ᠰᠢᠨᠵᠢᠯᠡᠬᠦ ᠤᠬᠠᠭᠠᠨᠴᠢ ᠪᠠᠷ ᠡᠯᠡᠰᠦᠷᠬᠡᠭᠵᠢᠯ ᠢ ᠵᠠᠰᠠᠵᠦ ᠨᠤᠭᠤᠭᠠᠷᠠᠭᠤᠯᠤᠯᠳᠠ ᠶᠢᠨ ᠦᠢᠯᠡᠰ ᠢ ᠲᠤᠯᠭᠠᠭᠤᠷᠢᠯᠠᠭᠤᠯᠤᠨ᠎ᠠ
ᠨᠡᠶᠢᠲᠡᠯᠡᠭᠰᠡᠨ ᠴᠠᠭ᠄
2018-08-10
            — ᠥᠪᠦᠷ ᠮᠤᠩᠭᠤᠯ ᠤᠨ ᠬᠦᠪᠴᠢ ᠶᠢᠨ ᠡᠯᠡᠰᠦ ᠶᠢ ᠵᠠᠰᠠᠬᠰᠠᠨ ᠲᠤᠷᠰᠢᠯᠭ᠎ᠠ ᠶᠢᠨ ᠲᠤᠬᠠᠢ ᠮᠡᠳᠡᠭᠡᠯᠡᠯ ᠭᠤᠷᠪᠠ                 ᠠᠷᠠᠳ ᠤᠨ ᠡᠳᠦᠷ ᠤᠨ ᠰᠤᠨᠢᠨ ᠤ ᠰᠤᠷᠪᠤᠯᠵᠢᠯᠠᠬᠴᠢ ᠵᠠᠩ ᠴᠠᠩ ᠡᠤ ᠶᠦᠩ ᠺᠸᠦ ᠵᠢᠶᠠᠩ ᠽᠧ               ᠬᠦᠪᠴᠢ ᠶᠢᠨ ᠡᠯᠡᠰᠦᠨ ᠤ ᠤᠷᠤᠨ ᠪᠠᠶᠢᠷᠢ ᠶᠢ ᠢᠯᠡᠳᠭᠡᠭᠰᠡᠨ ᠭᠠᠵᠠᠷ ᠤᠨ ᠵᠢᠷᠤᠭ ᠳᠡᠭᠡᠷ᠎ᠠ᠂ ᠪᠦᠬᠦ᠋ᠢᠯᠡ ᠡᠯᠡᠰᠦᠷᠭᠡᠭ ᠤᠷᠤᠨ ᠤ ᠲᠦᠢᠮᠤ ᠪᠠᠶᠢᠳᠠᠯ ᠨᠢ ᠤᠷᠳᠤ ᠬᠦᠵᠦᠬᠦᠦ ᠲᠠᠢ ᠲᠤᠮᠤ ᠮᠠᠩᠭᠤᠰ ᠰᠢᠬ ᠢᠶᠠᠷ ᠬᠠᠳᠤᠨ ᠭᠤᠤᠯ ᠤᠨ ᠥᠪᠦᠷ ᠮᠤᠩᠭᠤᠯ ᠤᠨ ᠬᠢᠯᠢ ᠳᠠᠬᠢ ᠲᠠᠬᠢᠷᠯᠠᠭᠰᠠᠨ ᠭᠡᠰᠡᠭ ᠤᠨ ᠳᠤᠳᠤᠷ᠎ᠠ ᠬᠠᠪᠢ ᠳᠤ ᠪᠠᠶᠢᠷᠢᠯᠠᠵᠠᠢ᠃ ᠡᠨᠡ ᠬᠦ ᠲᠤᠮᠤ ᠮᠠᠩᠭᠤᠰ ᠢ ᠨᠤᠮᠤᠬᠠᠤᠨᠬᠠᠬᠤ ᠶᠢᠨ ᠲᠦᠯᠦᠭᠡ᠂ ᠤᠷᠳᠤᠰ ᠤᠨ ᠠᠷᠠᠳ ᠲᠦᠮᠡᠨ ᠭᠡᠳᠦᠨ ᠠᠷᠪᠡᠨ ᠵᠢᠯ ᠲᠡᠮᠡᠴᠡᠭᠰᠡᠨ ᠪᠢᠯᠡ᠃          ᠬᠦᠮᠦᠨ ᠪᠤᠯᠤᠨ ᠪᠠᠶᠢᠭᠠᠯᠢ ᠪᠤᠯ ᠠᠮᠢ ᠨᠠᠰᠤᠨ ᠤ ᠬᠠᠮᠳᠦ ᠶᠢᠨ ᠴᠤᠭᠴᠠ ᠮᠦᠨ᠂ ᠬᠦᠮᠦᠨ ᠲᠦᠷᠦᠯᠬᠢᠳᠡᠨ ᠡᠷᠭᠡᠪᠰᠢ ᠡᠭᠡ ᠪᠠᠶᠢᠭᠠᠯᠢ ᠶᠢ ᠬᠦᠨᠳᠦᠳᠭᠡᠵᠦ᠂ ᠡᠭᠡ ᠪᠠᠶᠢᠭᠠᠯᠢ ᠳᠤ ᠵᠤᠬᠢᠴᠠᠵᠦ᠂ ᠡᠭᠡ ᠪᠠᠶᠢᠭᠠᠯᠢ ᠶᠢ ᠬᠠᠮᠠᠭᠠᠯᠠᠬᠤ ᠭᠡᠷᠡᠭᠲᠡᠢ᠃ ᠡᠯᠡᠰᠦᠷᠭᠡᠭᠵᠢᠯ ᠢ ᠰᠡᠷᠭᠡᠶᠢᠯᠡᠵᠦ ᠵᠠᠰᠠᠬᠤ ᠳᠤ ᠭᠠᠭᠴᠠ ᠬᠦ ᠢᠳᠡᠭᠡᠯ ᠲᠠᠢ ᠵᠤᠷᠢᠭ ᠲᠠᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ ᠪᠠᠶᠢᠭᠠᠳ ᠪᠤᠯᠬᠤ ᠦᠭᠡᠢ᠂ ᠵᠠᠰᠠᠭ ᠤᠨ ᠤᠷᠳᠤᠨ᠂ ᠠᠵᠤ ᠠᠬᠤᠢᠢᠯᠠᠯ᠂ ᠮᠠᠯᠴᠢᠨ ᠲᠠᠷᠢᠶᠠᠴᠢᠨ ᠪᠠ ᠨᠡᠶᠢᠭᠡᠮ ᠤᠨ ᠬᠦᠮᠦᠰ ᠤᠨ ᠤᠯᠠᠨ ᠲᠠᠯ᠎ᠠ ᠶᠢᠨ ᠬᠠᠮᠳᠤᠷᠠᠯᠴᠠᠭ᠎ᠠ ᠶᠢ ᠭᠡᠷᠡᠭᠰᠡᠬᠦ ᠶᠢᠨ ᠬᠠᠮᠳᠦ ᠪᠠᠰᠠ ᠪᠠᠶᠢᠭᠠᠯᠢ ᠶᠢᠨ ᠵᠢᠮ᠎ᠠ ᠶᠤᠰᠤ ᠶᠢ ᠵᠢᠷᠤᠮᠯᠠᠵᠦ᠂ ᠰᠢᠨᠵᠢᠯᠡᠬᠦ ᠤᠬᠠᠭᠠᠨᠴᠢ ᠪᠠᠷ‌‍ᠰᠡᠷᠭᠡᠶᠢᠯᠡᠨ ᠵᠠᠰᠠᠬᠤ ᠭᠡᠷᠡᠭᠲᠡᠢ᠃            ᠦᠩᠭᠡᠷᠡᠭᠰᠡᠨ ᠳᠤ᠂ ᠰᠢᠨᠵᠢᠯᠡᠬᠦ ᠤᠬᠠᠭᠠᠨᠴᠢ ᠨᠢᠭᠡᠳᠦᠯᠳᠠᠢ ᠲᠦᠯᠦᠪᠵᠢᠬᠦᠯᠭᠡ ᠵᠢᠴᠢ ᠰᠢᠨᠵᠢᠯᠡᠬᠦ ᠤᠬᠠᠭᠠᠨᠴᠢ ᠰᠢᠰᠲ᠋ᠧᠮ ᠲᠠᠢ ᠵᠠᠰᠠᠯᠳᠠ ᠶᠢᠨ ᠬᠡᠪ ᠵᠠᠬᠪᠤᠷ ᠪᠤᠯᠤᠨ ᠡᠯᠡᠰᠦᠷᠭᠡᠭᠵᠢᠯ ᠢ ᠵᠠᠰᠠᠬᠤ ᠮᠡᠷᠭᠡᠵᠢᠯ ᠳᠤᠳᠠᠮᠠᠭ ᠪᠠᠶᠢᠬᠰᠠᠨ ᠠᠴᠠ ᠬᠦᠪᠴᠢ ᠶᠢᠨ ᠬᠦᠮᠦᠰ ᠡᠯᠡᠰᠦ ᠶᠢ ᠵᠠᠰᠠᠬᠤ ᠶᠠᠪᠤᠴᠠ ᠳᠠᠭᠠᠨ ᠮᠠᠰᠢ ᠤᠯᠠᠨ ᠨᠤᠭᠤᠷᠠᠯ ᠪᠦᠳᠦᠷᠢᠯ ᠳᠤ ᠤᠴᠠᠷᠠᠵᠦ᠂ ᠭᠡᠰᠡᠭ ᠭᠠᠵᠠᠷ ᠤᠷᠤᠨ ᠨᠢ ᠤᠤᠯ ᠳᠠᠭᠠᠨ ︽ᠵᠠᠰᠠᠬᠤ — ᠮᠠᠭᠤᠳᠠᠬᠤ — ᠲᠠᠬᠢᠨ ᠵᠠᠰᠠᠬᠤ — ᠲᠠᠬᠢᠨ ᠮᠠᠭᠤᠳᠠᠬᠤ︾ ᠮᠠᠭᠤ ᠤᠷᠴᠢᠯ ᠳᠤ ᠤᠷᠤᠬᠰᠠᠨ ᠪᠠᠶᠢᠨ᠎ᠠ᠃          ᠭᠡᠳᠦᠨ ᠠᠷᠪᠡᠨ ᠵᠢᠯ ᠤᠨ ᠲᠤᠷᠰᠢ ᠰᠠᠯᠬᠢ ᠡᠯᠡᠰᠦ ᠲᠠᠢ ᠲᠡᠮᠡᠴᠡᠯᠳᠦᠵᠦ᠂ ᠡᠯᠡᠰᠤ ᠶᠢ ᠵᠠᠰᠠᠬᠤ ᠦᠷᠭᠡᠨ ᠤᠯᠠᠨ ᠬᠦᠮᠦᠰ ᠡᠯᠡᠰᠦᠨ ᠤ ᠵᠠᠩ ᠠᠷᠠᠨᠰᠢᠨ ᠢ ᠶᠠᠪᠤᠬᠤ ᠳᠤᠳᠤᠮ ᠳᠤᠳᠤᠷᠬᠠᠢ ᠤᠢᠢᠯᠠᠭᠠᠪᠠ᠃ ᠤᠳᠤ ᠤᠷᠳᠤᠰ ᠤᠨ ᠠᠷᠠᠳ ᠲᠦᠮᠡᠨ ᠪᠠᠶᠢᠯᠳᠤᠬᠤ ᠪᠤᠳᠤᠯᠭ᠎ᠠ ᠨᠢ ᠵᠤᠬᠢᠰᠳᠠᠢ᠂ ᠪᠠᠶᠢᠯᠳᠤᠬᠤ ᠠᠷᠭ᠎ᠠ ᠨᠢ ᠪᠦᠳᠦᠮᠵᠢᠳᠠᠢ᠂ ᠮᠡᠷᠭᠡᠵᠢᠯ ᠨᠢ ᠲᠠᠪᠰᠢᠩᠭᠤᠢ ᠡᠯᠡᠰᠦ ᠶᠢ ᠵᠠᠰᠠᠬᠤ ᠰᠢᠨᠵᠢᠯᠡᠬᠦ ᠤᠬᠠᠭᠠᠨᠴᠢ ᠵᠠᠮ ᠢ ᠰᠦᠪᠡᠭᠴᠢᠯᠡᠨ ᠤᠯᠵᠦ᠂ ᠨᠤᠮᠢᠨ ᠨᠤᠭᠤᠭᠠᠨ ᠠᠮᠢ ᠠᠬᠤᠢ ᠶᠢᠨ ᠬᠠᠯᠬᠠᠪᠴᠢ ᠶᠢ ᠴᠤᠬᠴᠠᠯᠠᠵᠦ᠂ ᠬᠦᠪᠴᠢ ᠶᠢᠨ ᠡᠯᠡᠰᠦ ᠭᠡᠬᠦ ᠡᠨᠡ ᠬᠦ ︽ᠲᠤᠮᠤ ᠮᠠᠩᠭᠤᠰ︾ ᠢ ᠬᠦᠯᠢᠶᠡᠰᠦᠯᠡᠵᠦ ᠴᠢᠳᠠᠵᠠᠢ᠃      ᠶᠡᠷᠦᠩᠭᠡᠢ ᠴᠤᠬᠴᠠ ᠠᠴᠠ ᠲᠦᠯᠦᠪᠵᠢᠬᠦᠯᠵᠦ᠂ ᠭᠠᠵᠠᠷ ᠤᠷᠤᠨ ᠤ ᠬᠦᠭᠵᠢᠯᠳᠠ ᠪᠠ ᠪᠦᠳᠦᠭᠡᠨ ᠪᠠᠶᠢᠭᠤᠯᠤᠯᠳᠠ ᠶᠢᠨ ᠶᠡᠭᠡ ᠲᠠᠯ᠎ᠠ ᠶᠢ ᠶᠡᠷᠦᠩᠬᠡᠶᠢᠯᠡᠨ ᠵᠢᠯᠤᠭᠤᠳᠪᠠ᠃      ︽ᠮᠠᠨ ᠤ ᠤᠷᠳᠤᠰ ᠭᠡᠳᠦᠨ ᠦᠶ᠎ᠠ ᠪᠠᠷ ᠢᠶᠠᠨ ᠠᠳᠡ ᠮᠠᠯ ᠮᠠᠯᠵᠢᠨ ᠠᠮᠢᠳᠤᠷᠠᠵᠦ ᠢᠷᠡᠵᠠᠢ᠂ ᠡᠪᠡᠰᠦ ᠪᠡᠯᠴᠢᠭᠡᠷ ᠶᠠᠪᠤᠬᠤ ᠲᠤᠳᠤᠮ ᠪᠠᠭᠠᠰᠴᠦ᠂ ᠬᠤᠨᠢ ᠲᠡᠵᠢᠭᠡᠬᠦ ᠳᠤᠳᠤᠮ ᠳᠤᠷᠠᠵᠦ᠂ ᠡᠴᠦᠰ ᠲᠡᠭᠡᠨ ᠮᠠᠯ ᠮᠠᠯᠵᠢᠬᠤ ᠨᠢ ︿ᠡᠯᠡᠰᠦ ᠮᠠᠯᠵᠢᠬᠤ﹀ ᠪᠤᠯᠵᠦ ᠬᠤᠪᠢᠷᠠᠭᠠᠳ᠂ ᠠᠮᠢᠳᠤᠷᠠᠬᠤ ᠶᠢᠨ ᠠᠷᠭ᠎ᠠ ᠦᠭᠡᠢ ᠪᠤᠯᠵᠠᠢ︾ ᠭᠡᠵᠦ ᠦᠩᠭᠡᠷᠡᠭᠰᠡᠨ ᠢᠶᠠᠨ ᠡᠷᠬᠢᠴᠡᠬᠦᠯᠦᠨ᠂ ᠬᠦᠪᠴᠢ ᠶᠢᠨ ᠡᠯᠡᠰᠦᠨ ᠳᠤ ᠦᠶ᠎ᠠ ᠳᠠᠮᠵᠢᠨ ᠨᠤᠳᠤᠭᠰᠢᠵᠦ ᠪᠠᠶᠢᠬᠰᠠᠨ ᠮᠦᠩᠭᠡᠳᠠᠯᠠᠢ ᠠᠷᠭ᠎ᠠ ᠦᠭᠡᠶᠢᠳᠡᠨ ᠶᠠᠷᠢᠨ᠎ᠠ᠃           ᠮᠦᠩᠭᠡᠳᠠᠯᠠᠢ ᠲᠠᠢ ᠠᠳᠠᠯᠢᠬᠠᠨ ᠤᠤᠯ ᠳᠠᠭᠠᠨ ᠬᠦᠪᠴᠢ ᠶᠢᠨ ᠡᠯᠡᠰᠦᠨ ᠤ ᠪᠠᠷᠠᠭᠤᠨ ᠪᠡᠶ᠎ᠠ ᠳᠤ ᠰᠠᠭᠤᠷᠢᠰᠢᠵᠦ ᠪᠠᠶᠢᠬᠰᠠᠨ 36 ᠡᠷᠦᠭᠡ ᠮᠠᠯᠴᠢᠨ᠂ ᠰᠢᠷᠭᠠᠯ ᠡᠯᠡᠰᠦᠨ ᠳᠤ ᠬᠠᠰᠢᠬᠳᠠᠵᠦ᠂ ᠲᠤᠳᠤᠨᠠᠬᠢ ᠬᠦᠮᠦᠨ ᠭᠠᠳᠠᠬᠰᠢ ᠭᠠᠷᠴᠦ ᠲᠡᠶᠢᠯᠬᠦ ᠦᠭᠡᠢ᠂ ᠭᠠᠳᠠᠨᠠᠬᠢ ᠬᠦᠮᠦᠨ ᠲᠤᠳᠤᠬᠰᠢ ᠤᠷᠤᠵᠦ ᠴᠢᠳᠠᠬᠤ ᠦᠭᠡᠢ᠂ ᠠᠮᠢ ᠠᠬᠤᠢ ᠮᠠᠭᠤᠳᠠᠵᠦ᠂ ᠠᠮᠢᠳᠤᠷᠠᠯ ᠬᠦᠴᠢᠷ ᠲᠠᠢ ᠪᠠᠶᠢᠪᠠ᠃ ᠮᠠᠯᠴᠢᠳ ᠵᠢᠯ ᠳᠡᠭᠡᠨ ᠨᠢᠭᠡ ᠬᠤᠶᠠᠷᠬᠠᠨ ᠤᠳᠠᠭ᠎ᠠ ᠯᠠ ᠭᠠᠳᠠᠭᠰᠢ ᠭᠠᠷᠳᠠᠭ᠂ ᠭᠡᠦᠭᠡᠳ ᠤᠳ ᠰᠤᠷᠭᠠᠭᠤᠯᠢ ᠳᠤ ᠶᠠᠪᠤᠵᠦ ᠴᠢᠳᠠᠬᠤ ᠦᠭᠡᠢ᠂ ᠡᠪᠡᠳᠴᠢᠯᠡᠪᠡᠯ ᠲᠡᠰᠪᠦᠷᠢᠯᠡᠨ ᠰᠠᠭᠤᠬᠤ ᠠᠴᠠ ᠦᠭᠡᠷ᠎ᠠ ᠠᠷᠭ᠎ᠠ ᠦᠭᠡᠢ ᠪᠠᠶᠢᠯ᠎ᠠ᠃  2006 ᠤᠨ ᠳᠤ᠂ ᠲᠤᠬᠠᠢ ᠶᠢᠨ ᠭᠠᠵᠠᠷ ᠤᠨ ᠬᠢᠨ ᠪᠦᠬᠦᠯᠢ ᠴᠤᠭᠴᠠ ᠶᠢᠨ ᠠᠮᠢ ᠠᠬᠤᠢ ᠶᠢᠨ ᠨᠡᠭᠦᠳᠡᠯ ᠢ ᠬᠡᠷᠡᠭᠵᠢᠭᠦᠯᠵᠤ᠂ ᠮᠦᠩᠬᠡᠳᠠᠯᠠᠢ ᠪᠤᠯᠤᠨ ᠪᠤᠰᠤᠳ ᠮᠠᠯᠴᠢᠳ ᠬᠠᠩᠭᠢᠨ ᠬᠤᠰᠢᠭᠤᠨ ᠤ ᠳᠤᠭᠤᠢᠢᠲᠠᠯ᠎ᠠ ᠪᠠᠯᠭᠠᠰᠤ ᠶᠢᠨ ᠳᠠᠭᠤᠳᠤ ᠭᠠᠴᠠᠭ᠎ᠠ ᠶᠢᠨ ᠮᠠᠯᠴᠢᠨ ᠤ ᠰᠢᠨ᠎ᠠ ᠲᠤᠰᠬᠤᠨ ᠳᠤ ᠨᠡᠭᠦᠵᠤ᠂ ᠦᠯᠦᠭᠡᠢ ᠨᠤᠲᠤᠭ ᠤᠨ ᠢᠶᠠᠨ 4 ᠲᠦᠮᠡᠨ ᠮᠦ ᠪᠡᠯᠴᠢᠭᠡᠷ ᠪᠤᠯᠤᠨ ᠡᠯᠡᠰᠦᠷᠬᠡᠭᠵᠢᠭᠰᠡᠨ ᠭᠠᠵᠠᠷ ᠲᠤ ᠪᠡᠯᠴᠢᠭᠡᠷᠯᠡᠭᠦᠯᠬᠦ ᠶᠢ ᠴᠠᠭᠠᠵᠠᠯᠠᠵᠤ᠂ ᠨᠤᠲᠤᠭ ᠪᠡᠯᠴᠢᠭᠡᠷ ᠢ ᠠᠮᠠᠷᠵᠢᠭᠤᠯᠤᠨ ᠰᠡᠷᠭᠦᠭᠡᠵᠠᠢ᠃             2007 ᠤᠨ ᠳᠤ᠂ ᠤᠷᠳᠤᠰ ᠬᠤᠲᠠ ᠶᠢᠨ ᠬᠢᠨ ᠪᠦᠬᠦ ᠤᠯᠤᠰ ᠲᠤ ᠲᠦᠷᠦᠭᠦᠯᠡᠨ ︽ᠰᠢᠯᠢᠳᠡᠭᠵᠢᠭᠦᠯᠬᠦ ᠨᠡᠬᠡᠬᠡᠯᠳᠡ ᠶᠢᠨ ᠲᠤᠭᠤᠷᠢᠭ ᠂ ᠬᠢᠵᠠᠭᠠᠷᠯᠠᠬᠤ ᠨᠡᠬᠡᠬᠡᠯᠳᠡ ᠶᠢᠨ ᠲᠤᠭᠤᠷᠢᠭ ᠂ ᠴᠠᠭᠠᠵᠠᠯᠠᠬᠤ ᠨᠡᠬᠡᠬᠡᠯᠳᠡ ᠶᠢᠨ ᠲᠤᠭᠤᠷᠢᠭ ︾ ᠭᠡᠬᠦ ︽ᠭᠤᠷᠪᠠᠨ ᠲᠤᠭᠤᠷᠢᠬ ᠤᠨ ᠲᠦᠯᠦᠪᠵᠢᠭᠦᠯᠭᠡ︾ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡ᠃       ᠪᠦᠬᠦ ᠬᠤᠲᠠ ᠶᠢᠨ ᠮᠠᠯ ᠠᠵᠤ ᠠᠬᠤᠢ ᠲᠠᠷᠢᠶᠠᠯᠠᠩ ᠤᠨ ︽ᠭᠤᠷᠪᠠᠨ ᠲᠤᠭᠤᠷᠢᠬ ᠤᠨ ᠲᠦᠯᠦᠪᠵᠢᠭᠦᠯᠭᠡ︾ ᠶᠢ  ᠦᠨᠳᠦᠰᠦᠯᠡᠵᠤ᠂ ᠤᠷᠳᠤᠰ ᠬᠤᠲᠠ ᠶᠢᠨ ᠬᠢᠨ ᠰᠢᠯᠢᠳᠡᠭᠵᠢᠭᠦᠯᠬᠦ ᠨᠡᠬᠡᠬᠡᠯᠳᠡ ᠶᠢᠨ ᠲᠤᠭᠤᠷᠢᠭ ᠲᠤ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠢ ᠭᠤᠤᠯᠳᠠᠯᠭ᠎ᠠ ᠲᠠᠢ ᠬᠦᠭᠵᠢᠭᠦᠯᠪᠡ︔ ᠬᠢᠵᠠᠭᠠᠷᠯᠠᠬᠤ ᠨᠡᠬᠡᠬᠡᠯᠳᠡ ᠶᠢᠨ ᠲᠤᠭᠤᠷᠢᠭ ᠲᠤ ᠮᠠᠯ ᠠᠵᠤ ᠠᠬᠤᠢ ᠲᠠᠷᠢᠶᠠᠯᠠᠩ ᠢ ᠵᠤᠬᠢᠬᠤ ᠬᠡᠮᠵᠢᠶ᠎ᠠ ᠪᠠᠷ ᠬᠦᠭᠵᠢᠭᠦᠯᠵᠤ᠂ ᠬᠡᠳᠦ ᠶᠡᠭᠡ ᠪᠠᠷ ᠨᠡᠬᠡᠬᠡᠯᠳᠡ ᠬᠢᠬᠦ ᠶᠢ ᠡᠷᠡᠰ ᠬᠤᠷᠢᠬᠯᠠᠪᠠ︔ ᠬᠦᠪᠴᠢ ᠶᠢᠨ ᠡᠯᠡᠰᠦ ᠶᠢᠨ ᠦᠷᠦᠴᠡ ᠭᠠᠵᠠᠷ ᠵᠡᠷᠭᠡ ᠬᠦᠮᠦᠨ ᠤ ᠤᠷᠤᠰᠢᠨ ᠠᠮᠢᠳᠤᠷᠠᠬᠤ ᠳᠤ ᠵᠤᠬᠢᠰ ᠦᠭᠡᠢ ᠤᠷᠤᠨ ᠪᠦᠰᠡ ᠶᠢ ᠴᠠᠭᠠᠵᠠᠯᠠᠬᠤ ᠨᠡᠬᠡᠬᠡᠯᠳᠡ ᠶᠢᠨ ᠲᠤᠭᠤᠷᠢᠭ ᠪᠤᠯᠭᠠᠵᠤ᠂ ᠠᠳᠡᠬᠢ ᠮᠠᠯᠴᠢᠨ ᠲᠠᠷᠢᠶᠠᠴᠢᠨ ᠢ ᠪᠦᠭᠦᠨ ᠢ ᠬᠤᠳᠠ ᠪᠠᠯᠭᠠᠰᠤ ᠳᠤ ᠨᠡᠭᠦᠯᠭᠡᠵᠤ᠂ ᠬᠤᠶᠠᠳᠤᠭᠠᠷ ᠭᠤᠷᠪᠠᠳᠤᠭᠠᠷ ᠠᠵᠤ ᠦᠢᠯᠡᠰ ᠡᠷᠬᠢᠯᠡᠭᠦᠯᠵᠤ᠂ ᠠᠯᠬᠤᠮ ᠠᠯᠬᠤᠮ ᠢᠶᠠᠷ ᠡᠳᠡᠭᠡᠷ ᠤᠷᠤᠨ ᠪᠦᠰᠡ ᠳᠤ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠢ ᠡᠷᠬᠢᠯᠡᠬᠦ ᠶᠢ ᠴᠠᠭᠠᠵᠠᠯᠠᠵᠤ᠂ ᠪᠠᠶᠢᠭᠠᠯᠢ ᠶᠢᠨ ᠬᠦᠴᠦᠨ ᠳᠤ ᠲᠦᠰᠢᠭᠯᠡᠵᠤ ᠠᠮᠢ ᠠᠬᠤᠢ ᠶᠢ ᠰᠡᠷᠭᠦᠭᠡᠵᠠᠢ᠃           ︽ᠪᠢᠳᠡ ᠬᠦᠪᠴᠢ ᠶᠢᠨ ᠡᠯᠡᠰᠦᠷᠬᠡᠭᠵᠢᠭᠰᠡᠨ ᠭᠠᠵᠠᠷ ᠤᠷᠤᠨ ᠤ ᠲᠦᠷᠦᠯ ᠬᠡᠯᠪᠡᠷᠢ ᠪᠤᠯᠤᠨ ᠪᠠᠶᠢᠭᠠᠯᠢ᠂ ᠨᠡᠶᠢᠭᠡᠮ᠂ ᠠᠵᠤ ᠠᠬᠤᠢ ᠶᠢᠨ ᠨᠦᠬᠦᠴᠡᠯ ᠢ ᠦᠨᠳᠦᠰᠦᠯᠡᠵᠤ᠂ ᠨᠢᠭᠡ ᠲᠠᠯ᠎ᠠ ᠪᠠᠷ ᠪᠦᠬᠦ ᠬᠤᠲᠠ ᠶᠢᠨ ᠮᠠᠯ ᠠᠵᠤ ᠠᠬᠤᠢ ᠲᠠᠷᠢᠶᠠᠯᠠᠩ ᠤᠨ ︿ᠭᠤᠷᠪᠠᠨ ᠲᠤᠭᠤᠷᠢᠭ ᠤᠨ ᠲᠦᠯᠦᠪᠵᠢᠭᠦᠯᠭᠡ﹀ ᠶᠤᠰᠤᠭᠠᠷ ᠠᠮᠢ ᠠᠬᠤᠢ ᠬᠦᠨᠳᠦ ᠨᠤᠴᠢᠳᠠᠢ ᠮᠠᠭᠤᠳᠠᠭᠰᠠᠨ᠂ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠡᠷᠬᠢᠯᠡᠬᠦ ᠨᠦᠬᠦᠴᠡᠯ ᠦᠭᠡᠢ ᠤᠷᠤᠨ ᠪᠦᠰᠡ ᠳᠤ᠂ ᠬᠦᠮᠦᠨ ᠠᠮᠠ ᠶᠢ ᠨᠡᠭᠦᠯᠭᠡᠬᠦ᠂ ᠲᠠᠷᠢᠶᠠᠯᠠᠬᠤ ᠶᠢ ᠵᠤᠭᠰᠤᠭᠠᠬᠤ᠂ ᠪᠡᠯᠴᠢᠭᠡᠷᠯᠡᠭᠦᠯᠬᠦ ᠶᠢ ᠵᠤᠭᠰᠤᠭᠠᠬᠤ᠂ ᠪᠢᠳᠡᠭᠦᠮᠵᠢᠯᠡᠬᠦ ᠵᠡᠷᠭᠡ ᠠᠷᠭ᠎ᠠ ᠬᠡᠮᠵᠢᠶ᠎ᠠ ᠶᠢ ᠬᠡᠷᠡᠭᠵᠢᠭᠦᠯᠵᠤ᠂ ᠠᠮᠢ ᠠᠬᠤᠢ ᠶᠢᠨ ᠠᠶᠠᠨᠳᠠᠭᠠᠨ ᠰᠡᠷᠭᠦᠬᠦ ᠴᠢᠳᠠᠪᠤᠷᠢ ᠶᠢ ᠴᠢᠩᠭᠠᠳᠬᠠᠪᠠ᠂ ᠨᠦᠭᠦᠭᠡ ᠲᠠᠯ᠎ᠠ ᠪᠠᠷ ᠨᠦᠬᠦᠴᠡᠯ ᠢᠶᠠᠷ ᠨᠡᠯᠢᠶᠡᠳ ᠰᠠᠶᠢᠨ ᠤᠷᠤᠨ ᠪᠦᠰᠡ ᠳᠤ ᠬᠦᠮᠦᠨ ᠤ ᠬᠦᠴᠦ ᠪᠠᠷ ᠮᠤᠳᠤ ᠲᠠᠷᠢᠬᠤ᠂ ᠨᠢᠰᠭᠡᠯ ᠢᠶᠠᠷ ᠮᠤᠳᠤ ᠲᠠᠷᠢᠬᠤ ᠵᠡᠷᠭᠡ ᠠᠷᠭ᠎ᠠ ᠬᠡᠯᠪᠡᠷᠢ ᠶᠢ ᠬᠡᠷᠡᠭᠵᠢᠭᠦᠯᠵᠤ᠂ ᠲᠤᠷᠤᠭ ᠮᠤᠳᠤ᠂ ᠪᠤᠳᠠ ᠮᠤᠳᠤ᠂ ᠡᠪᠡᠰᠦ ᠪᠡᠯᠴᠢᠭᠡᠷ ᠶᠢ ᠤᠶᠠᠯᠳᠤᠭᠤᠯᠤᠭᠰᠠᠨ ᠤᠢ ᠰᠢᠭᠤᠢ ᠶᠢᠨ ᠪᠦᠰᠡ ᠶᠢ ᠪᠠᠶᠢᠭᠤᠯᠵᠤ᠂ ᠠᠮᠢᠳᠤ ᠪᠤᠳᠠᠰ ᠢ ᠬᠠᠯᠬᠠᠯᠠᠬᠤ ᠪᠦᠰᠡ ᠶᠢ ᠪᠦᠷᠢᠯᠳᠦᠭᠦᠯᠵᠤ᠂ ᠡᠯᠡᠰᠦ ᠮᠠᠩᠬ᠎ᠠ ᠤᠮᠠᠷᠠᠰᠢ ᠪᠠᠨ ᠬᠠᠳᠤᠨ ᠭᠤᠤᠯ ᠲᠡᠶᠢᠰᠢ ᠳᠦᠷᠢᠬᠦ ᠪᠠ ᠡᠮᠦᠨᠡᠰᠢ ᠪᠠᠨ ᠦᠷᠭᠡᠵᠢᠬᠦ ᠶᠢ ᠬᠤᠷᠢᠬᠯᠠᠪᠠ︾ ᠭᠡᠵᠤ ᠤᠷᠳᠤᠰ ᠬᠤᠲᠠ ᠶᠢᠨ ᠤᠢ ᠰᠢᠭᠤᠢ ᠶᠢᠨ ᠲᠤᠪᠴᠢᠶ᠎ᠠ ᠶᠢᠨ ᠳᠠᠷᠤᠭ᠎ᠠ ᠬᠠᠨ ᠢᠤᠢ ᠹᠸᠢ ᠰᠤᠷᠪᠤᠯᠵᠢᠯᠠᠭᠴᠢ ᠳᠤ ᠬᠡᠯᠡᠵᠤ ᠪᠠᠶᠢᠯ᠎ᠠ᠃         ᠬᠦᠪᠴᠢ ᠶᠢᠨ ᠡᠯᠡᠰᠦᠨ ᠳᠤ 30 ᠵᠢᠯ ᠡᠯᠡᠰᠦ ᠵᠠᠰᠠᠭᠰᠠᠨ ᠢ ᠯᠢ ᠪᠦᠯᠦᠭᠯᠡᠯ ᠴᠤ ᠪᠦᠬᠦ ᠬᠤᠲᠠ ᠶᠢᠨ ᠶᠡᠷᠦᠩᠬᠡᠢ ᠲᠦᠯᠦᠪᠵᠢᠭᠦᠯᠭᠡ ᠶᠤᠰᠤᠭᠠᠷ᠂ ᠡᠯᠡᠰᠦ ᠵᠠᠰᠠᠬᠤ ᠰᠢᠰᠲ᠋ᠧᠮ ᠲᠠᠢ ᠲᠦᠯᠦᠪᠵᠢᠭᠦᠯᠭᠡ ᠳᠤᠷᠠᠳᠪᠠ᠃ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠸᠧᠨ ᠪᠢᠶᠤᠤ᠄ ︽ᠪᠢᠳᠡ ᠮᠠᠰᠢᠨ ᠪᠠ ᠬᠦᠮᠦᠨ ᠤ ᠬᠦᠴᠦ ᠪᠠᠷ ᠲᠠᠷᠢᠵᠤ ᠤᠷᠭᠤᠭᠤᠯᠬᠤ᠂ ᠠᠶᠠᠨᠳᠠᠭᠠᠨ ᠰᠡᠷᠭᠦᠭᠡᠬᠦ ᠵᠡᠷᠭᠡ ᠠᠷᠭ᠎ᠠ ᠬᠡᠮᠵᠢᠶ᠎ᠠ ᠶᠢ ᠤᠶᠠᠯᠳᠤᠭᠤᠯᠵᠤ᠂ ᠬᠦᠪᠴᠢ ᠶᠢᠨ ᠡᠯᠡᠰᠦ ᠶᠢ ᠨᠤᠭᠤᠭᠠᠨ ᠪᠦᠷᠢᠳᠤ ᠪᠤᠯᠭᠠᠵᠤ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠴᠢᠩᠭᠠᠳᠬᠠᠵᠤ᠂ ᠰᠢᠨ᠎ᠠ ᠪᠦᠷᠢᠨ ᠪᠦᠳᠦᠨ ᠠᠮᠢ ᠠᠬᠤᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠪᠡ ︾ ᠭᠡᠵᠤ ᠲᠠᠨᠢᠯᠴᠠᠭᠤᠯᠵᠠᠢ᠃      ︽ᠡᠯᠡᠰᠦ ᠶᠢ ᠵᠠᠰᠠᠬᠤ ᠳᠤ ᠡᠷᠬᠡᠪᠰᠢ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠵᠤᠬᠢᠬᠤ ᠬᠡᠮᠵᠢᠶ᠎ᠠ ᠪᠠᠷ ᠠᠰᠢᠬᠯᠠᠬᠤ ᠵᠠᠷᠴᠢᠮ ᠢ ᠵᠢᠷᠤᠮᠯᠠᠵᠦ᠂ ᠪᠠᠶᠢᠭᠠᠯᠢ ᠶᠢᠨ ᠵᠢᠮ᠎ᠠ ᠶᠤᠰᠤ ᠶᠢ ᠬᠦᠨᠳᠦᠳᠬᠡᠵᠦ᠂ ᠳᠤᠬᠠᠢ ᠶᠢᠨ ᠭᠠᠵᠠᠷ ᠤᠨ ᠪᠤᠳᠠᠳᠤ ᠪᠠᠶᠢᠳᠠᠯ ᠠᠴᠠ ᠡᠬᠦᠰᠬᠦ ᠬᠡᠷᠡᠭᠳᠡᠢ᠃ ᠤᠷᠳᠤᠰ ᠤᠨ ᠬᠢᠨ ᠬᠦᠪᠴᠢ ᠶᠢᠨ ᠡᠯᠡᠰᠦ ᠶᠢ ᠵᠠᠰᠠᠬᠤ ᠳᠠᠭᠠᠨ ᠭᠤᠤᠯᠳᠠᠭᠤ ᠡᠯᠡᠰᠦᠨ ᠤ ᠵᠠᠬ᠎ᠠ ᠬᠦᠪᠡᠭᠡ ᠪᠤᠯᠤᠨ ᠵᠠᠮ ᠤᠨ ᠬᠤᠶᠠᠷ ᠬᠠᠵᠠᠭᠤ ᠪᠠᠷ ᠵᠠᠰᠠᠯᠳᠠ ᠬᠢᠵᠦ᠂ ᠡᠯᠡᠰᠦᠨ ᠤ ᠦᠷᠦᠴᠡ ᠬᠡᠰᠡᠭ ᠢ ᠬᠠᠮᠠᠭᠠᠯᠠᠬᠤ ᠪᠠᠷ ᠭᠤᠤᠯᠯᠠᠭᠤᠯᠬᠤ ᠠᠷᠭ᠎ᠠ ᠠᠪᠴᠠᠯ ᠠᠪᠤᠬᠰᠠᠨ ᠨᠢ ᠶᠡᠷᠦᠩᠬᠡᠢ ᠳᠡᠭᠡᠨ ᠡᠯᠡᠰᠦ ᠶᠢ ᠰᠡᠷᠬᠡᠶᠢᠯᠡᠨ ᠵᠠᠰᠠᠬᠤ ᠰᠢᠨᠵᠢᠯᠡᠬᠦ ᠤᠬᠠᠭᠠᠨᠴᠢ ᠤᠢᠢᠯᠠᠭᠠᠬᠳᠠᠬᠤᠨ ᠲᠠᠢ ᠨᠡᠶᠢᠴᠡᠭᠰᠡᠨ ᠪᠠᠶᠢᠨ᠎ᠠ᠃ ᠰᠢᠨᠵᠢᠯᠡᠬᠦ ᠤᠬᠠᠭᠠᠨᠴᠢ ᠬᠠᠮᠠᠭᠠᠯᠠᠯᠳᠠ ᠪᠤᠯᠤᠨ ᠵᠠᠰᠠᠯᠳᠠ ᠪᠠᠷ ᠳᠠᠮᠵᠢᠵᠤ᠂ ᠡᠯᠡᠰᠦᠷᠬᠡᠭᠵᠢᠯ ᠢ ᠰᠡᠷᠬᠡᠶᠢᠯᠡᠨ ᠵᠠᠰᠠᠬᠤ ᠰᠢᠰᠲ᠋ᠧᠮ ᠢ ᠪᠠᠶᠢᠭᠤᠯᠵᠦ᠂ ᠡᠯᠡᠰᠦ ᠦᠷᠬᠡᠵᠢᠬᠦ ᠶᠢ ᠰᠡᠷᠬᠡᠶᠢᠯᠡᠵᠦ᠂ ᠬᠦᠮᠦᠨ ᠬᠢᠬᠡᠳ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠶᠢ ᠪᠠᠶᠠᠯᠡᠬᠦᠯᠵᠡᠢ︾ ᠬᠡᠵᠦ ᠤᠯᠤᠰ ᠤᠨ ᠤᠢ ᠰᠢᠭᠤᠢ ᠪᠠ ᠲᠠᠯ᠎ᠠ ᠨᠤᠳᠤᠬ ᠤᠨ ᠳᠤᠪᠴᠢᠶᠠᠨ ᠤ ᠡᠯᠡᠰᠦ ᠶᠢ ᠵᠠᠰᠠᠬᠤ ᠠᠯᠪᠠᠨ ᠬᠡᠷ ᠤᠨ ᠶᠡᠷᠦᠩᠬᠡᠢ ᠢᠨᠵᠧᠨᠧᠷ ᠳᠦ᠋ ᡁᠢ ᠹᠠᠩ ᠦᠨᠡᠯᠡᠨ ᠬᠡᠯᠡᠪᠡ᠃          ︽ᠤᠳᠤᠬᠠᠨ ᠳᠤ᠂ ᠬᠦᠪᠴᠢ ᠶᠢᠨ ᠡᠯᠡᠰᠦ ᠨᠢ ︿ᠡᠯᠡᠰᠦᠨ ᠤ ᠰᠢᠬᠠᠮᠳᠠᠭᠤᠯᠭ᠎ᠠ ᠪᠠᠷ ᠬᠦᠮᠦᠨ ᠤᠬᠤᠷᠢᠵᠦ︾ ᠪᠠᠶᠢᠬᠰᠠᠨ ᠠᠴᠠ ᠪᠠᠨ ︿ᠨᠤᠭᠤᠭᠠᠷᠠᠭᠤᠯᠤᠯᠳᠠ ᠤᠷᠤᠬᠰᠢᠯᠠᠵᠦ ᠡᠯᠡᠰᠦ ᠤᠬᠤᠷᠢᠬᠤ﹀ ᠳᠡᠤᠬᠡᠳᠤ ᠴᠢᠨᠠᠷᠳᠠᠢ ᠡᠷᠬᠢᠯᠳᠡ ᠶᠢ ᠪᠡᠶᠡᠯᠡᠬᠦᠯᠵᠡᠢ᠂ ︿ᠭᠤᠷᠪᠠᠨ ᠳᠤᠭᠤᠷᠢᠬ ᠤᠨ ᠳᠦᠯᠦᠪᠵᠢᠬᠦᠯᠬᠡ﹀ ᠨᠢ ᠭᠤᠤᠯ ᠴᠤᠬᠴᠠ ᠶᠢᠨ ᠴᠢᠳᠠᠮᠵᠢ ᠶᠢᠨ ᠤᠷᠤᠨ ᠤ ᠳᠤᠬᠢᠷᠠᠭᠤᠯᠤᠯᠳᠠ ᠶᠢᠨ ᠴᠢᠭᠯᠡᠯ ᠲᠠᠢ ᠨᠡᠶᠢᠴᠡᠭᠰᠡᠨ ᠮᠦᠷᠳᠡᠬᠡᠨ ᠭᠠᠵᠠᠷ ᠤᠷᠤᠨ ᠤ ᠪᠠᠶᠢᠭᠠᠯᠢ ᠶᠢᠨ ᠵᠢᠮ᠎ᠠ ᠶᠤᠰᠤ ᠪᠤᠯᠤᠨ ᠠᠮᠢ ᠠᠬᠤᠢ ᠶᠢᠨ ᠰᠡᠷᠬᠦᠬᠡᠯᠳᠡ ᠶᠢᠨ ᠱᠠᠭᠠᠷᠳᠠᠯᠭ᠎ᠠ ᠯᠤᠭ᠎ᠠ ᠵᠤᠬᠢᠴᠠᠬᠰᠠᠨ ᠢ ᠦᠢᠯᠡᠳᠦᠯᠬᠡ ᠬᠡᠷᠡᠴᠢᠯᠡᠵᠦ ᠪᠤᠢ᠂ ᠤᠷᠳᠤᠰ ᠬᠤᠳᠠ ᠦᠷᠬᠦᠯᠵᠢᠯᠡᠨ ︿ᠭᠤᠷᠪᠠᠨ ᠳᠤᠭᠤᠷᠢᠬ ᠤᠨ ᠳᠦᠯᠦᠪᠵᠢᠬᠦᠯᠬᠡ﹀ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠦᠭᠵᠢᠬᠦᠯᠦᠯᠳᠡ ᠪᠡ ᠪᠦᠳᠦᠬᠡᠨ ᠪᠠᠶᠢᠭᠤᠯᠤᠯᠳᠠ ᠬᠢᠨ᠎ᠠ︾ ᠬᠡᠵᠦ ᠤᠷᠳᠤᠰ ᠬᠤᠳᠠ ᠶᠢᠨ ᠳᠡᠳ᠋ ᠳᠠᠷᠤᠭ᠎ᠠ ᠱᠢ ᠶᠠᠨ ᠵᠢᠶᠧ ᠢᠯᠡᠳᠬᠡᠪᠡ᠃        ᠤᠳᠤᠬᠠᠨ ᠳᠤ᠂ ᠬᠦᠪᠴᠢ ᠶᠢᠨ ᠡᠯᠡᠰᠦᠨ ᠤ ᠬᠦᠪᠡᠭᠡ ᠵᠠᠬ᠎ᠠ ᠪᠠᠷ᠂ ᠮᠦᠩᠬᠡᠳᠠᠯᠠᠢ ᠶᠢᠨ ᠬᠢᠨ ᠬᠡᠷ ᠢᠶᠠᠷ ᠢᠶᠠᠨ ᠵᠤᠭᠠᠴᠠᠯ ᠬᠤᠭᠤᠯᠠ ᠤᠮᠳᠠᠭᠠᠨ ᠤ ᠦᠢᠯᠡᠰ ᠢ ᠡᠷᠬᠢᠯᠡᠵᠦ᠂ ᠵᠢᠯ ᠤᠨ ᠤᠷᠤᠯᠭ᠎ᠠ ᠨᠢ ᠬᠤᠷᠢ ᠭᠤᠴᠢᠨ ᠳᠦᠮᠡᠨ ᠳᠦᠬᠦᠷᠢᠭ ᠲᠤ ᠬᠦᠷᠴᠤ ᠪᠤᠢ᠃ ︽ᠤᠳᠤ ᠡᠯᠡᠰᠦ ᠨᠢ ᠬᠤᠤᠷ ᠬᠦᠨᠦᠬᠡᠯ ᠪᠢᠰᠢ ᠬᠠᠷᠢᠨ ᠮᠤᠯᠤᠷ ᠡᠷᠳᠡᠨᠢ᠂ ︿ᠠᠯᠳᠠ ᠮᠦᠩᠬᠦᠨ ᠡᠯᠡᠰᠦ﹀ ᠪᠤᠯᠤᠭᠠᠳ᠂ ᠬᠦᠮᠦᠰ ᠪᠤᠯᠢᠶᠠᠯᠳᠤᠨ ᠠᠪᠴᠠᠭᠠᠬᠤ ᠪᠤᠯᠤᠯ᠎ᠠ︾ ᠬᠡᠵᠦ ᠮᠦᠩᠬᠡᠳᠠᠯᠠᠢ ᠬᠡᠯᠡᠨ᠎ᠡ᠃        ᠠᠷᠭ᠎ᠠ ᠪᠤᠳᠤᠯᠭ᠎ᠠ ᠶᠢ ᠤᠨᠤᠪᠴᠢᠳᠠᠢ ᠬᠡᠷᠡᠭᠵᠢᠬᠦᠯᠵᠤ᠂ ᠰᠠᠯᠬᠢ ᠶᠢ ᠬᠠᠯᠬᠠᠯᠠᠨ ᠡᠯᠡᠰᠦ ᠶᠢ ᠳᠤᠬᠳᠠᠪᠤᠷᠢᠵᠢᠭᠤᠯᠬᠤ ᠪᠦᠳᠦᠮᠵᠢᠳᠡᠢ ᠰᠢᠰᠲ᠋ᠧᠮ ᠢ ᠪᠠᠶᠢᠭᠤᠯᠪᠠ᠃      ᠬᠦᠪᠴᠢ ᠶᠢᠨ ᠡᠯᠡᠰᠦᠨ ᠤ ᠳᠤᠮᠳᠠ ᠪᠠᠶ᠎ᠠ ᠪᠠᠷ ᠪᠠᠶᠢᠷᠢᠯᠠᠭ᠎ᠠ ᠳᠠᠯᠠᠳ ᠬᠤᠰᠢᠭᠤᠨ ᠤ ᠤᠩᠭᠤᠨ ᠤᠪᠤᠭ᠎ᠠ ᠳᠤ ᠭᠠᠷᠴᠤ ᠬᠠᠷᠠᠭ᠎ᠠ ᠳᠠᠯᠪᠢᠨ  ᠪᠠᠷᠠᠯᠠᠬᠤᠶ᠎ᠠ᠂ ᠡᠯᠡᠰᠦᠨ ᠴᠦᠯ ᠤᠨ ᠰᠢᠨ᠎ᠠ ᠦᠵᠡᠮᠵᠢ ᠬᠠᠷᠠᠭ᠎ᠠ ᠶᠢ ᠪᠠᠶᠠᠰᠬᠠᠨ᠎ᠠ᠃ ᠳᠤᠮᠳᠠ ᠪᠠᠶ᠎ᠠ ᠪᠠᠷ ᠨᠢ ᠰᠢᠷᠭᠠᠯ ᠡᠯᠡᠰᠦᠨ ᠳᠤᠪᠤ ᠨᠤᠭᠤᠳ ᠦᠷᠬᠦᠯᠵᠢᠯᠡᠨ ᠵᠠᠯᠭᠠᠯᠳᠤᠵᠦ᠂ ᠨᠢᠳᠦᠨ ᠡᠮᠤᠨ᠎ᠠ ᠪᠡ ᠠᠯᠤᠰ ᠳᠡᠷᠳᠡᠭᠡ ᠨᠤᠮᠢᠨ ᠨᠤᠭᠤᠭᠠᠨ ᠤᠷᠭᠤᠮᠠᠯ ᠤᠨ ᠪᠦᠷᠬᠦᠴᠡ ᠨᠡᠯᠦ᠋ᠢᠵᠤ᠂ ᠡᠯᠡᠰᠦᠨ ᠴᠦᠯ ᠢ ᠪᠠᠳᠤ ᠨᠤᠬᠳᠤᠯᠠᠵᠠᠢ ᠃          ᠲᠠᠯᠠᠳ ᠬᠤᠰᠢᠭᠤ 20 ᠰᠢᠬᠠᠮ ᠺᠢᠯᠥᠮᠧᠲᠷ ᠦᠷᠬᠡᠨ ᠡᠯᠡᠰᠦᠨ ᠲᠠᠯᠠᠢ ᠪᠠᠷ ᠠᠩᠬᠢᠯᠠᠬᠳᠠᠵᠤ᠂ ᠤᠢ ᠶᠢᠨ ᠪᠦᠰᠡ ᠨᠢ ᠡᠯᠡᠰᠦᠨ ᠤ ᠦᠷᠬᠡᠵᠢᠯ ᠢ ᠬᠤᠷᠢᠬᠯᠠᠵᠥ᠂ ᠬᠦᠮᠥᠰ ᠤᠨ ᠦᠢᠯᠡᠳᠪᠤᠷᠢᠯᠡᠯ ᠠᠮᠢᠳᠤᠷᠠᠯ ᠢ ᠬᠠᠮᠠᠭᠠᠯᠠᠵᠥ ᠪᠠᠶᠢᠨ᠎ᠠ᠃ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ ᠵᠠᠰᠠᠬᠤ ᠤᠢᠢᠯᠠᠭᠠᠬᠳᠠᠬᠤᠨ ᠢ ᠪᠠᠷᠢᠮᠳᠠᠯᠠᠨ᠂ ᠤᠷᠳᠤᠰᠴᠤᠳ ᠦᠢᠯᠡᠳᠦᠯᠬᠡ ᠶᠢᠨ ᠲᠤᠮᠳᠠ ᠠᠴᠠ ᠨᠢᠬᠡ ᠲᠦᠬᠦᠷ ᠪᠦᠳᠦᠮᠵᠢᠳᠡᠢ ᠵᠠᠰᠠᠯᠳᠠ ᠶᠢᠨ ᠵᠠᠷᠴᠢᠮ ᠢ ᠰᠦᠪᠡᠭᠴᠢᠯᠡᠵᠥ ᠭᠠᠷᠭᠠᠭᠰᠠᠠ ᠪᠠᠶᠢᠨ᠎ᠠ᠄ ᠲᠤᠬᠠᠢᠢᠯᠠᠪᠠᠯ ᠠᠮᠠᠷᠬᠠᠨ ᠢ ᠨᠢ ᠤᠷᠢᠳᠡᠪᠡᠷ ᠵᠠᠰᠠᠨ ᠬᠦᠴᠢᠷ ᠲᠠᠢ ᠶᠢ ᠨᠢ ᠰᠡᠬᠦᠯᠡᠷ ᠵᠠᠰᠠᠵᠥ᠂ ᠤᠢᠢᠷ᠎ᠠ ᠠᠴᠠ ᠬᠤᠯᠠ ᠳᠤ ᠬᠦᠷᠴᠦ᠂ ᠵᠠᠬ᠎ᠠ ᠬᠦᠪᠡᠭᠡ ᠶᠢ ᠨᠢ ᠲᠠᠷᠤᠵᠥ ᠰᠠᠯᠭᠠᠵᠥ᠂ ᠤᠷᠤᠨ ᠬᠤᠪᠢᠶᠠᠨ ᠵᠠᠰᠠᠵᠥ᠂ ᠪᠦᠬᠦᠯᠢ ᠴᠤᠭᠴᠠ ᠪᠠᠷ ᠠᠬᠢᠭᠤᠯᠤᠨ᠎ᠠ᠃ ︽ᠡᠮᠤᠨ᠎ᠡ ᠬᠡᠰᠡᠭ ᠢ ᠨᠢ ᠬᠦᠷᠢᠶᠡᠯᠡᠵᠥ ᠬᠤᠶᠢᠳᠤ ᠬᠡᠰᠡᠭ ᠢ ᠨᠢ ᠲᠦᠭᠵᠢᠵᠥ ᠲᠤᠮᠳᠠ ᠬᠡᠰᠡᠭ ᠢ ᠨᠢ ᠰᠠᠯᠭᠠᠬᠤ︾ ᠪᠤᠯ ᠡᠬᠦᠨ ᠤ ᠲᠤᠳᠤᠷᠠᠬᠢ ᠨᠢᠬᠡ ᠵᠦᠢᠯ ᠤᠨ ᠵᠠᠰᠠᠬᠤ ᠠᠷᠭ᠎ᠠ ᠬᠡᠮᠵᠢᠶ᠎ᠡ ᠪᠤᠯᠤᠨ᠎ᠠ ᠃        ︽ᠬᠦᠪᠴᠢ ᠶᠢᠨ ᠡᠯᠡᠰᠦ ᠵᠡᠬᠦᠨᠰᠢ ᠪᠠᠷᠠᠭᠤᠨᠰᠢ ᠨᠠᠷᠢᠬᠠᠨ ᠤᠷᠳᠤ ᠬᠡᠮ ᠢᠶᠠᠷ ᠲᠠᠷᠬᠠᠵᠤ ᠪᠠᠶᠢᠨ᠎ᠠ᠂ ᠡᠯᠡᠰᠦᠨ ᠴᠦᠯ ᠤᠨ ᠦᠷᠬᠡᠵᠢᠬᠦ ᠶᠢ ᠰᠡᠷᠬᠡᠶᠢᠯᠡᠬᠦ ᠶᠢᠨ ᠲᠦᠯᠥᠬᠡ᠂ ᠪᠢᠳᠡ ᠡᠯᠡᠰᠦᠨ ᠴᠦᠯ ᠤᠨ ᠡᠮᠤᠨ᠎ᠡ ᠬᠤᠶᠢᠨ᠎ᠡ ᠬᠤᠶᠠᠷ ᠬᠦᠪᠡᠭᠡ ᠪᠠᠷ 200 ᠭᠠᠷᠤᠢ ᠺᠢᠯᠥᠮᠧᠲᠷ ᠤᠷᠳᠤ᠂ ᠡᠮᠤᠨ᠎ᠡ ᠠᠴᠠ ᠬᠤᠶᠢᠰᠢ ᠪᠠᠨ 3 — 5 ᠺᠢᠯᠥᠮᠧᠲᠷ ᠦᠷᠭᠡᠨ ᠲᠤᠷᠤᠭ ᠮᠤᠳᠤ᠂ ᠪᠤᠳᠠ ᠮᠤᠳᠤ᠂ ᠡᠪᠡᠰᠦ ᠪᠠ ᠪᠦᠰᠡ᠂ ᠲᠤᠤᠷ᠂ ᠬᠡᠰᠡᠭ ᠢ ᠤᠶᠠᠯᠳᠤᠭᠤᠯᠤᠭᠰᠠᠠ ᠰᠠᠯᠬᠢ ᠶᠢ ᠰᠡᠷᠬᠡᠶᠢᠯᠡᠵᠥ ᠡᠯᠡᠰᠦ ᠶᠢ ᠲᠤᠭᠳᠠᠪᠤᠷᠢᠵᠢᠭᠤᠯᠬᠤ ᠰᠢᠰᠲ᠋ᠧᠮ ᠢ ᠪᠠᠶᠢᠭᠤᠯᠵᠠᠢ︾ ᠬᠡᠵᠥ ᠬᠠᠨ ᠢᠤᠢ ᠹᠸᠢ ᠲᠠᠨᠢᠯᠴᠠᠭᠤᠯᠤᠨ᠎ᠠ᠃       ᠰᠤᠷᠪᠤᠯᠵᠢᠯᠠᠭᠴᠢ ᠲᠡᠷᠬᠡ ᠪᠠᠷ ᠬᠦᠪᠴᠢ ᠶᠢᠨ ᠡᠯᠡᠰᠦ ᠶᠢᠨ ᠠᠩᠬᠠᠳᠠᠭᠴᠢ ᠡᠯᠡᠰᠦ ᠶᠢ ᠰᠤᠨᠳᠠᠯᠠᠬᠰᠠᠨ ᠵᠠᠰᠠᠮᠠᠯ ᠵᠠᠮ ᠳᠤ ᠬᠦᠷᠪᠡ᠃  19 ᠵᠢᠯ ᠤᠨ ᠡᠮᠤᠨ᠎ᠡ᠂ ᠬᠠᠩᠬᠢᠨ ᠬᠤᠰᠢᠭᠤᠨ ᠤ ᠺᠠᠳ᠋ᠷ ᠤᠯᠠᠨ ᠲᠦᠮᠡᠨ ᠤ 3 ᠵᠢᠯ ᠭᠠᠷᠤᠢ ᠶᠢᠨ ᠬᠦᠴᠦ ᠬᠦᠯᠥᠰᠦ ᠶᠢ ᠨᠢᠬᠳᠠᠷᠠᠭᠤᠯᠤᠭᠰᠠᠠ ︽ᠡᠯᠡᠰᠦᠨ ᠴᠦᠯ ᠤᠨ ᠭᠠᠶᠢᠬᠠᠮᠰᠢᠭ︾ ᠪᠦᠬᠦ ᠱᠤᠭᠤᠮ ᠢᠶᠠᠷ ᠲᠡᠷᠭᠡ ᠨᠡᠪᠳᠡᠷᠡᠬᠦ ᠦᠶ᠎ᠡ ᠳᠤ᠂ ᠬᠦᠮᠥᠰ ᠲᠡᠬᠦᠨ ᠤ ᠠᠪᠴᠢᠷᠠᠭᠰᠠᠠ ᠠᠮᠢ ᠠᠬᠤᠢ ᠶᠢᠨ ᠦᠷ᠎ᠡ ᠠᠰᠢᠬ ᠡᠶᠢᠮᠤ ᠯᠤᠳᠤ ᠶᠡᠭᠡ ᠪᠤᠯᠤᠨ᠎ᠠ ᠬᠡᠳᠡᠭ ᠢ ᠤᠬᠳᠤ ᠪᠤᠳᠤᠵᠥ ᠤᠯᠬᠤ ᠦᠭᠡᠢ ᠶᠤᠮ᠃ ᠦᠨᠦᠳᠦᠷ᠂ 115 ᠺᠢᠯᠥᠮᠧᠲᠷ ᠤᠷᠳᠤ ᠡᠨᠡ ᠬᠦ ᠵᠠᠰᠠᠮᠠᠯ ᠵᠠᠮ ᠨᠢ ᠬᠤᠷᠴᠠ ᠰᠡᠯᠡᠮ᠎ᠡ ᠮᠠᠳᠤ ᠪᠠᠷ ᠡᠯᠡᠰᠦᠨ ᠴᠦᠯ ᠢ ᠰᠤᠨᠳᠠᠯᠠᠵᠤ᠂ ᠵᠠᠰᠠᠮᠠᠯ ᠵᠠᠮ ᠤᠨ ᠬᠤᠶᠠᠷ ᠭᠠᠵᠠᠭᠤ ᠪᠠᠷ ᠤᠷᠭᠤᠭᠰᠠᠠ ᠡᠯᠡᠰᠦᠨ ᠪᠤᠷᠭᠠᠰᠤ᠂ ᠨᠠᠶᠢᠯᠵᠠᠭᠤᠷ ᠬᠠᠷᠭᠠᠨ᠎ᠠ ᠵᠡᠷᠬᠡ ᠤᠷᠭᠤᠮᠠᠯ ᠨᠤᠭᠤᠳ ᠨᠤᠭᠤᠭᠠᠨ ᠦᠩᠬᠡ ᠶᠢ ᠡᠯᠡᠰᠦᠨ ᠴᠦᠯ ᠤᠨ ᠦᠷᠦᠴᠡ ᠲᠡᠶᠢᠰᠢ ᠲᠠᠰᠤᠷᠠᠯᠳᠡ ᠦᠭᠡᠢ ᠦᠷᠬᠦᠯᠵᠢᠯᠡᠬᠦᠯᠥᠨ᠎ᠡ᠃      ᠬᠠᠩᠬᠢᠨ ᠬᠤᠰᠢᠭᠤᠨ ᠤ ᠤᠢ ᠰᠢᠭᠤᠢ ᠶᠢᠨ ᠲᠤᠪᠴᠢᠶᠠᠨ ᠤ ᠲᠡᠳ᠋ ᠲᠠᠷᠤᠭ᠎ᠠ ᠭᠤᠤ ᠶᠦᠩ ᠵᠢᠶᠧ᠂ ᠡᠬᠢᠯᠡᠭᠡᠳ ᠬᠦᠮᠥᠰ ᠡᠨᠡ ᠬᠦ ᠵᠠᠰᠠᠮᠠᠯ ᠵᠠᠮ ᠳᠤ ᠲᠦᠰᠢᠭᠯᠡᠨ ᠪᠠᠶᠠᠵᠢᠯ ᠤᠨ ᠵᠠᠮ ᠢᠶᠠᠨ ᠡᠯᠭᠦᠬᠦ ᠶᠢ ᠬᠦᠰᠡᠵᠥ ᠪᠠᠶᠢᠵᠠᠢ᠂ ᠲᠡᠷᠡ ᠨᠢ ᠡᠯᠡᠰᠦ ᠶᠢ ᠵᠠᠰᠠᠬᠤ ᠴᠤ᠋ ᠰᠢᠨ᠎ᠡ ᠰᠡᠳᠬᠢᠴᠡ ᠶᠢ ᠠᠪᠴᠢᠷᠠᠨ᠎ᠠ ᠬᠡᠵᠥ ᠶᠠᠭ ᠪᠤᠳᠤᠵᠥ ᠤᠯᠤᠭᠰᠠᠠ ᠦᠭᠡᠢ᠃ ᠬᠦᠪᠴᠢ ᠶᠢᠨ ᠡᠯᠡᠰᠦ ᠶᠢᠨ ᠵᠠᠰᠠᠯᠳᠠ ᠶᠢᠨ ︽ᠲᠤᠮᠳᠠ ᠬᠡᠰᠡᠭ ᠢ ᠰᠠᠯᠭᠠᠬᠤ︾ ᠬᠡᠳᠡᠭ ᠪᠤᠯ ᠲᠠᠷᠤᠢ ᠤᠯᠠᠷᠢᠯ ᠤᠨ ᠴᠢᠨᠠᠷᠳᠠᠢ 10 ᠭᠤᠤᠯ ᠪᠤᠯᠤᠨ ᠡᠯᠡᠰᠦ ᠶᠢ ᠰᠤᠨᠳᠠᠯᠠᠬᠰᠠᠨ ᠵᠠᠰᠠᠮᠠᠯ ᠵᠠᠮ ᠢ ᠵᠠᠰᠠᠬᠤ ᠳᠤ ᠲᠦᠰᠢᠭᠯᠡᠨ᠂ ᠡᠯᠡᠰᠦᠨ ᠴᠦᠯ ᠢ ᠬᠡᠰᠡᠭᠯᠡᠨ ᠬᠤᠪᠢᠶᠠᠵᠥ ᠤᠷᠤᠨ ᠬᠤᠪᠢᠶᠠᠵᠥ ᠵᠠᠰᠠᠬᠤ ᠶᠠᠪᠤᠳᠠᠯ ᠪᠤᠯᠤᠨ᠎ᠠ᠃ ᠤᠯᠠᠷᠢᠯ ᠤᠨ ᠴᠢᠨᠠᠷᠳᠠᠢ ᠭᠤᠤᠯ ᠤᠨ ᠬᠤᠶᠠᠷ ᠬᠦᠪᠡᠭᠡ ᠪᠠᠷ ᠭᠤᠤᠯ ᠤᠨ ᠲᠠᠩ ᠢ ᠬᠠᠮᠠᠭᠠᠯᠠᠬᠤ ᠤᠢ᠂ ᠬᠦᠪᠡᠭᠡ ᠶᠢ ᠬᠠᠮᠠᠭᠠᠯᠠᠬᠤ ᠤᠢ᠂ ᠡᠯᠡᠰᠦ ᠶᠢ ᠬᠤᠷᠢᠬᠯᠠᠬᠤ ᠤᠢ ᠶᠢᠨ ᠪᠦᠰᠡ ᠭᠠᠷᠭᠠᠵᠥ᠂ ᠡᠯᠡᠰᠦᠨ ᠴᠦᠯ ᠤᠨ ᠤᠷᠤᠨ ᠪᠦᠰᠡ ᠶᠢᠨ ᠲᠤᠳᠤᠷ᠎ᠠ ᠡᠯᠡᠰᠦ ᠶᠢ ᠰᠤᠨᠳᠠᠯᠠᠬᠰᠠᠨ ᠤᠯᠠᠨ ᠵᠠᠰᠠᠮᠠᠯ ᠵᠠᠮ ᠵᠠᠰᠠᠵᠥ᠂ ᠵᠠᠰᠠᠮᠠᠯ ᠵᠠᠮ ᠤᠨ ᠬᠤᠶᠠᠷ ᠬᠠᠵᠠᠭᠤ ᠪᠠᠷ ᠡᠯᠡᠰᠦᠨ ᠤ ᠬᠠᠯᠬᠠᠪᠴᠢ ᠭᠠᠷᠭᠠᠨ᠂ ᠡᠪᠡᠰᠤ ᠮᠤᠳᠤ ᠲᠠᠷᠢᠵᠥ᠂ ᠨᠤᠭᠤᠭᠠᠨ ᠦᠩᠬᠡ ᠶᠢᠨ ᠠᠮᠢ ᠠᠬᠤᠢ ᠶᠢᠨ ᠬᠠᠯᠬᠠᠪᠴᠢ ᠨᠤᠭᠤᠳ ᠢ ᠪᠠᠶᠢᠭᠤᠯᠵᠥ᠂ ᠡᠯᠡᠰᠦᠨ ᠴᠦᠯ ᠤᠨ ᠦᠷᠬᠡᠵᠢᠬᠦ ᠶᠢ ᠬᠤᠷᠢᠬᠯᠠᠵᠠᠢ ᠬᠡᠵᠥ ᠬᠡᠯᠡᠪᠡ᠃      ᠬᠦᠪᠴᠢ ᠶᠢᠨ ᠡᠯᠡᠰᠦᠨ ᠤ ᠦᠷᠦᠴᠡ ᠬᠡᠰᠡᠭ ᠲᠤ᠂ ᠨᠡᠯᠢᠶᠡᠳ ᠦᠷᠭᠡᠨ ᠠᠭᠤᠳᠠᠮ᠂ ᠤᠰᠤ ᠰᠢᠷᠤᠢ ᠶᠢᠨ ᠨᠦᠬᠦᠴᠡᠯ ᠨᠡᠯᠢᠶᠡᠳ ᠰᠠᠶᠢᠨ ᠳᠤᠪᠤᠷᠴᠠᠭ ᠤᠨ ᠬᠤᠭᠤᠷᠤᠨᠳᠤᠬᠢ ᠬᠤᠳᠤᠭᠤᠷ ᠭᠠᠵᠠᠷ ᠪᠤᠯᠤᠨ ᠨᠠᠭᠤᠷ ᠴᠦᠬᠦᠷᠦᠮ ᠤᠨ ᠡᠷᠬᠢᠨ ᠲᠤᠭᠤᠷᠢᠨ ᠤ ᠬᠦᠷᠦᠰᠦᠨ ᠳᠤᠤᠷᠠᠬᠢ ᠤᠰᠤᠨ ᠤ ᠲᠦᠪᠰᠢᠨ ᠨᠡᠯᠢᠶᠡᠳ ᠭᠦᠶᠤᠬᠡᠨ᠂ ᠤᠷᠭᠤᠮᠠᠯ ᠤᠨ ᠪᠤᠶᠢᠵᠢᠯᠲᠠ ᠳᠤ ᠠᠰᠢᠬᠲᠠᠢ ᠤᠷᠤᠨ ᠪᠦᠰᠡ ᠶᠢ ᠰᠤᠩᠭᠤᠵᠤ᠂  ︽ᠴᠢᠮᠡᠭᠯᠡᠨ ᠵᠠᠰᠠᠬᠤ︾ ᠬᠡᠯᠪᠡᠷᠢ ᠪᠠᠷ ᠬᠦᠮᠦᠨ ᠤ ᠬᠦᠴᠦ ᠪᠠᠷ ᠤᠢᠢᠵᠢᠭᠤᠯᠤᠨ ᠡᠪᠡᠰᠦ ᠲᠠᠷᠢᠵᠤ᠂ ᠡᠯᠡᠰᠦᠨ ᠴᠦᠯ ᠳᠠᠬᠢ ᠨᠤᠭᠤᠭᠠᠨ ᠠᠷᠠᠯ᠂ ᠨᠤᠭᠤᠭᠠᠨ ᠪᠦᠷᠢᠲᠦ ᠶᠢ ᠪᠠᠶᠢᠭᠤᠯᠵᠤ᠂ ᠡᠯᠡᠰᠦᠨ ᠴᠦᠯ ᠤᠨ ᠵᠠᠰᠠᠯᠲᠠ ᠶᠢᠨ ᠲᠠᠯᠠᠪᠠᠢ ᠶᠢ ᠠᠯᠬᠤᠮ ᠠᠯᠬᠤᠮ ᠢᠶᠠᠷ ᠶᠡᠬᠡᠰᠬᠡᠵᠦ᠂ ᠰᠠᠯᠬᠢ ᠡᠯᠡᠰᠦᠨ ᠤ ᠬᠦᠨᠦᠬᠡᠯ ᠢ ᠪᠠᠭᠠᠰᠬᠠᠪᠠ᠃ ᠬᠠᠩᠭᠢᠨ ᠬᠤᠰᠢᠭᠤᠨ ᠤ ᠬᠦᠬᠡᠮᠤᠳᠤ ᠪᠠᠯᠭᠠᠰᠤᠨ ᠤ ᠬᠦᠪᠴᠢ ᠶᠢᠨ ᠡᠯᠡᠰᠦᠨ ᠤ ᠤᠰᠤᠨ ᠤ ᠠᠮᠢ ᠠᠬᠤᠢ ᠶᠢᠨ ᠭᠤᠤᠯᠳᠠᠯᠭ᠎ᠠ ᠲᠠᠢ ᠵᠠᠰᠠᠯᠲᠠ ᠶᠢᠨ ᠤᠷᠤᠨ ᠳᠤ ᠤᠷᠤᠬᠤ ᠳᠤ᠂ ᠠᠳᠠᠯᠢ ᠪᠤᠰᠤ ᠬᠡᠪᠴᠢᠶ᠎ᠡ ᠪᠦᠬᠦᠢ ᠤᠰᠤ ᠬᠠᠷᠠᠬᠳᠠᠵᠤ᠂ ᠬᠤᠯᠤᠰᠤ ᠢᠬᠴᠤᠷᠠᠨ ᠤᠷᠭᠤᠵᠤ᠂ ᠡᠪᠡᠰᠤ ᠮᠤᠳᠤ ᠬᠦᠬᠡᠷᠡᠵᠦ᠂ ᠵᠤᠨ ᠤ ᠴᠡᠴᠡᠭ ᠮᠢᠷᠠᠯᠵᠠᠨ᠂ ᠬᠦᠮᠦᠰ ᠤᠨ ᠪᠠᠭ᠋ᠠᠷᠠᠯ ᠢ ᠲᠠᠳᠠᠨ᠎ᠠ᠃ 4 ᠵᠢᠯ ᠤᠨ ᠡᠮᠦᠨ᠎ᠡ᠂ ᠠᠳᠡ ᠬᠦᠪᠡᠭᠡ ᠵᠠᠬ᠎ᠠ ᠨᠢ ᠬᠠᠷᠠᠭᠳᠠᠬᠤ ᠦᠭᠡᠢ ᠶᠡᠭᠡ ᠮᠠᠩᠬ᠎ᠠ ᠪᠠᠶᠢᠵᠠᠢ᠃      2015 ᠤᠨ ᠳᠤ᠂ ᠬᠠᠩᠬᠢᠨ ᠬᠤᠰᠢᠭᠤᠨ ᠤ ᠬᠢᠨ ᠬᠠᠲᠤᠨ ᠭᠤᠤᠯ ᠤᠨ ᠰᠦᠩ ᠬᠠᠯᠢᠶ᠎ᠠ ᠶᠢ ᠡᠯᠡᠰᠦᠨ ᠴᠦᠯ ᠤᠨ ᠬᠤᠲᠤᠭᠤᠷ ᠭᠠᠵᠠᠷ ᠲᠤ ᠲᠠᠲᠠᠨ ᠤᠷᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ᠰᠦᠩ ᠬᠠᠯᠢᠶ᠎ᠠ ᠶᠢ ᠦᠩᠭᠢᠶᠠᠮᠦᠷ ᠬᠤᠷ᠎ᠠ ᠪᠤᠯᠭᠠᠨ᠂ ᠡᠯᠡᠰᠦᠨ ᠴᠦᠯ ᠢ ᠨᠤᠭᠤ ᠭᠠᠵᠠᠷ ᠪᠤᠯᠭᠠᠵᠤ᠂ ᠡᠯᠡᠰᠦ ᠤᠰᠤ ᠬᠠᠮᠲᠤ ᠤᠷᠤᠰᠢᠬᠤ ᠦᠪᠡᠷᠮᠢᠴᠡ ᠭᠤᠶᠤ ᠦᠵᠡᠮᠵᠢ ᠶᠢ ᠪᠦᠷᠢᠯᠳᠦᠭᠦᠯᠪᠡ᠃        ︽ᠬᠠᠲᠤᠨ ᠭᠤᠤᠯ ᠬᠠᠩᠭᠢᠨ ᠬᠤᠰᠢᠭᠤ ᠪᠠᠷ 249 ᠺᠢᠯᠣᠮᠧᠲᠷ ᠤᠷᠤᠰᠤᠨ ᠦᠩᠭᠡᠷᠡᠵᠦ᠂ ᠬᠠᠪᠤᠷ ᠭᠤᠤᠯ ᠭᠡᠰᠬᠦ ᠪᠦᠷᠢ᠂ ᠳᠠᠯᠠᠩ ᠬᠠᠰᠢᠯᠭ᠎ᠠ ᠶᠢᠨ ᠲᠤᠳᠤᠷ᠎ᠠ ᠤᠰᠤ ᠬᠤᠷᠠᠨ ᠭᠠᠮᠰᠢᠬ ᠪᠤᠯᠵᠤ᠂ ᠳᠠᠯᠠᠩ ᠬᠠᠰᠢᠯᠭ᠎ᠠ ᠶᠢᠨ ᠭᠠᠳᠠᠨ᠎ᠠ ᠬᠠᠲᠠᠵᠤ ᠤᠰᠤ ᠲᠤᠳᠠᠳᠠᠬ ᠪᠢᠯᠡ︾᠃ ᠬᠠᠩᠬᠢᠨ ᠬᠤᠰᠢᠭᠤᠨ ᠤ ᠤᠰᠤᠨ ᠤ ᠶᠠᠪᠤᠳᠠᠯ ᠪᠠ ᠤᠰᠤ ᠬᠦᠷᠦᠰᠤ ᠶᠢ ᠬᠠᠮᠠᠭᠠᠯᠠᠬᠤ ᠲᠤᠪᠴᠢᠶᠠᠨ ᠳᠠᠷᠤᠭ᠎ᠠ ᠯᠢᠤ ᠬᠠᠢ ᠴᠢᠤᠸᠠᠨ᠄ ︽ᠪᠢᠳᠠ ᠡᠷᠬᠡ ᠰᠦᠷᠲᠤ ᠰᠠᠯᠠᠭ᠎ᠠ ᠮᠦᠴᠢᠷ ᠤᠨ ᠲᠤᠰᠬᠠᠢ ᠮᠡᠷᠭᠡᠵᠢᠯᠲᠡᠳ ᠢ ᠤᠷᠢᠨ ᠲᠤᠬᠠᠢ ᠶᠢᠨ ᠭᠠᠵᠠᠷ ᠲᠤᠨᠢ ᠬᠠᠶᠢᠨ ᠰᠢᠨᠵᠢᠯᠡᠭᠡ ᠨᠤᠲᠠᠯᠠᠯᠲᠠ ᠬᠢᠯᠭᠡᠵᠦ᠂ ᠡᠴᠦᠰ ᠲᠤ ᠤᠰᠤ ᠲᠠᠳᠠᠨ ᠡᠯᠡᠰᠦ ᠵᠠᠰᠠᠬᠤ ᠪᠠᠷ ᠲᠤᠬᠲᠠᠵᠡᠢ︾ ᠭᠡᠵᠦ ᠲᠠᠨᠢᠯᠴᠠᠭᠤᠯᠪᠠ᠃        ᠬᠠᠩᠭᠢᠨ ᠬᠤᠰᠢᠭᠤᠨ ᠤ ᠤᠰᠤᠨ ᠤ ᠶᠠᠪᠤᠳᠠᠯ ᠪᠠ ᠤᠰᠤ ᠬᠦᠷᠦᠰᠦ ᠶᠢ ᠬᠠᠮᠠᠭᠠᠯᠠᠬᠤ ᠲᠤᠪᠴᠢᠶᠠᠨ ᠤ ᠶᠡᠷᠦᠩᠬᠡᠢ ᠢᠨᠵᠧᠨᠧᠷ ᠹᠠᠨ ᠸᠧᠨ ᠪᠢᠶᠤᠤ ᠶᠢᠨ ᠬᠡᠯᠡᠬᠦ ᠪᠠᠷ᠂ ᠬᠦᠪᠴᠢ ᠶᠢᠨ ᠡᠯᠡᠰᠦ ᠪᠤᠯᠤᠨ ᠬᠠᠩᠬᠢᠨᠨᠠᠭᠤᠷ ᠰᠦᠩ ᠬᠠᠯᠢᠶ᠎ᠠ ᠶᠢ ᠲᠠᠷᠬᠠᠭᠠᠵᠤ ᠦᠶᠡᠷ ᠢ ᠬᠠᠳᠠᠭᠠᠯᠠᠨ ᠤᠰᠤ ᠬᠤᠷᠠᠭᠤᠯᠬᠤ ᠤᠷᠤᠨ ᠳᠤ ᠤᠰᠤ ᠶᠢ ᠰᠢᠯᠵᠢᠭᠦᠯᠦᠨ ᠬᠠᠳᠠᠭᠠᠯᠠᠬᠤ ᠬᠤᠶᠠᠷ ᠤᠰᠤᠨ ᠤ ᠡᠬᠢ ᠰᠤᠷᠪᠤᠯᠵᠢ ᠶᠢ ᠪᠠᠶᠢᠭᠤᠯᠵᠤ᠂ ᠬᠠᠲᠤᠨ ᠭᠤᠤᠯ ᠯᠤᠭ᠎ᠠ ᠵᠠᠯᠭᠠᠨ ᠨᠡᠪᠲᠡᠷᠡᠭᠦᠯᠵᠦ᠂ ᠤᠰᠤᠨ ᠤ ᠡᠬᠢ ᠰᠤᠷᠪᠤᠯᠵᠢ ᠶᠢᠨ ᠬᠠᠷᠢᠯᠴᠠᠨ ᠨᠦᠬᠦᠪᠦᠷᠢᠯᠡᠬᠦ ᠶᠢ ᠪᠡᠶᠡᠯᠡᠭᠦᠯᠪᠡ᠃ ᠡᠭᠦᠨ ᠤ ᠬᠠᠮᠲᠤ ᠬᠠᠲᠤᠨ ᠭᠤᠤᠯ ᠳᠠᠭᠠᠤ ᠶᠢᠨ ᠤᠰᠤᠯᠠᠯᠲᠠ ᠶᠢᠨ ᠤᠷᠤᠨ ᠳᠤ ᠨᠢᠭᠡ ᠶᠡᠷᠦᠩᠬᠡᠢ ᠲᠠᠲᠠᠷᠠᠭᠤᠯᠬᠤ ᠰᠤᠪᠠᠬ ᠢ ᠰᠢᠨ᠎ᠡ ᠪᠠᠷ ᠪᠠᠶᠢᠭᠤᠯᠵᠤ᠂ ᠬᠠᠲᠤᠨ ᠭᠤᠤᠯ ᠳᠠᠭᠠᠤ ᠤᠷᠤᠨ ᠤ ᠢᠯᠡᠭᠦᠴᠡ ᠬᠦᠷᠦᠰᠦᠨ ᠳᠤᠤᠷᠠᠬᠢ ᠤᠰᠤ ᠶᠢ ᠤᠰᠤ ᠲᠠᠲᠠᠷᠠᠭᠤᠯᠬᠤ ᠲᠤᠤᠷ ᠤᠨ ᠢᠨᠵᠧᠨᠧᠷᠢᠩ ᠢᠶᠠᠷ ᠳᠠᠮᠵᠢᠭᠤᠯᠵᠤ ᠪᠦᠬᠦᠨ ᠢ ᠰᠦᠩ ᠬᠠᠯᠢᠶ᠎ᠠ ᠶᠢ ᠲᠠᠷᠬᠠᠭᠠᠵᠤ ᠦᠶᠡᠷ ᠢ ᠬᠠᠳᠠᠭᠠᠯᠠᠨ ᠤᠰᠤ ᠬᠤᠷᠠᠭᠤᠯᠬᠤ ᠤᠷᠤᠨ ᠤ ᠤᠰᠤᠨ ᠤ ᠡᠬᠢ ᠰᠤᠷᠪᠤᠯᠵᠢ ᠳᠤ ᠲᠠᠲᠠᠷᠠᠭᠤᠯᠤᠨ ᠤᠷᠤᠭᠤᠯᠪᠠ᠃          ᠤᠳᠤ᠂ ᠴᠡᠩᠬᠡᠭ ᠤᠰᠤ ᠡᠯᠡᠰᠦ ᠶᠢ ᠤᠷᠢᠶᠠᠵᠤ᠂ ᠠᠮᠢ ᠠᠬᠤᠢ ᠵᠢᠷᠤᠬ ᠮᠡᠲᠤ ᠭᠤᠶᠤᠵᠢᠵᠤ᠂ 5000 ᠭᠠᠷᠤᠢ ᠲᠦᠮᠡᠨ ᠪᠤᠰᠤᠭ᠎ᠠ ᠳᠦᠷᠪᠡᠯᠵᠢᠨ ᠮᠧᠲᠷ ᠤᠨ ᠬᠠᠲᠤᠨ ᠭᠤᠤᠯ ᠤᠨ ᠰᠦᠩ ᠬᠠᠯᠢᠶ᠎ᠠ ᠡᠯᠡᠰᠦᠨ ᠴᠦᠯ ᠢ ᠤᠮᠳᠠᠯᠠᠵᠤ᠂ 11 ᠲᠡᠭᠰᠢ ᠲᠦᠷᠪᠡᠯᠵᠢᠨ ᠺᠢᠯᠣᠮᠧᠲᠷ ᠤᠨ ᠤᠰᠤᠨ ᠭᠠᠳᠠᠷᠭᠤ ᠶᠢ ᠪᠦᠷᠢᠯᠳᠦᠭᠦᠯᠵᠦ᠂ 36 ᠲᠡᠭᠰᠢ ᠳᠦᠷᠪᠡᠯᠵᠢᠨ ᠺᠢᠯᠣᠮᠧᠲᠷ ᠤᠨ ᠡᠯᠡᠰᠦ ᠶᠢ ᠵᠠᠰᠠᠵᠤ᠂ ᠲᠠᠷᠢᠬᠰᠠᠨ 14 ᠲᠡᠭᠰᠢ ᠲᠦᠷᠪᠡᠯᠵᠢᠨ ᠺᠢᠯᠣᠮᠧᠲᠷ ᠤᠨ ᠴᠢᠬᠢ ᠮᠤᠳᠤ ᠶᠢᠨ ᠡᠳᠡᠭᠡᠷᠡᠯᠲᠡ ᠶᠢᠨ ᠨᠤᠷᠮ᠎ᠠ 90% ᠠᠴᠠ ᠳᠡᠭᠡᠭᠰᠢ ᠳᠤ ᠬᠦᠷᠪᠡ᠃          ᠰᠢᠨ᠎ᠡ ᠶᠢ ᠡᠬᠦᠳᠬᠦ ᠮᠡᠷᠭᠡᠵᠢᠯ ᠢᠶᠠᠷ ᠨᠤᠭᠤᠭᠠᠷᠠᠭᠤᠯᠤᠯᠳᠠ ᠶᠢᠨ ᠦᠷ᠎ᠡ ᠪᠦᠳᠦᠮᠵᠢ ᠪᠠ ᠶᠠᠰᠤ ᠴᠢᠨᠠᠷ ᠶᠡᠭᠡᠭᠡᠨ ᠲᠡᠭᠡᠭᠰᠢᠯᠡᠪᠠ᠃      ᠲᠤᠭᠤᠢᠢᠳᠠᠯ᠎ᠡ ᠪᠠᠯᠭᠠᠰᠤᠨ ᠤ ᠨᠠᠷᠠᠰᠤ ᠲᠠᠷᠢᠵᠤ ᠤᠢᠢᠵᠢᠭᠤᠯᠵᠥ ᠵᠢᠱᠢᠶ᠎ᠡ ᠦᠵᠡᠬᠦᠯᠬᠦ ᠴᠡᠭ ᠲᠤ ᠢ ᠯᠢ ᠪᠦᠯᠦᠭᠯᠡᠯ ᠤᠨ ᠮᠠᠷᠭᠡᠵᠢᠯᠳᠠᠨ ᠰᠤᠷᠪᠤᠯᠵᠢᠯᠠᠬᠴᠢ ᠳᠤ ᠡᠯᠡᠰᠤᠨ ᠴᠦᠯ ᠢ ᠨᠤᠭᠤᠭᠠᠷᠠᠭᠤᠯᠤᠬᠰᠡᠨ ᠭᠡᠳᠤᠨ ᠵᠦᠢᠯ ᠤᠨ ᠡᠯᠡᠰᠤ ᠶᠢ ᠵᠠᠰᠠᠬᠤ ᠲᠤᠰᠬᠠᠢ ᠠᠰᠢᠭ ᠤᠨ ᠮᠡᠷᠭᠡᠵᠢᠯ ᠢ ᠦᠵᠡᠬᠦᠯᠪᠠ᠃        ᠢ ᠯᠢ ᠶᠢᠨ ᠡᠯᠡᠰᠤ ᠶᠢ ᠵᠠᠰᠠᠬᠤ ᠲᠤᠰᠬᠠᠢ ᠮᠡᠷᠭᠡᠵᠢᠯᠳᠡᠨ ᠬᠠᠨ ᠮᠸᠢ ᠹᠸᠢ ᠵᠢᠯ ᠲᠤᠷᠰᠢ ᠪᠠᠷ ᠡᠯᠡᠰᠤ ᠵᠠᠰᠠᠵᠤ᠂ ᠴᠢᠷᠠᠢ ᠨᠢᠭᠤᠷ ᠨᠢ ᠨᠠᠷᠠᠨ ᠳᠤ ᠰᠢᠷᠠᠬᠳᠠᠵᠤ ᠪᠤᠷᠤᠯᠠᠵᠠᠢ᠃ ᠲᠡᠷᠨ ᠰᠤᠷᠪᠤᠯᠵᠢᠯᠠᠬᠴᠢ ᠠᠴᠠ᠄ ︽ᠤᠳᠤ ᠨᠢᠭᠡ ᠰᠠᠭᠤᠷᠢ ᠡᠯᠡᠰᠤᠨ ᠪᠤᠷᠭᠠᠰᠤ ᠲᠠᠷᠢᠬᠤ ᠳᠤ ᠭᠡᠳᠤᠢ ᠬᠤᠭᠤᠴᠠᠭ᠎ᠠ ᠭᠡᠷᠡᠭᠰᠡᠬᠦ ᠪᠤᠢ︖︾ ᠬᠡᠵᠤ ᠠᠰᠠᠭᠤᠪᠠ᠂ ᠰᠤᠷᠪᠤᠯᠵᠢᠯᠠᠬᠴᠢ ᠰᠡᠵᠢᠭᠯᠡᠯ ᠲᠦᠷᠦᠵᠤ ᠪᠠᠶᠢᠬᠤ ᠶᠢ ᠦᠵᠡᠭᠡᠳ᠂ ᠲᠡᠷᠨ ᠭᠠᠷ ᠢᠶᠠᠷ ᠢᠶᠠᠨ 10 ᠬᠡᠮᠡᠬᠦ ᠦᠰᠦᠭ ᠢ ᠵᠢᠷᠤᠪᠠ᠃ ︽10 ᠮᠢᠨᠦ᠋ᠲ︖︾ ᠬᠠᠨ ᠮᠸᠢ ᠹᠸᠢ ᠢᠨᠢᠶᠠᠭᠡᠳ ︽ᠪᠢᠰᠢ᠂ 10 ᠰᠧᠺᠦ᠋ᠨ᠋ᠳ᠋︕︾ ᠭᠡᠵᠤ ᠭᠡᠯᠡᠪᠠ᠃ ᠮᠠᠷᠭᠡᠵᠢᠯᠳᠡᠨ ᠨᠢᠭᠡ ᠰᠢᠷᠭᠡᠭ ᠤᠷᠳᠤ ᠤᠰᠤᠨ ᠬᠤᠭᠤᠯᠠᠢ ᠶᠢ ᠡᠯᠡᠰᠤᠨ ᠳᠤ ᠬᠠᠳᠬᠤᠬᠤ ᠳᠤ᠂ ᠤᠰᠤᠨ ᠲᠡᠷᠤᠯᠳᠠ ᠲᠠᠷᠦ᠋ᠢᠬᠠᠨ ᠡᠯᠡᠰᠤᠨ ᠲᠡᠭᠡᠷ᠎ᠡ 1 ᠮᠧᠲᠷ ᠬᠢᠷᠢᠳᠠᠢ ᠵᠢᠵᠢᠭ ᠨᠦᠭᠡ ᠭᠠᠷᠭᠠᠪᠠ᠂ ᠤᠰᠤᠨ ᠬᠤᠭᠤᠯᠠᠢ ᠶᠢ ᠰᠤᠭᠤᠯᠵᠤ ᠠᠪᠬᠤ ᠶᠢᠨ ᠵᠡᠷᠭᠡ ᠪᠠᠷ᠂ ᠨᠢᠭᠡ ᠰᠠᠭᠤᠷᠢ ᠡᠯᠡᠰᠤᠨ ᠪᠤᠷᠭᠠᠰᠤ ᠶᠢ ᠨᠦᠭᠡᠨ ᠳᠤ ᠰᠠᠭᠤᠯᠭᠠᠨ ᠲᠡᠷᠢᠵᠤ ᠲᠠᠭᠤᠰᠬᠠᠪᠠ᠃ ᠪᠦᠬᠦ ᠶᠠᠪᠤᠴᠠ ᠨᠢ 10 ᠰᠧᠺᠦ᠋ᠨ᠋ᠳ᠋ ᠯᠡ ᠭᠡᠷᠡᠭᠯᠡᠪᠡ᠃        ︽ᠡᠶᠢᠮᠤᠷᠬᠦᠤ ᠠᠷᠭ᠎ᠠ ᠶᠢ ᠪᠢᠴᠢᠯ ᠰᠦᠪᠡᠳᠤ ᠤᠰᠤᠨ ᠤ ᠤᠷᠤᠰᠬᠠᠯ ᠢᠶᠠᠷ ᠮᠤᠳᠤ ᠲᠡᠷᠢᠬᠤ ᠠᠷᠭ᠎ᠠ ᠭᠡᠳᠡᠭ᠃ ᠦᠡᠭᠭᠡᠷᠡᠭᠰᠡᠨ ᠳᠤ ᠮᠤᠳᠤ ᠲᠠᠷᠢᠬᠤ ᠳᠤ ᠤᠷᠢᠳᠠᠪᠡᠷ ᠬᠦᠷᠵᠠ ᠪᠠᠷ ᠲᠤᠮᠤ ᠨᠦᠭᠡ ᠮᠠᠯᠳᠠᠵᠤ᠂ ᠴᠢᠬᠢ ᠮᠤᠳᠤ ᠪᠠᠨ ᠰᠠᠭᠤᠯᠭᠠᠵᠤ ᠤᠰᠤᠯᠠᠳᠠᠬ ᠪᠠᠶᠢᠵᠠᠢ᠂ ᠨᠢᠭᠡ ᠰᠠᠭᠤᠷᠢ ᠮᠤᠳᠤ ᠲᠠᠷᠢᠬᠤ ᠳᠤ ᠠᠷᠪᠡᠨ ᠭᠡᠳᠤᠨ ᠮᠢᠨᠦ᠋ᠲ ᠭᠡᠷᠡᠭᠯᠡᠵᠤ᠂ ᠰᠠᠭᠤᠯᠭᠠᠵᠤ ᠪᠠᠷᠠᠪᠠᠯ ᠬᠠᠭᠤᠷᠠᠢ ᠰᠢᠷᠤᠢ ᠪᠠᠷ ᠲᠠᠷᠤᠳᠠᠬ ᠠᠴᠠ ᠮᠤᠳᠤᠨ ᠮᠦᠴᠢᠷ ᠬᠦᠢᠴᠡᠳ ᠤᠰᠤ ᠰᠢᠩᠭᠡᠭᠡᠵᠤ ᠲᠠᠶᠢᠯᠬᠦ ᠦᠭᠡᠢ᠂ ᠴᠠᠭ ᠬᠦᠴᠤ ᠪᠠᠨ ᠪᠠᠷᠠᠬᠤ ᠲᠡᠳᠦᠢ ᠦᠭᠡᠢ ᠤᠰᠤ ᠶᠢ ᠰᠦᠢᠳᠭᠡᠵᠤ᠂ ᠡᠳᠡᠭᠡᠷᠡᠬᠦ ᠨᠤᠷᠮ᠎ᠡ ᠨᠢ ᠠᠨᠠᠢ ᠪᠠᠶᠢᠳᠠᠭ︾᠃ ᠬᠠᠨ ᠮᠸᠢ ᠹᠸᠢ᠂ ᠤᠰᠤᠨ ᠤ ᠤᠷᠤᠰᠬᠠᠯ ᠢᠶᠠᠷ ᠮᠤᠳᠤ ᠲᠠᠷᠢᠬᠤ ᠠᠷᠭ᠎ᠠ ᠶᠢ ᠭᠡᠷᠡᠭᠯᠡᠬᠦ ᠨᠢ ᠬᠦᠷᠤᠰᠤᠨ ᠤ ᠬᠤᠳᠬᠤᠷᠠᠯ ᠢ ᠪᠠᠭᠠᠰᠬᠠᠵᠤ᠂ ᠠᠮᠢ ᠠᠬᠤᠢ ᠶᠢ ᠬᠦᠨᠦᠭᠡᠬᠦ ᠦᠭᠡᠢ᠂ ᠬᠦᠷᠤᠰᠤᠨ ᠤ ᠴᠢᠭᠢᠭ ᠢ ᠪᠠᠳᠤᠯᠠᠵᠤ ᠴᠢᠳᠠᠨ᠎ᠠ᠂ ᠨᠢᠭᠡ ᠰᠠᠭᠤᠷᠢ ᠴᠢᠬᠢ ᠮᠤᠳᠤ ᠶᠢ ᠲᠠᠷᠢᠬᠤ ᠴᠠᠭ ᠨᠢ ᠤᠬᠤᠷ᠂ ᠨᠢᠭᠡ ᠤᠳᠠᠭ᠎ᠠ ᠬᠠᠮᠤᠭ ᠤᠨ ᠠᠷᠪᠢᠨ ᠳᠠᠭᠠᠨ 3 ᠯᠢᠲᠷ ᠤᠰᠤ ᠭᠡᠷᠡᠭᠯᠡᠵᠤ᠂ ᠡᠳᠡᠭᠡᠷᠡᠯᠳᠡ ᠶᠢᠨ ᠨᠤᠷᠮ᠎ᠡ ᠨᠢ ᠦᠡᠭᠭᠡᠷᠡᠭᠰᠡᠨ ᠤ 20% ᠰᠢᠬᠠᠮ ᠪᠠᠶᠢᠬᠰᠠᠨ ᠠᠴᠠ 80% ᠬᠦᠷᠳᠡᠯ᠎ᠡ ᠲᠡᠭᠡᠭᠰᠢᠯᠡᠪᠡ᠂ ᠡᠬᠦᠨ ᠤ ᠬᠠᠮᠳᠤ ᠨᠢᠭᠡ ᠮᠤ᠋ ᠭᠠᠵᠠᠷ ᠲᠤ ᠡᠯᠡᠰᠤᠨ ᠤ ᠬᠠᠯᠬᠠᠪᠴᠢ ᠭᠠᠷᠭᠠᠬᠤ ᠦᠪᠡᠷ ᠤᠨ ᠦᠷᠳᠡᠭ ᠢ 1000 ᠲᠦᠬᠦᠷᠢᠭ ᠠᠴᠠ ᠲᠠᠭᠡᠭᠰᠢ ᠠᠷᠪᠢᠯᠠᠵᠤ ᠲᠠᠶᠢᠯᠤᠨ᠎ᠡ ᠭᠡᠵᠤ ᠬᠡᠯᠡᠪᠡ᠃          ᠢ ᠯᠢ ᠪᠦᠯᠦᠭᠯᠡᠯ ᠤᠨ ᠡᠯᠡᠰᠦ ᠰᠤᠳᠤᠯᠬᠤ ᠬᠦᠷᠢᠶᠡᠯᠡᠩ ᠤᠨ ᠳᠡᠳ᠋ ᠳᠠᠷᠤᠭ᠎ᠠ ᠵᠠᠩ ᠯᠢ ᠰᠢᠨ ᠰᠤᠷᠪᠤᠯᠵᠢᠯᠠᠬᠴᠢ ᠳᠤ᠂ ᠪᠢᠴᠢᠯ ᠰᠦᠪᠡᠲᠦ ᠤᠰᠤᠨ ᠤ ᠤᠷᠤᠰᠬᠠᠯ ᠢᠶᠠᠷ ᠮᠤᠳᠤ ᠵᠠᠶᠢᠯᠠᠬᠤ ᠠᠷᠭ᠎ᠠ ᠭᠠᠵᠠᠷ ᠳᠤᠤᠷᠠᠬᠢ ᠤᠰᠤᠨ ᠤ ᠲᠦᠪᠰᠢᠨ ᠨᠡᠯᠢᠶᠡᠳ ᠭᠦᠶᠦᠬᠡᠨ᠂ ᠤᠰᠤ ᠠᠪᠬᠤ ᠳᠤ ᠠᠮᠠᠷᠬᠠᠨ ᠭᠠᠵᠠᠷ ᠤᠷᠤᠨ ᠳᠤ ᠲᠤᠬᠢᠷᠠᠨ᠎ᠠ᠂ ᠲᠡᠷᠡᠴᠢᠯᠡᠨ ᠤᠰᠤ ᠪᠤᠷᠳᠤᠭᠤᠷ ᠢ ᠨᠢᠭᠡ ᠴᠤᠬᠴᠠᠵᠢᠭᠤᠯᠵᠦ᠂ ᠴᠢᠬᠢ ᠮᠤᠳᠤᠨ ᠤ ᠡᠳᠡᠭᠡᠷᠡᠯᠲᠡ ᠶᠢᠨ ᠨᠤᠷᠮ᠎ᠠ ᠶᠢ ᠶᠡᠭᠡ ᠪᠠᠷ ᠳᠡᠭᠡᠭᠰᠢᠯᠡᠭᠦᠯᠵᠦ ᠳᠡᠶᠢᠯᠦᠨ᠎ᠠ᠃ ᠭᠡᠪᠡᠴᠦ ᠭᠠᠵᠠᠷ ᠳᠤᠤᠷᠠᠬᠢ ᠤᠰᠤᠨ ᠤ ᠲᠦᠪᠰᠢᠨ ᠭᠦᠨ ᠰᠢᠭ ᠤᠷᠤᠨ ᠪᠦᠰᠡ ᠳᠤ᠂ ᠶᠡᠷᠦ ᠳᠡᠭᠡᠨ ᠱᠤᠷᠠᠬᠳᠤ ᠦᠷᠦᠮᠳᠡᠯ ᠤᠨ ᠠᠷᠭ᠎ᠠ ᠶᠢ ᠬᠡᠷᠡᠭᠯᠡᠨ᠂ ᠱᠤᠷᠠᠬᠳᠤ ᠦᠷᠦᠮᠳᠡᠯ ᠢᠶᠠᠷ 1.2 ᠮᠧᠲᠷ ᠵᠢᠵᠢᠭ ᠨᠦᠬᠡ ᠮᠠᠯᠳᠠᠵᠤ᠂ ᠴᠢᠬᠢ ᠮᠤᠳᠤ ᠪᠠᠨ ᠰᠠᠭᠤᠯᠭᠠᠵᠤ᠂ ᠴᠢᠬᠢᠭᠯᠢᠭ ᠡᠯᠡᠰᠦᠨ ᠳᠠᠪᠬᠤᠷᠭ᠎ᠠ ᠶᠢᠨ ᠤᠰᠤ ᠪᠠᠷ ᠴᠢᠭᠢᠭ ᠢ ᠪᠠᠲᠤᠯᠠᠨ᠎ᠠ᠃ ᠡᠨᠡ ᠬᠦ ᠠᠷᠭ᠎ᠠ ᠪᠠᠷ ᠨᠢᠭᠡ ᠴᠢᠬᠢ ᠮᠤᠳᠤ ᠶᠢ ᠵᠠᠶᠢᠯᠠᠬᠤ ᠳᠤ 10 ᠰᠧᠺᠦ᠋ᠨ᠋ᠳ᠋ ᠯᠡ ᠬᠡᠷᠡᠭᠰᠡᠵᠦ᠂ ᠡᠳᠡᠭᠡᠷᠡᠯᠲᠡ ᠶᠢᠨ ᠨᠤᠷᠮ᠎ᠠ ᠨᠢ 65% ᠠᠴᠠ ᠳᠡᠭᠡᠭᠰᠢ ᠳᠤ ᠬᠦᠷᠴᠤ᠂ ᠡᠯᠡᠰᠦᠨ ᠳᠤ ᠮᠤᠳᠤ ᠵᠠᠶᠢᠯᠠᠬᠤ ᠳᠤ ᠤᠰᠤᠨ ᠤ ᠰᠤᠷᠪᠤᠯᠵᠢ ᠳᠤᠲᠠᠮᠠᠭ ᠪᠠᠶᠢᠬᠤ ᠠᠰᠠᠭᠤᠳᠠᠯ ᠢ ᠰᠢᠢᠳᠪᠦᠷᠢᠯᠡᠵᠦ ᠳᠡᠶᠢᠯᠦᠨ᠎ᠠ ᠭᠡᠵᠦ ᠬᠡᠯᠡᠪᠡ᠃        ᠰᠢᠬᠢᠷ ᠡᠪᠡᠰᠦ ᠢ ᠲᠤᠬᠠᠢ ᠶᠢᠨ ᠭᠠᠵᠠᠷ ᠤᠨ ᠬᠦᠮᠦᠰ ︽ᠰᠢᠬᠢᠷᠯᠢᠭ ᠦᠨᠳᠦᠰᠦ︾ ᠭᠡᠳᠡᠭ᠃ ᠡᠨᠡ ᠬᠡᠳᠦᠨ ᠵᠢᠯ ᠳᠤ᠂ ᠴᠦᠬᠡᠨ ᠪᠤᠰᠤ ᠮᠠᠯᠴᠢᠨ ᠲᠠᠷᠢᠶᠠᠴᠢᠨ ︽ᠰᠢᠬᠢᠷᠯᠢᠭ ᠦᠨᠳᠦᠰᠦ ᠲᠠᠷᠢᠵᠤ᠂ ᠶᠠᠳᠠᠭᠤ ᠠᠴᠠ ᠪᠠᠨ ᠠᠩᠬᠢᠵᠢᠷᠠᠪᠠ︾᠃ ᠤᠳᠤᠬᠠᠨ ᠳᠤ᠂ ᠰᠢᠬᠢᠷ ᠡᠪᠡᠰᠦ ᠲᠠᠷᠢᠵᠤ ᠤᠷᠭᠤᠭᠤᠯᠬᠤ ᠰᠢᠨ᠎ᠡ ᠮᠡᠷᠭᠡᠵᠢᠯ ᠢ ᠢ ᠯᠢ ᠪᠦᠯᠦᠭᠯᠡᠯ ᠤᠨ ᠲᠠᠷᠢᠮᠡᠯ ᠤᠨ ᠰᠠᠭᠤᠷᠢᠨ ᠳᠤ ᠦᠷᠭᠡᠨ ᠢᠶᠠᠷ ᠬᠡᠷᠡᠭᠯᠡᠵᠦ ᠪᠠᠶᠢᠨ᠎ᠠ᠃ ᠴᠤᠬᠤᠮ ᠶᠠᠭᠠᠬᠢᠵᠤ ᠲᠠᠷᠢᠬᠤ ᠪᠤᠢ ︖ ᠨᠢᠭᠡ ᠲᠷᠠᠺᠲ᠋ᠤᠷ ᠠᠨᠵᠢᠰᠤᠨ ᠬᠡᠷᠡᠭᠰᠡᠯ ᠶᠢ ᠴᠢᠷᠴᠤ᠂ ᠠᠨᠵᠢᠰᠤᠨ ᠳᠡᠭᠡᠷ᠎ᠠ 4 ᠠᠵᠢᠯᠲᠠᠨ ᠰᠠᠭᠤᠵᠤ᠂ ᠰᠢᠬᠢᠷ ᠡᠪᠡᠰᠦᠨ ᠤ ᠴᠢᠬᠢ ᠮᠤᠳᠤ ᠶᠢ ᠬᠦᠨᠳᠡᠯᠡᠨ ᠢᠶᠠᠷ ᠵᠠᠶᠢᠯᠠᠵᠤ ᠪᠠᠶᠢᠯ᠎ᠠ ᠁          ︽ᠡᠨᠡ ᠪᠤᠯ ᠪᠢᠳᠡᠨ ᠤ ᠰᠦᠪᠡᠭᠴᠢᠯᠡᠵᠦ ᠭᠠᠷᠭᠠᠬᠰᠠᠨ ᠰᠢᠬᠢᠷ ᠡᠪᠡᠰᠦ ᠲᠠᠷᠢᠬᠤ ᠰᠢᠨ᠎ᠡ ᠮᠡᠷᠭᠡᠵᠢᠯ ᠪᠤᠯᠤᠨ᠎ᠠ᠃ ᠰᠢᠬᠢᠷ ᠡᠪᠡᠰᠦ ᠪᠤᠯ ᠬᠤᠪᠤᠷ ᠨᠠᠨᠳᠢᠨ ᠡᠮ ᠤᠨ ᠮᠠᠲᠧᠷᠢᠶᠠᠯ ᠮᠦᠨ᠂ ᠡᠯᠡᠰᠦᠨ ᠳᠤ ᠤᠷᠭᠤᠬᠤ ᠳᠤ ᠲᠤᠬᠢᠷᠠᠮᠵᠢᠲᠠᠢ᠂ ᠠᠽᠤᠲ ᠲᠤᠬᠲᠠᠭᠠᠬᠤ ᠦᠢᠯᠡᠳᠦᠯ ᠮᠠᠰᠢ ᠶᠡᠭᠡ᠂ ᠬᠦᠷᠦᠰᠦ ᠰᠢᠷᠤᠢ ᠶᠢ ᠰᠠᠶᠢᠵᠢᠷᠠᠭᠤᠯᠬᠤ ᠦᠷ᠎ᠠ ᠪᠦᠲᠦᠮᠵᠢ ᠢᠯᠡᠷᠬᠡᠢ ᠪᠠᠶᠢᠳᠠᠭ︾᠃ ᠵᠠᠩ ᠯᠢ ᠰᠢᠨ᠂ ︽ᠰᠢᠬᠢᠷ ᠡᠪᠡᠰᠦ ᠡᠩ ᠤᠨ ᠪᠠᠶᠢᠳᠠᠯ ᠳᠤ ᠪᠤᠰᠤᠭ᠎ᠠ ᠪᠠᠷ ᠤᠷᠭᠤᠳᠠᠭ᠃ ᠨᠢᠭᠡ ᠰᠢᠷᠬᠡᠭ ᠰᠢᠬᠢᠷ ᠡᠪᠡᠰᠦ ᠪᠤᠰᠤᠭ᠎ᠠ ᠪᠠᠷ ᠤᠷᠭᠤᠪᠠᠯ᠂ ᠡᠯᠡᠰᠦᠷᠬᠡᠭᠵᠢᠯ ᠢ ᠵᠠᠰᠠᠬᠤ ᠲᠠᠯᠠᠪᠠᠢ ᠨᠢ 0.1 ᠲᠡᠭᠰᠢ ᠳᠦᠷᠪᠡᠯᠵᠢᠨ ᠮᠧᠲᠷ ᠯᠡ ᠲᠡᠳᠦᠢ︔ ᠬᠦᠨᠳᠡᠯᠡᠨ ᠢᠶᠠᠷ ᠤᠷᠭᠤᠪᠠᠯ᠂ ᠡᠯᠡᠰᠦᠷᠬᠡᠭᠵᠢᠯ ᠢ ᠵᠠᠰᠠᠬᠤ ᠲᠠᠯᠠᠪᠠᠢ ᠨᠢ 1 ᠲᠡᠭᠰᠢ ᠳᠦᠷᠪᠡᠯᠵᠢᠨ ᠮᠧᠲᠷ ᠲᠤ ᠬᠦᠷᠤᠨ᠎ᠡ᠃ ᠰᠢᠬᠢᠷ ᠡᠪᠡᠰᠦ ᠪᠠᠷ ᠢᠳᠡᠭᠡᠨ ᠪᠠ ᠡᠮ ᠤᠨ ᠵᠦᠢᠯᠡᠰ ᠬᠢᠵᠦ᠂ ᠠᠵᠤ ᠦᠢᠯᠡᠰ ᠤᠨ ᠬᠡᠯᠬᠢᠶ᠎ᠠ ᠶᠢ ᠪᠦᠷᠢᠯᠳᠦᠭᠦᠯᠦᠨ᠂ ᠶᠠᠳᠠᠭᠤ ᠠᠴᠠ ᠠᠩᠭᠢᠵᠢᠷᠠᠭᠤᠯᠬᠤ ᠠᠬᠢᠴᠠ ᠶᠢ ᠲᠦᠷᠭᠡᠳᠭᠡᠨ᠎ᠡ︾ ᠭᠡᠪᠡ᠃        69 ᠨᠠᠰᠤᠲᠠᠢ ᠴᠧᠨ ᠨᠢᠩᠪᠦ ᠨᠠᠰᠤᠲᠠᠨ ᠰᠤᠷᠪᠤᠯᠵᠢᠯᠠᠬᠴᠢ ᠶᠢ ᠳᠠᠭᠠᠭᠤᠯᠤᠨ ᠡᠯᠡᠰᠤᠨ ᠲᠤᠪᠤᠴᠠᠬ ᠲᠤ ᠭᠠᠷᠪᠠ᠂ ᠲᠤᠪᠤᠴᠠᠬ ᠲᠤ ᠡᠯᠡᠰᠦᠨ ᠪᠤᠷᠭᠠᠰᠤ᠂ ᠳᠡᠷᠪᠡᠯᠵᠢ ᠪᠤᠯᠤᠨ ᠲᠤᠷᠤᠭ ᠳᠡᠷᠪᠡᠯᠵᠢ ᠵᠡᠷᠭᠡ ᠡᠯᠡᠰᠦᠨ ᠤ ᠤᠷᠭᠤᠮᠠᠯ ᠤᠳ ᠢᠬᠴᠤ ᠰᠠᠬᠤᠯᠢᠭ ᠤᠷᠭᠤᠵᠤ ᠪᠠᠶᠢᠯ᠎ᠠ᠃ ︽ᠡᠯᠡᠰᠤ ᠨᠡᠭᠦᠳᠡᠯᠯᠡᠬᠦ ᠪᠤᠯᠬᠤᠷ᠂ ᠦᠡᠭᠭᠡᠷᠡᠭᠰᠡᠨ ᠳᠤ ᠮᠠᠨ ᠤ ᠤᠷᠳᠤᠰ ᠡᠯᠡᠰᠤᠨ ᠳᠤ ᠶᠠᠭᠤ ᠲᠠᠷᠢᠭᠠᠳ ᠴᠤ ᠤᠷᠭᠤᠭᠤᠯᠵᠤ ᠲᠡᠶᠢᠯᠬᠦ ᠦᠬᠡᠢ ᠪᠠᠶᠢᠪᠠ᠂ ᠤᠳᠤ ᠰᠢᠨ᠎ᠠ ᠠᠷᠭ᠎ᠠ ᠪᠠᠷ ᠤᠷᠭᠤᠭᠤᠯᠵᠤ ᠲᠡᠶᠢᠯᠬᠦ ᠪᠤᠯᠤᠬᠰᠠᠨ᠂ ᠰᠦᠷᠡᠬᠡᠢ ᠪᠠᠶᠢᠨ᠎ᠠ︕︾  ᠭᠡᠵᠦ ᠨᠠᠰᠤᠲᠠᠨ ᠶᠠᠷᠢᠬᠤ ᠶᠢᠨ ᠳᠠᠭᠠᠤ ᠡᠷᠡᠬᠡᠢ ᠭᠤᠵᠦ᠋ᠢᠯᠭᠠᠯ᠎ᠠ᠃  ᠴᠧᠨ ᠨᠢᠩᠪᠦ ᠶᠢᠨ ᠬᠡᠯᠡᠭᠰᠡᠨ ᠠᠷᠭ᠎ᠠ ᠪᠤᠯ ᠲᠠᠷᠤᠢ ᠰᠠᠯᠬᠢᠨ ᠤ ᠴᠢᠭᠯᠡᠯ ᠤᠨ ᠲᠤᠭ᠎ᠠ ᠪᠠᠷᠢᠮᠳᠠ ᠪᠠᠷ ᠮᠤᠳᠤ ᠲᠠᠷᠢᠬᠤ ᠠᠷᠭ᠎ᠠ ᠪᠤᠯᠤᠨ᠎ᠡ᠃ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠸᠠᠩ ᠯᠢᠨ ᠾᠧ᠂ ᠡᠯᠡᠰᠤᠨ ᠴᠦᠯ ᠤᠨ ᠰᠠᠯᠬᠢᠨ ᠤ ᠴᠢᠭᠯᠡᠯ ᠤᠨ ᠨᠦᠭᠦᠴᠡᠯ ᠤᠨ ᠲᠤᠮᠤ  ᠳ᠋ᠠᠶᠢᠲᠨ ᠶᠢᠨ ᠵᠠᠳᠠᠯᠤᠯᠳᠡ ᠪᠠᠷ᠂ ᠨᠡᠭᠦᠳᠡᠯ ᠡᠯᠡᠰᠤᠨ ᠲᠤᠪᠤᠴᠠᠬ ᠤᠨ ᠰᠠᠯᠬᠢ ᠡᠰᠡᠷᠭᠦ ᠭᠦᠳᠦᠯ ᠤᠨ 3/4 ᠠᠴᠠ ᠲᠤᠷᠤᠭᠰᠢ ᠭᠠᠵᠠᠷ ᠲᠤ᠂ ᠲᠤᠷᠤᠭ ᠮᠤᠳᠤ᠂ ᠪᠤᠳᠡ ᠮᠤᠳᠤ᠂ ᠡᠪᠡᠰᠤ ᠶᠢ ᠰᠢᠨᠵᠢᠯᠡᠭᠦ ᠤᠬᠠᠭᠠᠨᠴᠢ ᠪᠠᠷ ᠵᠤᠬᠢᠴᠠᠭᠤᠯᠤᠨ ᠲᠠᠷᠢᠬᠤ ᠪᠠᠷ ᠲᠡᠮᠵᠢᠵᠤ᠂ ᠡᠯᠡᠰᠤᠨ ᠲᠤᠪᠤᠴᠠᠬ ᠤᠨ ᠲᠤᠤᠷ᠎ᠠ ᠲᠠᠯ᠎ᠡ ᠪᠠᠷ ᠰᠠᠯᠬᠢ ᠶᠢ ᠬᠠᠯᠬᠠᠯᠠᠵᠤ᠂ ᠰᠠᠯᠬᠢᠨ ᠤ ᠭᠦᠴᠤ ᠶᠢ ᠠᠰᠢᠬᠯᠠᠵᠤ ᠦᠢᠵᠢᠭᠤᠯᠤᠭ᠎ᠠ ᠦᠭᠡᠢ ᠡᠯᠡᠰᠤᠨ ᠲᠤᠪᠤᠴᠠᠬ ᠤᠨ ᠲᠡᠭᠡᠷ᠎ᠡ ᠲᠠᠯ᠎ᠡ ᠶᠢ ᠲᠡᠭᠰᠢᠯᠡᠵᠤ᠂ ︽ᠰᠠᠯᠬᠢᠯᠠᠬᠤ᠂ ᠮᠤᠳᠤ ᠪᠠᠷ ᠬᠠᠯᠬᠠᠯᠠᠬᠤ᠂ ᠡᠯᠡᠰᠤ ᠶᠢ ᠲᠤᠷᠤᠬᠰᠢᠯᠠᠭᠤᠯᠬᠤ︾ ᠶᠠᠪᠤᠴᠠ ᠪᠠᠷ ᠲᠠᠮᠵᠢᠭᠤᠯᠤᠨ ᠡᠯᠡᠰᠤᠨ ᠲᠤᠪᠤᠴᠠᠬ ᠢ ᠲᠡᠭᠰᠢᠯᠡᠭᠦ ᠵᠤᠷᠢᠯᠳᠡ ᠳᠠᠭᠠᠨ ᠭᠦᠷᠳᠡᠭ᠃ 2009 ᠤᠨ ᠠᠴᠠ ᠤᠳᠤ ᠪᠤᠯᠳᠡᠯ᠎ᠡ᠂ ᠢ ᠯᠢ ᠪᠦᠯᠦᠭᠯᠡᠯ ᠤᠨ ᠬᠢᠨ ᠡᠨᠡ ᠭᠦ ᠠᠷᠭ᠎ᠠ ᠶᠢ ᠠᠰᠢᠬᠯᠠᠨ ᠤᠢᠢᠵᠢᠭᠤᠯᠤᠬᠰᠠᠨ ᠲᠡᠯᠡᠪᠡᠢ ᠨᠢ 30 ᠭᠠᠷᠤᠢ ᠲᠦᠮᠡᠡ ᠮᠦ ᠳᠤ ᠭᠦᠷᠴᠠᠢ ᠭᠡᠵᠤ ᠲᠠᠨᠢᠯᠴᠠᠭᠤᠯᠪᠡ᠃ ᠴᠦᠬᠦᠷᠡᠰᠢ ᠦᠭᠡᠢ ᠪᠠᠷ ᠡᠯᠡᠰᠤ ᠶᠢ ᠵᠠᠰᠠᠵᠤ᠂ ᠵᠤᠭᠰᠤᠰᠢ ᠦᠭᠡᠢ ᠪᠠᠷ ᠰᠢᠨ᠎ᠡ ᠶᠢ ᠡᠭᠦᠳᠤᠨ᠎ᠡ᠃ ᠭᠦᠪᠴᠢ ᠶᠢᠨ ᠡᠯᠡᠰᠤ ᠶᠢᠨ ᠵᠠᠰᠠᠯᠳᠡ ᠶᠢᠨ ᠤᠷᠳᠤ ᠬᠤᠭᠤᠴᠠᠭᠠᠨ ᠤ ᠦᠢᠯᠡᠳᠦᠯᠭᠡ ᠶᠢᠨ ᠶᠠᠪᠤᠴᠠ ᠳᠤ᠂ ᠢ ᠯᠢ ᠪᠦᠯᠦᠭᠯᠡᠯ ᠢᠶᠠᠷ ᠲᠦᠯᠦᠭᠡᠯᠡᠭᠴᠢ ᠪᠤᠯᠤᠬᠰᠡᠨ ᠡᠯᠡᠰᠤ ᠶᠢ ᠵᠠᠰᠠᠬᠤ ᠲᠠᠭᠠᠭᠤᠯᠤᠭᠴᠢ ᠠᠵᠤ ᠠᠬᠤᠢᠢᠯᠡᠯ᠂ ᠪᠡᠰᠡ ᠤᠯᠠᠨ ᠠᠷᠭ᠎ᠠ ᠮᠡᠷᠭᠡᠵᠢᠯ ᠢ ᠰᠦᠪᠡᠭᠴᠢᠯᠡᠵᠤ ᠰᠢᠨ᠎ᠡ ᠶᠢ ᠡᠭᠦᠳᠪᠡ᠂ ᠭᠠᠰᠢᠭᠤᠨ ᠱᠤᠷᠪᠤᠭ ᠤᠰᠤ ᠶᠢ ᠵᠠᠰᠠᠬᠤ ᠪᠡ ᠶᠡᠷᠦᠩᠬᠡᠶᠢᠯᠡᠨ ᠠᠰᠢᠬᠯᠠᠬᠤ᠂ ᠨᠢᠰᠭᠡᠯ ᠢᠶᠠᠷ ᠲᠠᠷᠢᠬᠤ ᠪᠡ ᠬᠦᠮᠦᠨ ᠦᠭᠡᠢ ᠨᠢᠰᠭᠡᠯ ᠢᠶᠠᠷ ᠡᠯᠡᠰᠤᠷᠬᠡᠭᠵᠢᠯ ᠢ ᠵᠠᠰᠠᠬᠤ᠂ ᠭᠦᠷᠦᠰᠤ ᠰᠢᠷᠤᠢ ᠶᠢ ᠰᠢᠮᠡᠯᠢᠭᠵᠢᠭᠦᠯᠤᠨ ᠰᠡᠷᠬᠦᠭᠡᠬᠦ᠂ ᠭᠡᠷᠡᠯ ᠴᠡᠨᠡᠭ ᠢᠶᠠᠷ ᠤᠰᠤ ᠲᠠᠳᠡᠨ ᠤᠰᠤᠯᠠᠬᠤ ᠁  ᠠᠯᠢ ᠤᠯᠠᠨ ᠦᠷ᠎ᠠ ᠪᠦᠳᠦᠭᠡᠯ ᠢ ᠲᠡᠯᠭᠡᠷᠡᠭᠦᠯᠦᠨ ᠭᠡᠷᠡᠭᠯᠡᠵᠤ ᠂ ᠡᠯᠡᠰᠤᠨ ᠴᠦᠯ ᠨᠤᠭᠤᠭᠠᠷᠠᠵᠤ᠂ ᠠᠵᠤ ᠠᠬᠤᠢᠢᠯᠡᠯ ᠠᠰᠢᠭ ᠤᠯᠵᠤ᠂ ᠮᠠᠯᠴᠢᠨ ᠲᠠᠷᠢᠶᠠᠴᠢᠨ ᠠᠰᠢᠭ ᠭᠦᠷᠳᠡᠵᠡᠢ᠃      ᠡᠯᠡᠰᠤᠨ ᠤ ᠵᠠᠰᠠᠯᠳᠡ ᠳᠤ ᠶᠠᠮᠠᠷ ᠮᠤᠳᠤᠨ ᠤ ᠡᠬᠦᠯᠳᠡᠷ ᠢ ᠰᠤᠩᠭᠤᠨ ᠭᠡᠷᠡᠭᠯᠡᠪᠡᠯ ᠵᠤᠬᠢᠰᠳᠠᠢ ᠪᠤᠢ︖ ᠲᠤᠮᠳᠠᠳᠤ ᠤᠯᠤᠰ ᠤᠨ ᠤᠢ ᠰᠢᠭᠤᠢ ᠶᠢᠨ ᠰᠢᠨᠵᠢᠯᠡᠭᠦ ᠤᠬᠠᠭᠠᠨ ᠤ ᠭᠦᠷᠢᠶᠡᠯᠡᠩ ᠤᠨ ᠡᠯᠡᠰᠤᠷᠭᠡᠭᠵᠢᠯ ᠢ ᠰᠡᠷᠭᠡᠶᠢᠯᠡᠵᠤ ᠵᠠᠰᠠᠬᠤ ᠲᠡᠷᠢᠭᠦᠨ ᠲᠤᠰᠬᠠᠢ ᠮᠡᠷᠭᠡᠵᠢᠯᠳᠡᠨ ᠶᠠᠩ ᠸᠧᠨ ᠪᠢᠨ᠄ ︽ᠡᠯᠡᠰᠤᠷᠭᠡᠭᠵᠢᠯ ᠢ ᠵᠠᠰᠠᠬᠤ ᠳᠤ ᠲᠤᠬᠢᠷᠠᠮᠵᠢᠳᠠᠢ ᠭᠠᠵᠠᠷ ᠲᠤ ᠲᠤᠬᠢᠷᠠᠮᠵᠢᠳᠠᠢ ᠮᠤᠳᠤ ᠲᠠᠷᠢᠬᠤ ᠵᠠᠷᠴᠢᠮ ᠢ ᠭᠡᠷᠡᠭᠯᠡᠵᠤ᠂ ᠲᠤᠤᠷ᠎ᠠ ᠨᠢᠭᠳᠠᠴᠡ ᠪᠠᠷ ᠪᠦᠷᠭᠦᠬᠦᠯᠵᠤ ᠡᠯᠡᠰᠤ ᠶᠢ ᠵᠠᠰᠠᠨ᠎ᠡ᠂ ᠴᠢᠳᠠᠬᠤ ᠶᠢᠨ ᠬᠢᠷᠢ ᠪᠠᠷ ᠨᠤᠳᠤᠭ ᠤᠨ ᠮᠤᠳᠤᠨ ᠤ ᠲᠦᠷᠦᠯ ᠵᠦᠢᠯ ᠢ ᠰᠤᠩᠭᠤᠵᠤ᠂ ᠲᠤᠷᠤᠭ ᠮᠤᠳᠤ᠂ ᠪᠤᠳᠡ ᠮᠤᠳᠤ᠂ ᠡᠪᠡᠰᠤ ᠶᠢ ᠤᠶᠠᠯᠳᠤᠭᠤᠯᠵᠤ᠂ ᠤᠷᠭᠤᠮᠡᠯ ᠤᠨ ᠪᠦᠷᠬᠦᠴᠡ ᠶᠢᠨ ᠤᠯᠠᠨ ᠶᠠᠩᠵᠤᠳᠤ ᠴᠢᠨᠠᠷ ᠢ ᠨᠡᠮᠡᠭᠳᠡᠭᠦᠯᠵᠤ᠂ ᠡᠯᠡᠰᠤ ᠶᠢ ᠲᠤᠭᠳᠠᠭᠠᠬᠤ ᠦᠷ᠎ᠠ ᠪᠦᠳᠦᠮᠵᠢ ᠶᠢ ᠲᠡᠭᠡᠭᠰᠢᠯᠡᠭᠦᠯᠵᠤ᠂ ᠭᠠᠵᠠᠷ ᠤᠷᠤᠨ ᠤ ᠪᠠᠶᠢᠳᠡᠯ ᠳᠤᠨᠢ ᠲᠤᠬᠢᠷᠠᠭᠤᠯᠤᠨ᠂ ᠲᠤᠷᠤᠭ ᠮᠤᠳᠤ ᠲᠠᠷᠢᠪᠠᠯ ᠵᠤᠬᠢᠬᠤ ᠳᠤᠨᠢ ᠲᠤᠷᠤᠭ ᠮᠤᠳᠤ ᠲᠠᠷᠢᠵᠤ᠂ ᠪᠤᠳᠡ ᠮᠤᠳᠤ ᠲᠠᠷᠢᠪᠠᠯ ᠵᠤᠬᠢᠬᠤ ᠳᠤᠨᠢ ᠪᠤᠳᠡ ᠮᠤᠳᠤ ᠲᠠᠷᠢᠵᠤ᠂ ᠠᠳᠠᠷᠰᠢᠭᠤᠯᠪᠠᠯ ᠵᠤᠬᠢᠬᠤ ᠶᠢ ᠨᠢ ᠠᠳᠠᠷᠰᠢᠭᠤᠯᠤᠨ᠎ᠠ︾ ᠭᠡᠪᠡ᠃ ᠡᠨᠡᠭᠦ ᠵᠠᠷᠴᠢᠮ ᠤᠨ ᠶᠤᠰᠤᠭᠠᠷ᠂ ᠢ ᠯᠢ ᠪᠦᠯᠦᠭᠯᠡᠯ ᠤᠨ ᠬᠢᠨ ᠮᠠᠨ ᠤ ᠤᠯᠤᠰ ᠤᠨ ᠪᠠᠷᠠᠭᠤᠨ ᠤᠷᠤᠨ ᠤ ᠬᠠᠮᠤᠭ ᠤᠨ ᠶᠡᠭᠡ ᠡᠯᠡᠰᠤᠨ ᠳᠤ ᠤᠷᠭᠤᠬᠤ ᠪᠤᠳᠡ ᠮᠤᠳᠤ ᠵᠢᠴᠢ ᠬᠤᠪᠤᠷ ᠦᠨᠡᠳᠤ ᠤᠰᠠᠳᠬᠤ ᠰᠢᠬᠠᠬᠰᠡᠨ ᠤᠷᠭᠤᠮᠡᠯ ᠤᠨ ᠦᠷ᠎ᠠ ᠶᠢᠨ ᠡᠬᠢ ᠪᠠᠶᠠᠯᠢᠭ ᠤᠨ ᠬᠦᠮᠦᠷᠭᠡ ᠶᠢ ᠪᠠᠶᠢᠭᠤᠯᠵᠤ᠂ ᠡᠯᠡᠰᠤ ᠶᠢ ᠵᠠᠰᠠᠬᠤ ᠦᠷ᠎ᠠ ᠪᠦᠳᠦᠭᠡᠯ ᠢ ᠦᠷᠭᠡᠳᠭᠡᠭᠦ ᠳᠤ ᠪᠡᠳᠤ ᠰᠠᠭᠤᠷᠢ ᠶᠢ ᠲᠠᠯᠪᠢᠵᠡᠢ᠃          ᠰᠢᠨᠵᠢᠯᠡᠭᠦ ᠤᠬᠠᠭᠠᠨᠴᠢ ᠪᠠᠷ ᠡᠯᠡᠰᠤ ᠶᠢ ᠵᠠᠰᠠᠬᠤ ᠦᠢᠯᠠᠭᠠᠬᠳᠠᠬᠤᠨ᠂ ᠲᠦᠯᠦᠪᠵᠢᠭᠦᠯᠭᠡ᠂ ᠠᠷᠭ᠎ᠠ ᠪᠤᠯᠤᠨ ᠮᠡᠷᠭᠡᠵᠢᠯ ᠤᠨ ᠦᠷ᠎ᠠ ᠪᠦᠳᠦᠭᠡᠯ ᠨᠢ ᠭᠦᠪᠴᠢ ᠶᠢᠨ ᠡᠯᠡᠰᠤᠨ ᠤ ᠡᠯᠡᠰᠦᠷᠭᠡᠭᠵᠢᠯ ᠢ ᠰᠡᠷᠭᠡᠶᠢᠯᠡᠵᠤ ᠵᠠᠰᠠᠬᠤ ᠦᠷ᠎ᠠ ᠠᠰᠢᠬ ᠪᠤᠯᠤᠨ ᠶᠠᠰᠤ ᠴᠢᠨᠠᠷ ᠢ ᠲᠦᠢᠯ ᠤᠨ ᠶᠡᠭᠡ ᠪᠠᠷ ᠲᠡᠭᠡᠭᠰᠢᠯᠡᠭᠦᠯᠵᠤ᠂ ᠦᠪᠡᠷ ᠤᠨ ᠦᠷᠳᠡᠭ ᠢ ᠶᠡᠭᠡ ᠪᠠᠷ ᠲᠤᠷᠤᠭᠰᠢᠯᠠᠭᠤᠯᠵᠤ᠂ ᠲᠠᠷᠠᠬᠠᠢ ᠵᠠᠰᠠᠯᠳᠡ ᠠᠴᠠ ᠨᠢᠭᠡᠳᠦᠯᠳᠡᠢ ᠲᠦᠯᠦᠪᠵᠢᠭᠦᠯᠭᠦ᠂ ᠤᠯᠠᠮᠵᠢᠯᠠᠯᠳᠤ ᠠᠷᠭ᠎ᠠ ᠠᠴᠠ ᠠᠵᠤ ᠦᠢᠯᠡᠳᠪᠦᠷᠢᠵᠢᠯᠳᠡ ᠶᠢᠨ ᠵᠠᠰᠠᠯᠳᠡ ᠭᠦᠷᠭᠦ ᠬᠤᠪᠢᠷᠠᠯᠳᠡ ᠶᠢ ᠪᠡᠶᠡᠯᠡᠭᠦᠯᠵᠤ᠂ ᠤᠯᠤᠰ ᠤᠨ ᠲᠤᠳᠤᠭᠠᠳᠤ ᠶᠢᠨ ᠪᠤᠰᠤᠳ ᠭᠠᠵᠠᠷ ᠤᠷᠤᠨ ᠤ ᠠᠮᠢ ᠠᠬᠤᠢ ᠶᠢᠨ ᠵᠠᠰᠡᠯᠳᠡ ᠪᠡ ᠪᠦᠭᠦ ᠪᠦᠮᠪᠦᠷᠴᠡᠭ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠳᠤ ᠪᠦᠷᠢᠨ ᠲᠦᠭᠦᠷ ᠰᠢᠨᠵᠢᠯᠡᠭᠦ ᠤᠬᠠᠭᠠᠨᠴᠢ ᠪᠠᠷ ᠰᠢᠢᠳᠪᠦᠷᠢᠯᠡᠭᠦ ᠲᠦᠰᠦᠯ ᠢ ᠬᠠᠩᠭᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号