ᠰᠢᠷᠬᠤᠰᠤᠨ ᠪᠠᠯᠭᠠᠰᠤ ᠤᠷᠴᠢᠨ ᠲᠤᠭᠤᠷᠢᠨ ᠤ ᠬᠠᠮᠠᠭᠠᠯᠠᠯᠳᠠ ᠳᠤ ᠤᠯᠠᠨ ᠲᠠᠯ᠎ᠠ ᠶᠢᠨ ᠬᠦᠴᠦᠨ ᠢ ᠲᠠᠶᠢᠴᠢᠯᠠᠵᠤ ᠦᠵᠡᠰᠬᠦᠯᠡᠩᠳᠦ ᠰᠠᠶᠢᠬᠠᠨ ᠬᠡᠷ ᠤᠷᠤᠨ ᠢᠶᠠᠨ ᠬᠠᠮᠳᠤᠪᠠᠷ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2018-08-13
     ᠰᠢᠷᠬᠤᠰᠤᠨ ᠪᠠᠯᠭᠠᠰᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠤ ᠠᠬᠤᠶᠢᠯᠠᠯ ᠢ ᠤᠷᠢᠵᠤ ᠪᠦᠬᠦ ᠪᠠᠯᠭᠠᠰᠤᠨ ᠤ ᠪᠠᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠠᠵᠢᠯ ᠢ ᠶᠡᠷᠦᠩᠬᠡᠶᠢᠯᠡᠨ ᠬᠠᠮᠢᠶᠠᠷᠤᠭᠤᠯᠬᠤ ᠶᠢᠨ ᠬᠠᠮᠳᠤ ᠡᠯ᠎ᠡ ᠭᠠᠴᠠᠭ᠎ᠠ ᠲᠤᠰᠬᠤᠨ ᠳᠤ ᠦᠪᠡᠷ ᠦᠪᠡᠷ ᠤᠨ ᠤᠨᠴᠠᠯᠢᠭ ᠲᠠᠭᠠᠨ ᠲᠤᠬᠢᠷᠠᠭᠰᠠᠨ ᠤᠷᠴᠢᠨ ᠲᠤᠭᠤᠷᠢᠨ  ᠤ ᠬᠠᠮᠠᠭᠠᠯᠠᠯᠳᠠ ᠶᠢᠨ ᠠᠷᠭ᠎ᠠ ᠶᠢ ᠬᠡᠷᠡᠭᠵᠢᠭᠦᠯᠵᠤ ᠦᠵᠡᠰᠬᠦᠯᠡᠩᠳᠦ ᠰᠠᠶᠢᠬᠠᠨ ᠬᠡᠷ ᠤᠷᠤᠨ ᠢᠶᠠᠨ ᠬᠠᠮᠳᠤᠪᠠᠷ ᠪᠠᠶᠢᠭᠤᠯᠬᠤ ᠲᠤᠤᠷᠵᠢᠯ ᠢ ᠪᠦᠷᠢᠯᠳᠦᠬᠦᠯᠵᠠᠢ᠃      ᠰᠢᠷᠬᠤᠰᠤᠨ ᠪᠠᠯᠭᠠᠰᠤ ᠡᠨᠡ ᠵᠢᠯ ᠤᠨ 6 ᠳ᠋ᠤᠭᠠᠷ ᠰᠠᠷ᠎ᠠ ᠠᠴᠠ ᠤᠷᠴᠢᠨ ᠲᠤᠭᠤᠷᠢᠨ ᠤ ᠡᠷᠡᠬᠦᠯ ᠬᠠᠮᠠᠭᠠᠯᠠᠯ  ᠢ ᠴᠡᠭᠴᠡᠯᠡᠨ ᠦᠬᠡᠷᠡᠴᠢᠯᠡᠬᠦ ᠶᠡᠭᠡ ᠪᠠᠶᠢᠴᠠᠭᠠᠯᠳᠠ ᠶᠢ ᠡᠬᠢᠯᠡᠬᠦᠯᠵᠡᠢ᠃ ᠡᠬᠦᠨ ᠳᠤ ᠱᠦᠢ ᠴᠢᠩ ᠸᠠᠨ ᠲᠤᠰᠬᠤᠨ ᠲᠤᠰᠬᠤᠨ ᠤ ᠪᠠᠨ ᠲᠦᠷᠢ ᠲᠦᠷᠬᠦ ᠶᠢ ᠬᠤᠪᠢᠷᠠᠭᠤᠯᠬᠤ ᠪᠠᠷ ᠲᠠᠪᠤᠨ ᠡᠷᠦᠬᠡ ᠶᠢ ᠨᠢᠬᠡ ᠲᠤᠭᠤᠶᠢᠯᠠᠩ ᠪᠤᠯᠭᠠᠨ ᠲᠤᠭᠤᠶᠢᠯᠠᠩ ᠤᠨ ᠲᠠᠷᠤᠭ᠎ᠠ ᠰᠤᠩᠭᠤᠵᠤ ᠬᠡᠰᠢᠬᠦᠳ ᠤᠨ ᠢᠶᠠᠨ ᠬᠡᠷ ᠤᠷᠤᠨ ᠤ ᠡᠷᠡᠬᠦᠯ ᠬᠠᠮᠠᠭᠠᠯᠠᠯ ᠢ ᠬᠢᠨᠠᠭᠤᠯᠬᠤ  ᠶᠢᠨ ᠬᠠᠮᠳᠤ ᠡᠯ᠎ᠡ ᠬᠤᠷᠰᠢᠶ᠎ᠠ ᠲᠤᠭᠤᠶᠢᠯᠠᠩ ᠪᠠᠷ ᠨᠢᠬᠡᠴᠢᠯᠡᠵᠦ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠲᠤᠭᠳᠠᠭᠰᠠᠨ ᠬᠤᠭᠤᠴᠠᠭ᠎ᠠ ᠲᠠᠢ ᠦᠷᠨᠢᠭᠦᠯᠦᠨ ᠬᠤᠪᠢ ᠦᠨᠳᠦᠷ ᠲᠤᠨᠢ ᠵᠤᠬᠢᠬᠤ ᠱᠠᠩᠨᠠᠯ ᠤᠯᠭᠤᠭᠰᠠᠨ ᠪᠠᠶᠢᠨ᠎ᠠ᠃      ᠰᠢᠷᠬᠤᠰᠤᠨ ᠪᠠᠯᠭᠠᠰᠤᠨ ᠤ ᠡᠯ᠎ᠡ ᠭᠠᠴᠠᠭ᠎ᠠ ᠲᠤᠰᠬᠤᠨ ᠦᠪᠡᠷ ᠤᠨ ᠤᠨᠴᠠᠯᠢᠭ ᠲᠠᠭᠠᠨ ᠲᠤᠬᠢᠷᠠᠭᠰᠠᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠠᠷᠭ᠎ᠠ ᠬᠡᠮᠵᠢᠶ᠎ᠠ ᠲᠠᠢ ᠮᠦᠷᠳᠡᠬᠡᠨ ᠪᠠᠯᠭᠠᠰᠤᠨ  ᠠᠴᠠ ᠪᠠᠰᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠤ ᠠᠬᠤᠶᠢᠯᠠᠯ ᠢ ᠤᠷᠢᠵᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠶᠡᠷᠦᠩᠬᠡᠶᠢᠯᠡᠭᠰᠡᠨ ᠴᠡᠭᠴᠡᠯᠡᠯᠳᠡ ᠶᠢ ᠬᠠᠷᠢᠭᠤᠴᠠᠭᠤᠯᠤᠭᠰᠠᠨ ᠢᠶᠠᠷ ᠲᠤᠰᠤᠨ ᠵᠠᠮ ᠤᠨ ᠬᠤᠶᠠᠷ ᠬᠠᠵᠠᠭᠤ᠂ ᠨᠡᠬᠦᠳᠡᠯ ᠠᠷᠠᠳ ᠤᠨ ᠲᠤᠭᠤᠷᠢᠭ ᠵᠡᠷᠬᠡ ᠭᠠᠵᠠᠷ ᠲᠠᠬᠢ ᠤᠷᠴᠢᠨ ᠲᠤᠭᠤᠷᠢᠨ ᠤ ᠡᠷᠡᠬᠦᠯ ᠬᠠᠮᠠᠭᠠᠯᠠᠯ᠂ ᠬᠤᠭ ᠨᠤᠪᠰᠢ ᠶᠢᠨ ᠴᠡᠪᠡᠷᠯᠡᠯᠳᠡ ᠪᠦᠳᠦᠮᠵᠢᠳᠡᠢ ᠶᠠᠪᠤᠭᠳᠠᠬᠤ ᠪᠤᠯᠵᠠᠢ᠃ ᠡᠬᠦᠨ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠤ ᠠᠬᠤᠶᠢᠯᠠᠯ ᠤᠷᠴᠢᠨ ᠲᠤᠭᠤᠷᠢᠨ ᠤ ᠬᠠᠮᠠᠭᠠᠯᠠᠯᠳᠠ ᠴᠡᠪᠡᠷᠯᠡᠯᠳᠡ ᠲᠤᠮᠳᠠ ᠲᠤᠬᠠᠢ ᠶᠢᠨ ᠭᠠᠵᠠᠷ ᠤᠨ ᠶᠠᠳᠠᠭᠤ ᠬᠦᠴᠢᠷᠳᠡᠯᠳᠡᠢ ᠬᠦᠮᠦᠨ ᠢ ᠡᠯᠰᠡᠵᠦ ᠬᠡᠷᠡᠭᠯᠡᠬᠦ ᠶᠢ ᠤᠶᠠᠯᠳᠤᠭᠤᠯᠤᠭᠰᠠᠨ ᠢᠶᠠᠷ ᠶᠠᠳᠠᠭᠤ ᠬᠦᠴᠢᠷᠳᠡᠯᠳᠡᠢ ᠡᠷᠦᠬᠡ ᠶᠢᠨ ᠠᠮᠢᠳᠤᠷᠠᠯ ᠢᠶᠠᠨ ᠴᠢᠨᠡᠬᠡᠯᠢᠭᠵᠢᠬᠦᠯᠬᠦ ᠳᠤ ᠪᠠᠳᠤᠯᠠᠭ᠎ᠠ ᠪᠤᠯᠵᠠᠢ᠃      ᠤᠳᠤ ᠪᠤᠯᠬᠤ ᠳᠤ ᠰᠢᠷᠬᠤᠰᠤᠨ ᠪᠠᠯᠭᠠᠰᠤᠨ ᠤ 14 ᠭᠠᠴᠠᠭ᠎ᠠ ᠲᠤᠰᠬᠤᠨ᠂ 1 ᠨᠡᠶᠢᠬᠡᠮ ᠲᠤᠭᠤᠷᠢᠭ ᠤᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠰᠠᠶᠢᠵᠢᠷᠠᠭᠰᠠᠨ ᠮᠦᠷᠳᠡᠬᠡᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠤ ᠠᠬᠤᠶᠢᠯᠠᠯ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠴᠡᠭᠴᠡᠯᠡᠨ ᠬᠠᠮᠢᠶᠠᠷᠤᠭᠰᠠᠨ ᠢᠶᠠᠷ ᠶᠡᠭᠡ ᠬᠡᠮᠵᠢᠶᠠᠨ  ᠤ ᠬᠦᠮᠦᠨ ᠤ ᠬᠦᠴᠦ ᠡᠳ᠋ ᠤᠨ ᠬᠦᠴᠦ ᠶᠢ ᠠᠷᠪᠢᠯᠠᠵᠤ ᠴᠢᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号