ᠪᠦᠬᠦ ᠬᠤᠰᠢᠭᠤᠨ ᠤ 2018 ᠤᠨ ᠤ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-08-10
      8 ᠰᠠᠷ᠎ᠠ ᠶᠢᠨ 8 ᠤ ᠡᠳᠤᠷ᠂ ᠮᠠᠨ ᠤ ᠬᠤᠰᠢᠭᠤᠨ ᠤ 2018 ᠤᠨ ᠤ ᠴᠡᠷᠢᠭ ᠡᠯᠰᠡᠬᠦ ᠠᠵᠢᠯ ᠤᠨ ᠬᠤᠷᠠᠯ ᠬᠤᠰᠢᠭᠤ ᠵᠡᠪᠰᠡᠭᠲᠦ ᠬᠦᠴᠦᠨ ᠤ ᠭᠡᠯᠲᠡᠰ ᠲᠤ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠴᠡᠷᠢᠭ ᠡᠯᠰᠡᠬᠦ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠳᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠡᠪᠰᠡᠭᠲᠦ ᠬᠦᠴᠦᠨ ᠤ ᠭᠡᠯᠲᠡᠰ ᠤᠨ ᠤᠯᠤᠰ ᠲᠦᠷᠦ ᠶᠢᠨ ᠭᠡᠰᠢᠭᠦᠨ ᠵᠠᠩ ᠱᠤ᠋ ᠰᠢᠤᠸᠠᠨ᠂ ᠬᠤᠰᠢᠭᠤ ᠵᠡᠪᠰᠡᠭᠲᠦ ᠬᠦᠴᠦᠨ ᠤ ᠭᠡᠯᠲᠡᠰ ᠤᠨ ᠳᠠᠷᠤᠭ᠎ᠠ ᠬᠤᠸᠠᠩ ᠳ᠋ᠠᠨ᠂ ᠬᠤᠰᠢᠭᠤ ᠵᠡᠪᠰᠡᠭᠲᠦ ᠬᠦᠴᠦᠨ ᠤ ᠭᠡᠯᠲᠡᠰ ᠤᠨ ᠳᠡᠳ᠋ ᠳᠠᠷᠤᠭ᠎ᠠ ᠭᠧᠩ ᠴᠦᠨ ᠹᠧᠩ᠂ ᠬᠤᠰᠢᠭᠤ ᠴᠡᠷᠢᠭ ᠡᠯᠰᠡᠬᠦ ᠠᠵᠢᠯ ᠤᠨ ᠤᠳᠤᠷᠢᠳᠬᠤ ᠪᠠᠭ᠎ᠠ ᠤᠨ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂ ᠬᠤᠸᠠᠩ ᠳ᠋ᠠᠨ ᠠᠴᠠ ᠳᠡᠭᠡᠲᠦ ᠱᠠᠲᠤᠨ ᠤ ᠴᠡᠷᠢᠭ ᠡᠯᠰᠡᠬᠦ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠵᠠᠩ ᠱᠤ᠋ ᠰᠢᠤᠸᠠᠨ ᠠᠴᠠ 2017 ᠤᠨ ᠤ ᠪᠦᠬᠦ ᠬᠤᠰᠢᠭᠤᠨ ᠤ ᠴᠡᠷᠢᠭ ᠡᠯᠰᠡᠭᠰᠡᠨ ᠠᠵᠢᠯ ᠳᠤ ᠳ᠋ᠦᠩᠨᠡᠯᠲᠡ ᠬᠢᠵᠤ᠂ 2018 ᠤᠨ ᠤ ᠴᠡᠷᠢᠭ ᠡᠯᠰᠡᠬᠦ ᠠᠵᠢᠯ ᠳᠤ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠪᠡ᠃      ᠴᠢᠶᠤᠤ ᠠᠢ ᠫᠢᠩ ᠴᠢᠬᠤᠯᠠᠴᠢᠯᠠᠬᠤ ᠳᠤ ᠪᠠᠨ᠂ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠤ ᠴᠡᠷᠢᠭ ᠡᠯᠰᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠦ ᠰᠡᠳᠬᠢᠯᠭᠡ ᠪᠤᠯᠤᠨ ᠡᠭᠦᠷᠭᠡ ᠲᠤᠰᠢᠶᠠᠯᠲᠦ ᠰᠡᠳᠬᠢᠯᠭᠡ  ᠪᠠᠨ ᠲᠡᠭᠡᠭᠰᠢᠯᠡᠭᠦᠯᠬᠦ ᠬᠡᠷᠡᠭᠲᠡᠢ᠃ ᠡᠯ᠎ᠡ ᠵᠠᠩᠬᠢᠯᠠᠭ᠎ᠠ ᠶᠢᠨ ᠭᠤᠭᠴᠤᠭ᠎ᠠ ᠶᠢ ᠠᠳᠬᠤᠵᠤ᠂ ᠰᠢᠨ᠎ᠡ ᠴᠡᠷᠢᠭ ᠡᠯᠰᠡᠬᠦ ᠴᠢᠨᠠᠷ ᠢ ᠪᠠᠲᠤᠯᠠᠬᠤ ᠬᠡᠷᠡᠭᠲᠡᠢ᠃ ᠤᠬᠠᠭᠤᠯᠭ᠎ᠠ ᠳᠠᠶᠢᠴᠢᠯᠠᠯᠲᠠ ᠪᠠᠨ ᠴᠢᠩᠭᠠᠳᠬᠠᠵᠤ᠂ ᠴᠡᠷᠢᠭ ᠡᠯᠰᠡᠬᠦ ᠳᠤᠬᠠᠢ ᠬᠠᠤᠯᠢ ᠳᠦᠷᠢᠮ ᠲᠦᠷᠦ ᠶᠢᠨ ᠪᠤᠳᠤᠯᠭ᠎ᠠ ᠶᠢ ᠰᠠᠶᠢᠲᠤᠷ ᠤᠬᠠᠭᠤᠯᠬᠤ ᠬᠡᠷᠡᠭᠲᠡᠢ᠃ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠡᠷᠢᠭ ᠡᠯᠰᠡᠬᠦ ᠡᠯ᠎ᠡ ᠲᠠᠯ᠎ᠠ ᠶᠢᠨ ᠠᠵᠢᠯ ᠢ ᠦᠨᠳᠦᠷ ᠪᠠᠷᠢᠮᠵᠢᠶ᠎ᠠ ᠲᠠᠢ ᠪᠠᠷ ᠲᠤᠤᠱᠯᠠᠭᠤᠯᠬᠤ ᠬᠡᠷᠡᠭᠲᠡᠢ ᠬᠡᠪᠡ᠃      ᠴᠢᠶᠤᠤ ᠠᠢ ᠫᠢᠩ ᠵᠢᠭᠠᠬᠤ ᠳᠤ ᠪᠠᠨ᠂ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠦᠮ ᠨᠢᠭᠡᠨᠳᠡ ᠰᠢᠨ᠎ᠡ ᠴᠠᠭ ᠦᠶ᠎ᠡ ᠳᠤ ᠤᠷᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠬᠢ ᠶᠢᠨ ᠪᠠᠶᠢᠭᠤᠯᠤᠯᠲᠠ ᠶᠠᠭ ᠰᠠᠶᠢᠬᠠᠨ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠤᠭᠰᠤᠵᠤ ᠪᠤᠢ᠃ ᠰᠢ ᠶᠢᠨ ᠫᠢᠩ ᠶᠡᠷᠦᠩᠬᠡᠢ ᠱᠦᠵᠢ ᠮᠠᠨ ᠤ ᠤᠯᠤᠰ ᠤᠨ ᠳᠡᠯᠡᠭᠡᠢ ᠳᠡᠭᠡᠷᠡᠬᠢ ᠪᠠᠶᠢᠷᠢ ᠰᠠᠭᠤᠷᠢ ᠲᠠᠢ ᠵᠤᠬᠢᠴᠠᠭᠰᠠᠨ ᠤᠯᠤᠰ ᠤᠨ ᠠᠮᠤᠷ ᠳᠦᠪᠰᠢᠨ ᠪᠤᠯᠤᠨ ᠬᠦᠭᠵᠢᠯᠲᠡ ᠶᠢᠨ ᠠᠰᠢᠭ ᠲᠤᠰᠠ ᠲᠠᠢ ᠬᠠᠷᠢᠯᠴᠠᠨ ᠵᠤᠬᠢᠴᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠪᠠ ᠬᠦᠴᠦᠷᠭᠡᠭ ᠶᠡᠭᠡ ᠴᠡᠷᠢᠭ ᠠᠩᠬᠢ ᠶᠢ ᠪᠠᠶᠢᠭᠤᠯᠬᠤ ᠨᠢ ᠮᠠᠨ ᠤ ᠤᠯᠤᠰ ᠤᠨ ᠨᠡᠶᠢᠬᠡᠮ ᠵᠢᠷᠦᠮ ᠤᠨ ᠤᠲᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠪᠤᠯᠬᠤ ᠶᠤᠮ ᠭᠡᠵᠤ ᠵᠢᠭᠠᠵᠤ ᠭᠠᠷᠭᠠᠪᠠ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠡᠷᠬᠡᠪᠰᠢ ᠤᠯᠤᠰ ᠤᠨ ᠤᠯᠤᠰ ᠲᠦᠷᠦ ᠶᠢᠨ ᠪᠠᠶᠢᠳᠠᠯ ᠪᠤᠯᠤᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠭᠠᠷᠳᠠᠵᠤ᠂  ᠤᠳᠤᠬᠠᠨ ᠤ ᠴᠡᠷᠢᠭ ᠡᠯᠰᠡᠬᠦ ᠰᠢᠨ᠎ᠡ ᠪᠠᠶᠢᠳᠠᠯ᠂ ᠰᠢᠨ᠎ᠡ ᠡᠭᠦᠷᠬᠡ᠂ ᠰᠢᠨ᠎ᠡ ᠱᠠᠭᠠᠷᠳᠠᠯᠭ᠎ᠠ ᠶᠢ ᠨᠠᠷᠢᠨ ᠲᠠᠨᠢᠵᠤ ᠴᠡᠷᠢᠭ ᠡᠯᠰᠡᠬᠦ ᠠᠵᠢᠯ ᠢ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ ᠬᠦᠢᠴᠡᠳᠬᠡᠬᠦ ᠬᠡᠷᠡᠭᠲᠡᠢ ᠬᠡᠪᠡ᠃      ᠴᠢᠶᠤᠤ ᠠᠢ ᠫᠢᠩ ᠴᠢᠬᠤᠯᠠᠴᠢᠯᠠᠬᠤ ᠳᠤ ᠪᠠᠨ᠂ ᠴᠡᠷᠢᠭ ᠡᠯᠰᠡᠬᠦ ᠠᠵᠢᠯ ᠪᠤᠯ ᠡᠯ᠎ᠡ ᠱᠠᠲᠤᠨ ᠤ ᠵᠠᠰᠠᠭ ᠤᠨ ᠤᠷᠳᠤᠨ ᠤ ᠴᠢᠬᠤᠯᠠ ᠡᠭᠦᠷᠭᠡ ᠬᠠᠷᠢᠭᠤᠴᠠᠯᠭ᠎ᠠ ᠪᠤᠯᠬᠤ ᠶᠤᠮ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠬᠢ ᠶᠢᠨ ᠪᠠᠶᠢᠭᠤᠯᠤᠯᠲᠠ ᠳᠤ ᠳᠡᠭᠡᠲᠦ ᠬᠡᠮᠵᠢᠶ᠎ᠡ ᠪᠠᠷ ᠬᠠᠷᠢᠭᠤᠴᠠᠬᠤ ᠤᠪᠤᠷ ᠢᠶᠠᠷ ᠦᠢᠯᠡᠴᠢᠯᠡᠭᠡᠨ ᠤ ᠦᠵᠡᠯᠲᠡ ᠶᠢ ᠪᠤᠢ ᠪᠤᠯᠭᠠᠵᠤ᠂ ᠢᠳᠡᠪᠬᠢᠲᠡᠢ  ᠪᠠᠷ ᠠᠵᠢᠯ ᠢ ᠦᠷᠨᠢᠭᠦᠯᠦᠨ ᠦᠨᠳᠦᠷ ᠪᠠᠷᠢᠮᠵᠢᠶ᠎ᠠ ᠲᠠᠢ ᠪᠠᠷ ᠡᠨᠡ ᠵᠢᠯ ᠤᠨ ᠴᠡᠷᠢᠭ ᠡᠯᠰᠡᠬᠦ ᠡᠭᠦᠷᠭᠡ ᠶᠢ ᠪᠡᠶᠡᠯᠡᠬᠦᠯᠬᠦ ᠬᠡᠷᠡᠭᠲᠡᠢ ᠭᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号