᠢᠶᠡᠴᠢ ᠪᠠᠷ ᠨᠡᠷ᠎ᠡ ᠲᠤᠷᠠᠳᠤᠭᠳᠠᠭᠴᠢ᠂ ᠵᠡᠬᠦᠨᠭᠠᠷ ᠠᠯᠪᠠᠨ ᠵᠢᠷᠤᠮ ᠤᠨ ᠠᠵᠢᠯᠴᠢᠨ ᠤ ᠨᠡᠶᠢᠭᠡᠮᠯᠢᠭ ᠤᠨ ᠲᠠᠷᠤᠭ᠎ᠠ | ᠯᠢᠤᠢ ᠬᠠᠢ ᠶᠢᠩ ᠤᠨ 20 ᠭᠠᠷᠦᠢ ᠵᠢᠯ ᠤᠨ ᠲᠤᠷᠰᠢᠬᠢ ᠭᠤᠤᠨᠢ ᠨᠠᠰᠤᠳᠠᠳ᠂ ᠦᠨᠦᠴᠢᠨ ᠬᠡᠦᠭᠡᠳ ᠤᠳ ᠢ | ᠬᠠᠯᠠᠭᠤᠨ ᠭᠠᠷ ᠢᠶᠠᠨ ᠰᠤᠩᠭᠠᠵᠤ ᠬᠠᠯᠠᠮᠵᠢᠯᠠᠨ ᠲᠡᠮᠵᠢᠭᠰᠡᠨ ᠰᠠᠶᠢᠨ ᠲᠤᠷ᠎ᠠ ᠶᠢᠨ ᠠᠯᠪᠠᠨ ᠵᠢᠷᠦᠮ ᠤᠨ ᠠᠵᠢᠯᠯᠠᠭ᠎ᠠ | ᠶᠢ ᠦᠯᠢᠭᠡᠷᠯᠡᠨ ᠲᠤᠭᠠᠴᠢᠭᠰᠠᠨ ᠪᠤᠯ᠂ ︽ᠢᠷᠡᠬᠦ ᠲᠦᠷᠦᠯ ᠳᠤ ᠪᠠᠰᠠ ᠡᠵᠢ ᠮᠢᠨᠢ ᠪᠢᠯᠡ︾ ᠭᠡᠬᠦ ᠱᠤᠭ ᠵᠦᠴᠦᠭᠡ | ᠳᠤ ᠲᠠᠪᠤᠳᠤᠭᠠᠷ ᠬᠤᠭᠤᠴᠠᠭᠠᠨ ᠤ ᠤᠷᠳᠤᠰ ᠬᠤᠳᠠ ᠶᠢᠨ ᠶᠤᠰᠤ ᠰᠤᠷᠳᠠᠬᠤᠨ ᠤ ᠵᠢᠱᠢᠶᠡᠴᠢ ᠴᠢᠶᠤᠤ ᠯᠠᠢ ᠱᠧᠩ | ᠤᠨ 25 ᠵᠢᠯ ᠤᠨ ᠲᠤᠷᠰᠢ ᠲᠠᠷᠢᠬᠢᠨ ᠦᠷᠪᠢᠰᠦᠯ ᠳᠤ ᠨᠡᠷᠪᠡᠭᠳᠡᠵᠤ ᠭᠡᠪᠳᠡᠷᠢ ᠳᠤ ᠤᠷᠤᠭᠰᠠᠨ ᠠᠴᠢ ᠬᠦᠪᠡᠭᠦᠨ | ᠢᠶᠠᠨ ᠦᠷᠡᠴᠢᠯᠡᠨ ᠠᠰᠠᠷᠠᠭᠰᠠᠨ ᠰᠡᠳᠬᠢᠯ ᠲᠤᠭᠳᠤᠯᠤᠭᠤᠯᠤᠮ᠎ᠠ ᠵᠢᠱᠢᠶᠡᠴᠢ ᠦᠢᠯᠨ ᠠᠵᠢᠯᠯᠠᠭ᠎ᠠ ᠶᠢ ᠶᠠᠷᠢᠵᠤ᠂ ︽ | ᠠᠬᠠᠮᠠᠳ ᠨᠠᠮ ᠤᠨ ᠭᠡᠰᠢᠭᠦᠨ ᠤ ᠶᠠᠳᠠᠭᠤ ᠶᠢ ᠲᠡᠳᠭᠦᠭᠰᠡᠨ ᠵᠠᠮ︾ ᠳᠤ 2018 ᠤᠨ ᠤ ᠨᠢᠭᠡᠳᠦᠭᠡᠷ ᠤᠯᠠᠷᠢᠯ ᠤᠨ | ᠤᠷᠳᠤᠰ ᠤᠨ ᠰᠠᠶᠢᠨ ᠬᠦᠮᠦᠨ ᠤ ᠵᠢᠠᠠᠰᠠᠭᠠᠯᠳᠠ ᠳᠤ ᠲᠤᠳᠤᠷᠠᠭᠰᠠᠨ ᠠᠬᠠᠮᠠᠳ ᠨᠠᠮ ᠤᠨ ᠭᠡᠰᠢᠭᠦᠨ ᠰᠡᠷᠡᠩᠳᠠᠷᠸᠠ | ᠶᠢᠨ ᠨᠠᠮ ᠤᠨ ᠭᠡᠰᠢᠭᠦᠨ ᠤ ᠲᠠᠭᠠᠭᠤᠯᠤᠭᠴᠢ ᠦᠢᠯᠡᠳᠦᠯ ᠢᠶᠠᠨ ᠬᠦᠢᠴᠡᠳ ᠪᠠᠳᠠᠷᠠᠭᠤᠯᠤᠨ ᠤᠯᠠᠨ ᠲᠦᠮᠡᠨ ᠢ | ᠲᠠᠶᠢᠴᠢᠯᠠᠨ ᠲᠠᠭᠠᠭᠤᠯᠵᠤ ᠪᠠᠶᠠᠵᠢᠯ ᠤᠨ ᠵᠠᠮ ᠢᠶᠠᠷ ᠵᠠᠮᠨᠠᠭᠰᠠᠨ ᠭᠡᠷᠡᠯ ᠰᠠᠴᠤᠷᠠᠩᠭᠤᠢ ᠦᠢᠯᠨ ᠠᠵᠢᠯᠯᠠᠭ᠎ᠠ ᠶᠢ | ᠠᠮᠢᠳᠤᠯᠢᠭ ᠢᠶᠠᠷ ᠲᠦᠷᠰᠦᠯᠡᠨ ᠢᠯᠡᠷᠡᠭᠦᠯᠦᠭᠰᠡᠨ ᠪᠠᠶᠢᠨ᠎ᠠ᠃ | ᠤᠳᠤᠬᠠᠨ ᠪᠤᠯᠳᠠᠯ᠎ᠠ ᠮᠠᠨ ᠤ ᠬᠤᠳᠠ ᠳᠤ ᠤᠷᠢᠳ ᠬᠤᠵᠢᠳ 5 ᠬᠦᠮᠦᠨ ᠪᠦᠬᠦ ᠤᠯᠤᠰ ᠤᠨ ᠶᠤᠰᠤ | ᠰᠤᠷᠳᠠᠬᠤᠨ ᠤ ᠵᠢᠱᠢᠶᠡᠴᠢ ᠪᠠ ᠨᠡᠷ᠎ᠡ ᠲᠤᠷᠠᠳᠤᠭᠳᠠᠭᠰᠠᠳ ᠤᠨ ᠱᠠᠩᠨᠠᠯ ᠢ ᠬᠦᠷᠳᠡᠵᠤ᠂ 46 ᠬᠦᠮᠦᠨ ᠪᠦᠬᠦ ᠤᠷᠤᠨ | ᠤ ᠶᠤᠰᠤ ᠰᠤᠷᠳᠠᠬᠤᠨ ᠤ ᠵᠢᠱᠢᠶᠡᠴᠢ ᠪᠠ ᠨᠡᠷ᠎ᠡ ᠲᠤᠷᠠᠳᠤᠭᠳᠠᠭᠰᠠᠳ ᠤᠨ ᠱᠠᠩᠨᠠᠯ ᠢ ᠬᠦᠷᠳᠡᠨ᠂ 86 ᠬᠦᠮᠦᠨ | ᠦᠪᠦᠷ ᠮᠤᠩᠭᠤᠯ ᠤᠨ ᠰᠠᠶᠢᠨ ᠬᠦᠮᠦᠨ ᠤ ᠵᠢᠠᠠᠰᠠᠭᠠᠯᠳᠠ ᠳᠤ ᠤᠷᠤᠵᠤ᠂ 139 ᠬᠦᠮᠦᠨ ᠪᠦᠬᠦ ᠬᠤᠳᠠ ᠶᠢᠨ ᠶᠤᠰᠤ | ᠰᠤᠷᠳᠠᠬᠤᠨ ᠤ ᠵᠢᠱᠢᠶᠡᠴᠢ ᠪᠠ ᠨᠡᠷ᠎ᠡ ᠲᠤᠷᠠᠳᠤᠭᠳᠠᠭᠰᠠᠳ ᠤᠨ ᠱᠠᠩᠨᠠᠯ ᠢ ᠬᠦᠷᠳᠡᠨ᠂ 212 ᠬᠦᠮᠦᠨ ᠤᠷᠳᠤᠰ ᠤᠨ | ᠰᠠᠶᠢᠨ ᠬᠦᠮᠦᠨ ᠤ ᠵᠢᠠᠠᠰᠠᠭᠠᠯᠳᠠ ᠳᠤ ᠲᠤᠳᠤᠷᠠᠵᠤ᠂ 8 ᠡᠷᠤᠭᠡ ᠪᠦᠬᠦ ᠤᠷᠤᠨ ᠤ ᠪᠤᠯᠪᠠᠰᠤᠨ ᠭᠡᠷ ᠪᠦᠯᠢ ᠪᠠᠷ᠂ | 50 ᠡᠷᠦᠭᠡ ᠪᠦᠬᠦ ᠬᠤᠳᠠ ᠶᠢᠨ ᠪᠤᠯᠪᠠᠰᠤᠨ ᠭᠡᠷ ᠪᠦᠯᠢ ᠪᠠᠷ ᠦᠨᠡᠯᠡᠭᠳᠡᠭᠰᠡᠨ ᠪᠠᠶᠢᠨ᠎ᠠ᠃ |