︽ᠦᠬᠦᠯ ᠤᠨ ᠲᠠᠯᠠᠢ︾ ᠶᠢ ᠨᠤᠭᠤᠭᠠᠨ ᠪᠦᠷᠢᠳᠤ ᠪᠤᠯᠭᠠᠬᠰᠠᠨ ᠬᠦᠪᠴᠢ ᠶᠢᠨ ᠭᠠᠶᠢᠬᠠᠮᠰᠢᠭ
ᠨᠡᠶᠢᠲᠡᠯᠡᠭᠰᠡᠨ ᠴᠠᠭ᠄
2018-08-13
                — ᠬᠦᠪᠴᠢ ᠶᠢᠨ ᠡᠯᠡᠰᠦ ᠶᠢ ᠵᠠᠰᠠᠭᠰᠠᠨ ᠪᠤᠳᠠᠳᠦ ᠳᠡᠮᠳᠡᠭᠯᠡᠯ ᠭᠤᠷᠪᠠ        ︽ᠬᠦᠪᠴᠢ ᠶᠢᠨ ᠡᠯᠡᠰᠤ ᠶᠢᠨ 30 ᠵᠢᠯ ᠤᠨ ᠵᠠᠰᠠᠯᠳᠠ ᠪᠤᠯ ᠨᠢᠭᠡᠨ ᠭᠠᠶᠢᠬᠠᠮᠰᠢᠭ ᠮᠦᠨ︾ ᠬᠡᠵᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠲᠡᠳ᠋ ᠨᠠᠷᠢᠨ ᠪᠢᠴᠢᠭ ᠤᠨ ᠲᠠᠷᠤᠭ᠎ᠠ᠂ ᠤᠷᠴᠢᠨ ᠲᠤᠭᠤᠷᠢᠨ ᠤ ᠲᠦᠯᠦᠪᠵᠢᠬᠦᠯᠭᠡ ᠶᠢᠨ ᠵᠠᠬᠢᠷᠭ᠎ᠠ ᠶᠢᠨ ᠬᠦᠢᠴᠡᠳᠭᠡᠬᠦ ᠡᠷᠬᠢᠯᠡᠭᠴᠢ ᠠᠶᠢᠯᠢᠺᠧ · ᠰᠦᠸᠧᠷᠬᠠᠢᠢᠮᠦ᠋ ᠬᠦᠪᠴᠢ ᠶᠢᠨ ᠡᠯᠡᠰᠤ ᠶᠢ ᠵᠠᠰᠡᠬᠰᠡᠨ ᠲᠤᠬᠠᠢ ᠦᠨᠳᠦᠷ ᠦᠨᠡᠯᠡᠯᠳᠡ ᠦᠭᠴᠦ ᠪᠠᠶᠢᠪᠡ᠃      ᠬᠦᠮᠦᠨ ᠪᠠ ᠪᠠᠶᠢᠭᠠᠯᠢ ᠪᠤᠯ ᠠᠮᠢ ᠨᠠᠰᠤᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠮᠦᠨ᠂ ᠬᠦᠮᠦᠨ ᠲᠦᠷᠦᠯᠬᠢᠳᠡᠨ ᠡᠷᠬᠡᠪᠰᠢ ᠪᠠᠶᠢᠭᠠᠯᠢ ᠶᠢ ᠬᠦᠨᠳᠦᠳᠬᠡᠨ᠂ ᠪᠠᠶᠢᠭᠠᠯᠢ ᠲᠠᠢ ᠵᠤᠬᠢᠴᠠᠯᠳᠤᠨ᠂ ᠪᠠᠶᠢᠭᠠᠯᠢ ᠶᠢ ᠬᠠᠮᠠᠭᠠᠯᠠᠬᠤ ᠬᠡᠷᠡᠭᠳᠡᠢ᠃ ᠡᠯᠡᠰᠦᠷᠬᠡᠭᠵᠢᠯ ᠢ ᠰᠡᠷᠬᠡᠶᠢᠯᠡᠨ ᠵᠠᠰᠠᠬᠤ ᠳᠤ ᠵᠦᠪᠬᠡᠨ ᠢᠳᠡᠬᠡᠯ ᠵᠢᠳᠬᠦᠯ ᠪᠠᠶᠢᠭᠠᠳ ᠪᠤᠯᠬᠤ ᠪᠢᠰᠢ ᠬᠠᠷᠢᠨ ᠵᠠᠰᠠᠭ ᠤᠨ ᠤᠷᠳᠤᠨ᠂ ᠠᠵᠤ ᠠᠬᠤᠢᠢᠯᠠᠯ᠂ ᠨᠡᠶᠢᠬᠡᠮ ᠤᠨ ᠡᠯ᠎ᠡ ᠡᠳᠡᠬᠡᠳ ᠤᠨ ᠬᠢᠨ ᠤ ᠰᠡᠳᠬᠢᠯ ᠨᠢᠬᠡᠳᠤᠯ ᠤᠨ ᠰᠠᠭᠤᠷᠢᠨ ᠲᠡᠬᠡᠷ᠎ᠡ᠂ ᠪᠠᠶᠢᠭᠠᠯᠢ ᠶᠢᠨ ᠵᠢᠮ᠎ᠡ ᠶᠤᠰᠤ ᠶᠢ  ᠬᠦᠨᠳᠦᠳᠬᠡᠨ᠂ ᠰᠢᠨᠵᠢᠯᠡᠬᠦ ᠤᠬᠠᠭᠠᠨᠴᠢ ᠪᠠᠷ ᠵᠠᠰᠠᠬᠤ ᠤᠬᠠᠭᠠᠨ ᠱᠠᠭᠠᠷᠳᠠᠬᠳᠠᠨ᠎ᠡ᠃ ᠡᠨᠡ ᠦᠢᠯᠡᠳᠤᠯᠬᠡ ᠶᠢ ᠬᠦᠪᠴᠢ ᠶᠢᠨ ᠡᠯᠡᠰᠤ ᠶᠢᠨ ᠠᠷᠠᠳ ᠲᠦᠮᠡᠨ ᠬᠠᠶᠢᠨ ᠰᠦᠪᠡᠭᠴᠢᠯᠡᠨ᠂ ᠬᠢᠵᠤ ᠪᠦᠳᠦᠬᠡᠵᠤ᠂ ᠲᠡᠯᠡᠬᠡᠢ ᠶᠢᠨ ︽ᠨᠤᠭᠤᠭᠠᠨ︾ ᠭᠠᠶᠢᠬᠠᠮᠰᠢᠭ ᠢ ᠡᠬᠦᠳᠪᠡ᠃       ᠪᠠᠷᠢᠮᠳᠠᠯᠠᠯ —      ᠳ᠋ᠠᠩ ᠭᠠᠭᠴᠡ ᠪᠠᠷ ᠢᠶᠠᠨ ᠡᠯᠡᠰᠤᠷᠭᠡᠭᠵᠢᠯ ᠢ ᠵᠠᠰᠠᠵᠤ ᠪᠠᠶᠢᠬᠰᠠᠨ ᠠᠴᠠ ᠨᠢᠬᠡᠳᠤᠯᠳᠠᠢ ᠲᠦᠯᠤᠪᠵᠢᠬᠦᠯᠬᠦ ᠪᠤᠯᠳᠠᠯ᠎ᠠ      ᠤᠯᠠᠮᠵᠢᠯᠠᠯᠲᠦ ᠠᠷᠭ᠎ᠠ ᠪᠠᠷ ᠡᠯᠡᠰᠦᠷᠬᠡᠭᠵᠢᠯ ᠢ ᠵᠠᠰᠠᠬᠤ ᠨᠢ ᠬᠡᠪᠴᠢᠶ᠎ᠡ ᠪᠠᠷ ᠪᠠᠭ᠎ᠠ᠂ ᠬᠦᠴᠦᠨ ᠨᠢ ᠰᠤᠯᠡ᠂ ᠦᠷ᠎ᠡ ᠪᠦᠲᠦᠮᠵᠢ ᠨᠢ ᠤᠳᠠᠭᠠᠨ ᠪᠠᠶᠢᠲᠠᠭ᠂ ᠬᠦᠪᠴᠢ ᠶᠢᠨ ᠡᠯᠡᠰᠦ ᠶᠢᠨ ᠵᠠᠰᠠᠯᠲᠠ ᠨᠢ ᠦᠡᠭᠭᠡᠷᠡᠭᠰᠡᠨ ᠤ ᠨᠢᠭᠡ ᠬᠡᠰᠡᠭ ᠬᠤᠭᠤᠴᠠᠭᠠᠨ ᠤ ︽ᠮᠠᠭᠤᠳᠠᠬᠤ — ᠵᠠᠰᠠᠬᠤ — ᠳᠠᠬᠢᠨ ᠮᠠᠭᠤᠳᠠᠬᠤ — ᠳᠠᠬᠢᠨ ᠵᠠᠰᠠᠬᠤ︾ ᠬᠡᠴᠡᠭᠦᠦ ᠤᠷᠴᠢᠯ ᠠᠴᠠ ᠮᠤᠯᠳᠤᠷᠠᠵᠤ ᠴᠢᠳᠠᠭᠰᠨᠨ ᠨᠢ ᠨᠠᠮ ᠵᠠᠰᠠᠬ ᠤᠨ ᠤᠳᠤᠷᠢᠳᠤᠯᠭ᠎ᠠ ᠶᠢ ᠴᠢᠩᠭᠠᠳᠬᠠᠵᠦ᠂ ᠡᠯ᠎ᠠ ᠳᠠᠯ᠎ᠠ ᠶᠢᠨ ᠢᠳᠡᠪᠬᠢᠵᠢᠯ ᠢ ᠬᠦᠢᠴᠡᠳ ᠪᠠᠳᠠᠷᠠᠭᠤᠯᠵᠦ᠂ ᠪᠦᠬᠦ ᠨᠡᠶᠢᠭᠡᠮ ᠤᠨ ᠬᠦᠴᠦᠨ ᠴᠢᠳᠠᠯ ᠢ ᠨᠢᠬᠳᠠᠷᠠᠭᠤᠯᠤᠨ ᠳᠦᠪᠯᠡᠷᠡᠬᠦᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠰᠠᠨ ᠤ ᠦᠷ᠎ᠡ ᠳ᠋ᠦᠩ ᠮᠦᠨ ᠬᠡᠳᠡᠭ ᠢ ᠦᠢᠯᠡᠳᠤᠯᠬᠡ ᠬᠡᠷᠡᠴᠢᠯᠡᠪᠡ᠃
     30 ᠵᠢᠯ ᠤᠨ ᠡᠮᠤᠨ᠎ᠡ ᠬᠦᠮᠦᠰ ᠨᠤᠳᠤᠭ ᠢᠶᠠᠨ ᠭᠤᠯᠤᠵᠤ᠂ ᠨᠤᠳᠤᠭ ᠠᠴᠠ ᠪᠠᠨ ᠰᠠᠯᠵᠤ ᠪᠠᠶᠢᠬᠰᠡᠨ ᠪᠤᠯ 30 ᠵᠢᠯ ᠤᠨ ᠲᠠᠷᠠᠭ᠎ᠠ ᠨᠤᠳᠤᠭ ᠵᠦᠭ ᠢᠶᠠᠨ ᠲᠡᠮᠡᠤᠯᠬᠦ ᠨᠢ ᠤᠯᠠᠰᠢᠷᠠᠬᠰᠠᠨ ᠶᠤᠮ᠃ ᠡᠨᠡ ᠬᠦ ᠲᠠᠳᠠᠬᠤ ᠬᠦᠴᠦᠨ ᠨᠢ ᠲᠦᠷᠦ ᠶᠢᠨ ᠪᠤᠳᠤᠯᠭ᠎ᠠ ᠶᠢᠨ ᠲᠡᠮᠵᠢᠯᠬᠡ᠂ ᠠᠮᠢ ᠠᠬᠤᠢ ᠰᠠᠶᠢᠵᠢᠷᠠᠬᠰᠠᠨ ᠤ ᠬᠢ᠃ ᠤᠴᠢᠷ ᠨᠢ ᠨᠠᠮ ᠪᠤᠯᠤᠨ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ᠂ ᠪᠡᠯᠡ ᠮᠦᠡᠭᠭᠦ ᠶᠢᠨ ᠳᠡᠮᠵᠢᠯᠭᠡ ᠨᠢ ᠡᠯᠡᠰᠦᠷᠬᠡᠭᠵᠢᠯ ᠢ ᠵᠠᠰᠠᠬᠤ ᠢᠨᠵᠧᠨᠧᠷᠢᠩ ᠤᠨ ᠪᠠᠲᠦ ᠰᠠᠭᠤᠷᠢ ᠶᠢ ᠲᠠᠯᠪᠢᠵᠦ᠂ ᠬᠦᠮᠦᠰ ᠤᠨ ᠡᠯᠡᠰᠦᠷᠬᠡᠭᠵᠢᠯ ᠢ ᠵᠠᠰᠠᠬᠤ ᠢᠲᠡᠭᠡᠯ ᠵᠤᠷᠢᠭ ᠢ ᠤᠷᠮᠠᠰᠢᠭᠤᠯᠪᠡ᠃      2000 ᠤᠨ ᠳᠤ᠂ ᠤᠷᠳᠤᠰ ᠬᠤᠳᠠ ᠪᠡᠯᠴᠢᠬᠡᠷᠯᠡᠬᠦᠯᠬᠦ ᠶᠢ ᠵᠤᠬᠰᠤᠭᠠᠬᠤ᠂ ᠰᠡᠯᠬᠦᠨ ᠮᠡᠯᠵᠢᠬᠤ᠂ ᠡᠭᠡᠯᠵᠢᠯᠡᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠲᠦᠷᠤ ᠶᠢᠨ ᠪᠤᠳᠤᠯᠭ᠎ᠠ ᠶᠢ ᠪᠦᠭᠦ ᠤᠯᠤᠰ ᠲᠤ ᠬᠠᠮᠤᠭ ᠤᠨ ᠲᠡᠷᠢᠭᠦᠨ ᠳᠤ ᠭᠡᠷᠡᠭᠵᠢᠭᠦᠯᠵᠤ᠂ ᠵᠠᠰᠠᠬᠤ ᠶᠢᠨ ᠲᠠᠭᠠᠤ ᠴᠦᠯᠪᠡᠨ ᠡᠵᠡᠩᠨᠡᠬᠦ ᠠᠰᠠᠭᠤᠳᠠᠯ ᠢ ᠪᠦᠷᠢᠮᠦᠰᠤᠨ ᠰᠢᠢᠳᠪᠤᠷᠢᠯᠠᠪᠠ᠃      2001 ᠤᠨ ᠠᠴᠠ 2010 ᠤᠨ ᠪᠤᠯᠳᠠᠯ᠎ᠠ᠂ ᠤᠷᠳᠤᠰ ᠬᠤᠳᠡ ᠶᠢᠨ ᠬᠢᠨ ᠠᠮᠢ ᠠᠬᠤᠢ ᠶᠢ ᠰᠠᠶᠢᠵᠢᠷᠠᠭᠤᠯᠬᠤ ᠶᠢ ︽ᠮᠠᠯ ᠠᠵᠤ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠮᠠᠯᠴᠢᠨ ᠳᠠᠷᠢᠶᠠᠴᠢᠨ︾ ᠤ ᠠᠰᠠᠭᠤᠳᠠᠯ ᠢ ᠰᠢᠢᠳᠪᠤᠷᠢᠯᠡᠬᠦ ᠯᠦᠭᠡ ᠨᠢᠬᠡᠳᠦᠯᠳᠡᠢ ᠳᠦᠯᠦᠪᠵᠢᠬᠦᠯᠦᠨ ᠪᠤᠳᠤᠯᠬᠢᠯᠠᠵᠦ᠂ ᠮᠠᠯ ᠠᠵᠤ ᠠᠬᠤᠢ ᠳᠠᠷᠢᠶᠠᠯᠠᠩ ᠦᠢᠯᠡᠳᠪᠤᠷᠢᠯᠡᠯ ᠤᠨ ᠬᠦᠴᠦᠨ ᠤ ᠪᠠᠶᠢᠷᠢᠰᠢᠭᠤᠯᠤᠯᠳᠠ᠂ ᠬᠦᠮᠦᠨ ᠠᠮᠠ ᠶᠢᠨ ᠪᠠᠶᠢᠷᠢᠰᠢᠭᠤᠯᠤᠯᠳᠠ᠂ ᠦᠢᠯᠡᠳᠪᠤᠷᠢᠯᠡᠯ ᠤᠨ ᠠᠷᠭ᠎ᠠ ᠬᠡᠯᠪᠡᠷᠢ᠂ ᠳᠠᠷᠢᠵᠦ ᠳᠡᠵᠢᠬᠡᠬᠦ ᠪᠦᠳᠦᠴᠡ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ᠂ ᠪᠡᠯᠡ ᠮᠦᠩᠬᠦᠨ ᠤ ᠬᠡᠷᠡᠭᠯᠡᠯᠳᠡ ᠵᠡᠷᠬᠡ ︽ᠵᠢᠷᠭᠤᠭᠠᠨ ᠶᠡᠭᠡ ᠳᠤᠬᠢᠷᠠᠭᠤᠯᠤᠯᠳᠠ︾ ᠶᠢᠨ ᠠᠷᠭ᠎ᠠ ᠪᠤᠳᠤᠯᠭ᠎ᠠ ᠶᠢ ᠬᠡᠷᠡᠭᠵᠢᠬᠦᠯᠵᠡᠢ᠃      1992 ᠤᠨ ᠳᠤ᠂ ᠬᠠᠩᠬᠢᠨ ᠬᠤᠰᠢᠭᠤᠨ ᠤ ᠲᠤᠭᠤᠢᠢᠳᠠᠯ᠎ᠡ ᠪᠠᠯᠭᠠᠰᠤᠨ ᠤ ᠳᠠᠭᠤᠳᠤ ᠭᠠᠴᠠᠭ᠎ᠠ ᠶᠢᠨ ᠲᠤᠯᠤᠳᠤᠭᠠᠷ ᠲᠤᠭᠤᠢᠢᠯᠠᠩ ᠤᠨ ᠸᠠᠩ ᠯᠢᠶᠠᠨ ᠪᠢᠨ ᠠᠮᠢᠳᠤᠷᠠᠬᠤ ᠶᠢᠨ ᠡᠷᠬᠡ ᠪᠠᠷ ᠠᠷᠭ᠎ᠠ ᠪᠤᠰᠤ ᠨᠢᠳᠤᠨ ᠳᠡᠭᠡᠨ ᠨᠢᠯᠪᠤᠰᠤ ᠲᠠᠢ ᠨᠤᠳᠤᠬ ᠤᠰᠤᠨ ᠠᠴᠠ ᠪᠠᠨ ᠰᠠᠯᠵᠤ ᠶᠠᠪᠤᠬᠰᠠᠨ ᠪᠤᠯ 2014 ᠤᠨ ᠳᠤ᠂ ᠲᠡᠷᠡ ᠬᠡᠷᠬᠡᠢ ᠲᠠᠢ ᠪᠠᠨ ᠬᠤᠶᠠᠭᠤᠯᠠ ᠡᠳᠤᠷ ᠤᠨ ᠪᠤᠳᠤᠯ ᠰᠦᠨᠢ ᠶᠢᠨ ᠵᠡᠬᠦᠳᠤ ᠠᠴᠠ ᠭᠠᠷᠳᠠᠬ ᠦᠬᠡᠢ ᠦᠯᠦᠭᠡᠢ ᠨᠤᠳᠤᠬ ᠲᠠᠭᠠᠨ ᠪᠠᠶᠠᠷ ᠤᠨ ᠮᠦᠰᠢᠶᠡᠳᠤ ᠲᠠᠢ ᠪᠤᠴᠠᠨ ᠢᠷᠠᠵᠤ᠂ ᠵᠠᠰᠠᠬ ᠤᠨ ᠤᠷᠳᠤᠨ ᠠᠴᠠ ᠬᠠᠪᠰᠤᠷᠤᠨ ᠪᠠᠶᠢᠭᠤᠯᠤᠬᠰᠠᠨ 3 ᠲᠠᠰᠤᠯᠭ᠎ᠠ ᠰᠢᠨ᠎ᠠ ᠸᠠᠭᠠᠷ ᠲᠤᠭᠤᠰᠬ᠎ᠠ ᠶᠢᠨ ᠪᠠᠶᠢᠰᠢᠩ ᠳᠠᠭᠠᠨ ᠨᠡᠬᠦᠨ ᠤᠷᠤᠪᠡ᠃ ᠲᠤᠰᠬᠤᠨ ᠤ ᠬᠡᠷ ᠪᠠᠶᠢᠰᠢᠩ ᠤᠳ ᠤᠢ ᠮᠤᠳᠤ ᠪᠠᠷ ᠡᠮᠵᠢᠶᠡᠷᠢᠯᠡᠭᠳᠡᠵᠤ᠂ ᠨᠤᠮᠢᠨ ᠨᠤᠭᠤᠭᠠᠨ ᠲᠠᠯ᠎ᠠ ᠬᠠᠷᠠᠭ᠎ᠠ ᠪᠠᠶᠠᠰᠬᠠᠨ᠂ ᠸᠠᠩ ᠯᠢᠶᠠᠨ ᠪᠢᠨ ᠰᠡᠳᠬᠢᠯ ᠲᠡᠨᠢᠬᠦᠨ ᠢᠶᠠᠷ ᠵᠢᠷᠭᠠᠯᠳᠤ ᠠᠮᠢᠳᠤᠷᠠᠯ ᠢᠶᠠᠨ ᠡᠬᠢᠯᠡᠬᠦᠯᠵᠡᠢ᠃      2009 ᠤᠨ ᠳᠤ ᠬᠠᠩᠬᠢᠨ ᠬᠤᠰᠢᠭᠤᠨ ᠤ ᠬᠠᠩᠬᠢᠨ ᠰᠢᠶᠠᠩ ᠤᠨ ᠶᠠᠨ ᠾᠧ ᠺᠤᠸᠠᠨ ᠲᠧᠯᠸᠢᠰ᠂ ᠰᠦᠯᠵᠢᠶ᠎ᠡ᠂ ᠠᠭᠠᠷ ᠲᠤᠬᠢᠷᠠᠭᠤᠯᠤᠬᠴᠢ ᠬᠦᠯᠳᠡᠬᠡᠬᠦᠷ ᠵᠡᠷᠬᠡ ᠬᠤᠳᠡ ᠶᠢᠨ ᠠᠮᠢᠳᠤᠷᠠᠯ ᠠᠴᠠ ᠲᠤᠳᠠᠮᠠᠷ ᠦᠬᠡᠢ ᠴᠠᠬᠢᠯᠭᠠᠨ ᠬᠡᠷᠡᠭᠰᠡᠯ ᠪᠤᠯᠤᠨ ᠭᠡᠷ ᠤᠨ ᠡᠳ᠋ᠯᠡᠯ ᠬᠡᠷᠡᠭᠰᠡᠯ ᠲᠠᠢ 60 ᠲᠡᠭᠰᠢ ᠳᠦᠷᠪᠡᠯᠵᠢᠨ ᠮᠧᠲᠷ ᠤᠨ ᠰᠢᠨ᠎ᠡ ᠪᠠᠶᠢᠰᠢᠩ ᠳᠠᠭᠠᠨ ᠨᠡᠬᠦᠵᠤ ᠤᠷᠤᠭᠠᠳ ᠶᠡᠬᠡᠳᠡ ᠰᠡᠳᠬᠢᠯ ᠬᠦᠳᠡᠯᠤᠨ᠂ ᠴᠤ᠋ ᠰᠢᠨ᠎ᠡ ᠠᠮᠢᠳᠤᠷᠠᠯ ᠡᠬᠢᠯᠡᠭᠰᠡᠨ ᠬᠡᠵᠤ ᠬᠡᠯᠡᠯ᠎ᠡ ᠬᠡᠳᠡᠭ᠃ ᠶᠠᠨ ᠾᠧ ᠺᠤᠸᠠᠨ ᠤ ᠰᠠᠭᠤᠵᠤ ᠪᠠᠶᠢᠭ᠎ᠠ ᠬᠠᠨᠭ᠍ᠬᠢᠨᠨᠠᠭᠤᠷ ᠶᠠᠳᠠᠭᠤ ᠶᠢ ᠲᠡᠳᠭᠦᠬᠦ ᠰᠢᠨ᠎ᠠ ᠲᠤᠰᠬᠤᠨ ᠪᠤᠯ ᠬᠠᠨᠭ᠍ᠬᠢᠨ ᠬᠤᠰᠢᠭᠤ ᠶᠢᠨ ᠵᠠᠰᠠᠭ ᠤᠨ ᠤᠷᠳᠤᠨ ᠪᠤᠯᠤᠨ ᠢ ᠯᠢ ᠪᠦᠯᠦᠭᠯᠡᠯ ᠤᠨ ᠬᠠᠮᠲᠤ ᠪᠠᠷ ᠪᠡᠯᠡ ᠤᠷᠤᠭᠤᠯᠤᠨ ᠪᠦᠲᠦᠭᠡᠨ ᠪᠠᠶᠢᠭᠤᠯᠤᠬᠰᠠᠨ ᠶᠠᠳᠠᠭᠤ ᠶᠢ ᠲᠡᠳᠭᠦᠬᠦ ᠲᠦᠷᠦᠯ ᠵᠦᠢᠯ ᠪᠤᠯᠤᠨ᠎ᠠ᠃ ᠵᠠᠰᠠᠭ ᠤᠨ ᠤᠷᠳᠤᠨ ᠪᠤᠯᠤᠨ ᠠᠵᠤ ᠠᠬᠤᠢᠢᠯᠠᠯ ᠠᠴᠠ ᠡᠷᠦᠬᠡ ᠪᠦᠷᠢ ᠳᠤ 5 ᠲᠦᠮᠡᠨ ᠲᠦᠭᠦᠷᠢᠭ ᠤᠨ ᠨᠦᠬᠦᠪᠦᠷᠢ ᠮᠦᠡᠭᠭᠦ ᠦᠭᠴᠤ 40 ᠲᠡᠭᠰᠢ ᠳᠦᠷᠪᠡᠯᠵᠢᠨ ᠮᠧᠲᠷ ᠤᠨ ᠪᠠᠷᠢᠮᠵᠢᠶ᠎ᠠ ᠲᠠᠢ ᠰᠢᠨ᠎ᠠ ᠤᠷᠤᠨ ᠰᠠᠭᠤᠴᠠ ᠪᠠᠶᠢᠭᠤᠯᠤᠨ ᠦᠭᠴᠦ᠂ 40 ᠲᠡᠭᠰᠢ ᠳᠦᠷᠪᠡᠯᠵᠢᠨ ᠮᠧᠲᠷ ᠠᠴᠠ ᠳᠠᠪᠠᠭᠰᠠᠨ ᠬᠡᠰᠡᠭ ᠢ ᠮᠠᠯᠴᠢᠨ ᠲᠠᠷᠢᠶᠠᠴᠢᠨ ᠦᠪᠡᠷ ᠢᠶᠠᠨ ᠭᠠᠷᠭᠠᠪᠠ᠃ ᠤᠤᠯ ᠨᠢ ᠶᠠᠨ ᠾᠧ ᠺᠤᠸᠠᠨ ᠠᠮᠢᠳᠤᠷᠠᠯ ᠳᠠᠭᠠᠨ ᠲᠠᠷᠤᠬᠳᠠᠨ ᠶᠡᠭᠡ ᠵᠤᠪᠠᠳᠠᠭ ᠪᠠᠶᠢᠬᠰᠠᠨ ᠪᠤᠯ ᠤᠳᠤ ᠬᠠᠷᠢᠨ 70 ᠮᠦ ᠡᠷᠳᠡᠨᠢ ᠰᠢᠰᠢ ᠶᠢᠨ ᠲᠠᠷᠢᠶ᠎ᠡ ᠲᠠᠷᠢᠵᠤ ᠪᠠᠶᠢᠬᠤ ᠠᠴᠠ ᠭᠠᠳᠠᠨ᠎ᠡ ᠢ ᠯᠢ ᠪᠦᠯᠦᠭᠯᠡᠯ ᠤᠨ ᠡᠯᠡᠰᠦᠷᠭᠡᠭᠵᠢᠯ ᠢ ᠵᠠᠰᠠᠬᠤ ᠬᠦᠯᠦᠰᠦᠨ ᠠᠵᠢᠯᠴᠢᠨ ᠤ ᠬᠤᠯᠪᠤᠭᠠᠲᠤ ᠠᠩᠬᠢ ᠶᠢᠨ ᠠᠵᠢᠯᠴᠢᠨ ᠪᠤᠯᠵᠤ᠂ ᠵᠢᠯ ᠤᠨ ᠤᠷᠤᠯᠭ᠎ᠠ ᠳᠤᠯᠤᠭ᠎ᠠ ᠨᠠᠢᠮᠠᠨ ᠲᠦᠮᠡᠨ ᠲᠦᠭᠦᠷᠢᠭ ᠬᠦ᠋ᠷᠳᠡᠭ ᠪᠤᠯᠵᠡᠢ᠃      2015 ᠤᠨ ᠳᠤ᠂ ᠬᠠᠩᠬᠢᠨ ᠬᠤᠰᠢᠭᠤᠨ ᠤ ᠬᠢᠨ ᠬᠠᠲᠤᠨ ᠭᠤᠤᠯ ᠤᠨ ᠰᠦᠩ ᠬᠠᠯᠢᠶ᠎ᠠ ᠶᠢ ᠡᠯᠡᠰᠦᠨ ᠴᠦᠯ ᠳᠤ ᠲᠠᠲᠠᠨ ᠤᠷᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠦᠬᠡᠮᠤᠳᠤ ᠪᠠᠯᠭᠠᠰᠤᠨ ᠤ ᠬᠦᠪᠴᠢ ᠶᠢᠨ ᠡᠯᠡᠰᠦᠨ ᠤ ᠤᠰᠤᠨ ᠤ ᠠᠮᠢ ᠠᠬᠤᠢ ᠶᠢᠨ ᠭᠤᠤᠯᠳᠠᠯᠭ᠎ᠠ ᠲᠠᠢ ᠵᠠᠰᠠᠯᠲᠠ ᠶᠢᠨ ᠤᠷᠤᠨ ᠢ ᠪᠠᠶᠢᠭᠤᠯᠤᠬᠰᠠᠨ ᠢᠶᠠᠷ ᠤᠳᠤ ᠪᠤᠯᠬᠤ ᠳᠤ ᠰᠦᠩ ᠬᠠᠯᠢᠶ᠎ᠠ ᠶᠢ ᠡᠯᠡᠰᠦᠷᠭᠡᠭᠵᠢᠯ ᠢ ᠵᠠᠰᠠᠬᠤ ᠳᠤ ᠠᠰᠢᠬᠯᠠᠨ᠂ ᠡᠯᠡᠰᠦᠨ ᠴᠦᠯ ᠢ ᠨᠤᠭᠤ ᠭᠠᠵᠠᠷ ᠪᠤᠯᠭᠠᠵᠤ᠂ ᠬᠤᠯᠤᠰᠤ ᠢᠬᠴᠤᠷᠠᠨ ᠤᠷᠭᠤᠵᠦ᠂ ᠡᠪᠡᠰᠤ ᠮᠤᠳᠤ ᠬᠦᠬᠡᠷᠡᠵᠤ᠂ ᠵᠤᠨ ᠤ ᠴᠡᠴᠡᠭ ᠮᠢᠷᠠᠯᠵᠠᠨ ᠲᠡᠯᠬᠡᠷᠡᠭᠰᠡᠨ ᠭᠤᠶᠢᠳᠡ ᠦᠵᠡᠮᠵᠢ ᠪᠢᠳᠡᠨ ᠤ ᠬᠠᠷᠠᠭᠠᠨ ᠳᠤ ᠲᠤᠳᠤᠷᠠᠨ᠎ᠡ᠃ 5000 ᠭᠠᠷᠤᠢ ᠲᠦᠮᠡᠨ ᠪᠤᠰᠤᠭ᠎ᠠ ᠳᠦᠷᠪᠡᠯᠵᠢᠨ ᠮᠧᠲᠷ ᠤᠨ ᠬᠠᠲᠤᠨ ᠭᠤᠤᠯ ᠤᠨ ᠰᠦᠩ ᠬᠠᠯᠢᠶ᠎ᠠ ᠡᠯᠡᠰᠦᠨ ᠴᠦᠯ ᠢ ᠤᠮᠳᠠᠯᠠᠨ᠂ ᠤᠰᠤᠨ ᠤ ᠲᠠᠯᠠᠪᠡᠢ 11 ᠲᠡᠭᠰᠢ ᠲᠦᠷᠪᠡᠯᠵᠢᠨ ᠺᠢᠯᠤᠮᠧᠲᠷ ᠭᠦ᠋ᠷᠴᠤ᠂ 36 ᠲᠡᠭᠰᠢ ᠲᠦᠷᠪᠡᠯᠵᠢᠨ ᠺᠢᠯᠤᠮᠧᠲᠷ ᠤᠨ ᠡᠯᠡᠰᠤᠷᠬᠡᠭᠵᠢᠯ ᠢ ᠵᠠᠰᠠᠵᠦ᠂ 14 ᠲᠡᠭᠰᠢ ᠲᠦᠷᠪᠡᠯᠵᠢᠨ ᠺᠢᠯᠦᠮᠧᠲᠷ ᠤᠨ ᠲᠠᠷᠢᠮᠠᠯ ᠤᠢ ᠲᠠᠢ ᠪᠤᠯᠪᠠ᠃ ᠡᠨᠡ ᠭᠠᠵᠡᠷ ᠲᠦᠷᠪᠡᠬᠡᠨ ᠵᠢᠯ ᠤᠨ ᠡᠮᠤᠨ᠎ᠡ ᠬᠦᠪᠡᠭᠡ ᠬᠢᠵᠠᠭᠠᠷ ᠨᠢ ᠬᠠᠷᠠᠬᠳᠠᠬᠤ ᠦᠬᠡᠢ ᠡᠯᠡᠰᠤ ᠮᠠᠩᠬ᠎ᠠ ᠪᠠᠶᠢᠯ᠎ᠡ ᠬᠡᠳᠡᠭ ᠢ ᠬᠡᠨ ᠰᠠᠨᠠᠵᠤ ᠤᠯᠬᠤ ᠪᠢᠯᠡ᠃      ᠠᠮᠢ ᠠᠬᠤᠢ ᠰᠠᠶᠢᠵᠢᠷᠠᠪᠠᠯ ᠠᠯᠢᠪᠠ ᠤᠢᠢᠯᠡᠰ ᠦᠬᠡᠳᠡᠷᠬᠡᠭ ᠪᠤᠯᠤᠨ᠎ᠠ᠃ ᠦᠶ᠎ᠠ ᠶᠢᠨ ᠦᠶ᠎ᠠ ᠪᠠᠷ ᠢᠶᠠᠨ ᠡᠯᠡᠰᠤᠨ ᠠᠴᠠ ᠠᠶᠤᠵᠤ ᠵᠢᠭᠤᠳᠠᠵᠤ ᠡᠮᠢᠶᠡᠵᠤ ᠶᠠᠪᠤᠬᠰᠠᠨ ᠬᠦᠪᠴᠢ ᠶᠢᠨ ᠬᠦᠮᠤᠰ ᠦᠯ ᠬᠤᠭᠤᠯᠡ ᠪᠠᠨ ᠵᠠᠯᠭᠠᠭᠤᠯᠬᠤ ᠳᠤ ᠬᠦᠴᠢᠷᠳᠡᠵᠦ ᠪᠠᠶᠢᠬᠰᠠᠨ ᠠᠮᠢᠳᠤᠷᠠᠯ ᠠᠴᠠ ᠪᠠᠨ ᠪᠦᠷᠢᠮᠦᠰᠦᠨ ᠠᠩᠬᠢᠵᠢᠷᠡᠨ᠂ ᠬᠡᠳᠡᠰᠤ ᠴᠠᠳᠬᠤᠯᠠᠩ ᠮᠦᠷᠦ ᠪᠦᠳᠦᠨ ᠠᠮᠢᠳᠤᠷᠠᠯ ᠢ ᠠᠷᠤ ᠳᠠᠭᠠᠨ ᠤᠷᠬᠢᠨ᠂ ︽ᠨᠤᠳᠤᠭ ᠲᠠᠢ ᠬᠦᠮᠦᠨ ᠨᠢᠷᠤᠭᠤ ᠬᠡᠳᠡᠬᠡᠷ︾ ᠬᠡᠮᠡᠨ ᠪᠠᠶᠠᠨ ᠴᠢᠨᠡᠬᠡᠯᠢᠭ ᠵᠢᠷᠭᠠᠯᠳᠤ ᠠᠮᠢᠳᠤᠷᠠᠯ ᠢ ᠡᠳ᠋ᠯᠡᠵᠤ ᠡᠬᠢᠯᠡᠯ᠎ᠡ᠃       ᠰᠢᠨᠡᠴᠢᠯᠡᠯ —      ᠪᠦᠳᠤᠬᠦᠯᠢᠭ ᠢᠶᠠᠷ ᠤᠢᠢᠵᠢᠭᠤᠯᠵᠤ ᠪᠠᠶᠢᠬᠰᠠᠨ ᠠᠴᠠ ᠠᠵᠤ ᠤᠢᠢᠯᠡᠰᠵᠢᠭᠦᠯᠤᠨ ᠡᠯᠡᠰᠤᠷᠭᠡᠭᠵᠢᠯ ᠢ ᠵᠠᠰᠠᠬᠤ ᠪᠤᠯᠳᠠᠯ᠎ᠠ      ᠬᠦᠮᠦᠰ ᠬᠦᠪᠴᠢ ᠶᠢᠨ ᠡᠯᠡᠰᠦ ᠶᠢ ᠵᠠᠰᠠᠬᠰᠠᠨ ᠠᠮᠵᠢᠯᠳᠡ ᠶᠢ ︽ᠵᠠᠰᠠᠯᠳᠠ ᠶᠢᠨ ᠦᠷ᠎ᠡ ᠪᠦᠲᠦᠮᠵᠢ ᠢᠯᠡᠳᠳᠡ ᠂ ᠠᠵᠦ ᠠᠬᠤᠢ ᠶᠢᠨ ᠦᠷ᠎ᠡ ᠠᠰᠢᠬ ᠦᠯᠡᠮᠵᠢ︾ ᠬᠡᠵᠤ ᠦᠨᠡᠯᠡᠳᠡᠭ᠃ ᠵᠠᠬ᠎ᠠ ᠲᠡᠯᠭᠡᠭᠦᠷᠴᠢᠯᠡᠡ ᠡᠯᠡᠰᠦᠷᠬᠡᠭᠵᠢᠯ ᠢ ᠵᠠᠰᠠᠬᠤ ᠪᠤᠯ ᠬᠦᠪᠴᠢ ᠶᠢᠨ ᠡᠯᠡᠰᠦ ᠶᠢ ᠵᠠᠰᠠᠭᠠᠳ ᠠᠮᠵᠢᠯᠲᠠ ᠤᠯᠤᠬᠰᠠᠨ ᠤ ᠵᠠᠩᠭᠢᠯᠠᠭ᠎ᠠ ᠪᠤᠯᠤᠨ᠎ᠠ᠃ ᠵᠠᠬ᠎ᠠ ᠲᠡᠯᠭᠡᠭᠦᠷᠵᠢᠯᠲᠡ ᠦᠭᠡᠢ ᠪᠤᠯ ᠠᠵᠦ ᠠᠬᠤᠢᠢᠯᠠᠯ ᠤᠨ ᠢᠲᠠᠪᠬᠢᠵᠢᠯ ᠢ ᠪᠠᠲᠠᠷᠠᠭᠤᠯᠬᠤ ᠳᠤ ᠬᠦᠴᠢᠷ︔ ᠠᠵᠦ ᠦᠢᠯᠡᠰᠵᠢᠯᠲᠠ ᠦᠭᠡᠢ ᠪᠤᠯ ᠡᠯᠡᠰᠦᠷᠭᠡᠭᠵᠢᠯ ᠢ ᠵᠠᠰᠠᠬᠤ ᠦᠢᠯᠡᠰ ᠢ ᠦᠷᠬᠦᠯᠵᠢᠯᠡᠭᠦᠯᠵᠦ ᠴᠢᠲᠠᠬᠤ ᠦᠭᠡᠢ᠃ ᠵᠠᠬ᠎ᠠ ᠲᠡᠯᠭᠡᠭᠦᠷᠵᠢᠯᠲᠡ ᠨᠢ ︽ᠵᠤᠭᠤᠰ ᠢ ᠬᠠᠮᠢᠭ᠎ᠠ ᠠᠴᠠ ᠤᠯᠬᠤ︾ ︽ᠠᠰᠢᠭ ᠢ ᠬᠠᠮᠢᠭ᠎ᠠ ᠠᠴᠠ ᠬᠦᠷᠳᠡᠬᠦ︾ ︽ᠭᠡᠷᠬᠢᠨ ᠦᠷᠭᠦᠯᠵᠢᠯᠡᠨ ᠬᠦᠭᠵᠢᠭᠦᠯᠬᠦ︾ ᠵᠡᠷᠭᠡ ᠮᠠᠰᠢ ᠬᠦᠴᠢᠷ ᠠᠰᠠᠭᠤᠲᠠᠯ ᠤᠳ ᠢ ᠴᠢᠪ ᠬᠡᠮᠡᠨ ᠤᠨᠢᠨ ᠲᠡᠬᠡᠷ᠎ᠡ ᠨᠢ ᠰᠢᠢᠳᠪᠦᠷᠢᠯᠡᠵᠦ᠂ ᠡᠯᠡᠰᠦ ᠶᠢᠨ ᠭᠠᠮᠰᠢᠭ ᠢ ᠡᠯᠡᠰᠦ ᠶᠢᠨ ᠠᠰᠢᠭ ᠪᠤᠯᠭᠠᠠ᠂ ᠰᠢᠷ᠎ᠠ ᠡᠯᠡᠰᠦ ᠶᠢ ᠰᠢᠵᠢᠷ ᠠᠯᠲᠠ ᠪᠤᠯᠭᠠᠠ ᠬᠤᠪᠢᠷᠠᠭᠤᠯᠵᠤ ᠴᠢᠳᠠᠪᠠ᠃ 、      1988 ᠤᠨ ᠤ 5 ᠰᠠᠷ᠎ᠠ ᠳᠤ᠂ ᠸᠠᠩ ᠸᠧᠨ ᠪᠢᠶᠤᠤ ᠬᠠᠩᠬᠢᠨ ᠬᠤᠰᠢᠭᠤᠨ ᠤ ᠲᠠᠪᠤᠰᠤᠨ ᠲᠠᠯᠠᠪᠠᠢ ᠶᠢᠨ ᠲᠠᠷᠤᠭ᠎ᠠ ᠶᠢᠨ ᠲᠤᠰᠢᠶᠠᠯ ᠬᠦᠯᠢᠶᠡᠨ᠂ ᠪᠠᠭ᠎ᠠ ᠮᠠᠰᠢᠨ ᠢᠶᠠᠷ ᠲᠠᠪᠤᠰᠤᠨ ᠲᠠᠯᠠᠪᠠᠢ ᠶᠢ ᠵᠤᠷᠢᠬᠤ ᠳᠠᠭᠠᠨ ᠵᠠᠮ ᠲᠤᠮᠳᠡ ᠪᠠᠨ ᠮᠠᠰᠢᠨ ᠢᠶᠠᠨ ᠡᠯᠡᠰᠤᠨ ᠳᠤ ᠰᠢᠬᠢᠳᠬᠡᠵᠡᠢ᠃ ᠡᠨᠡ ᠨᠢ ᠸᠠᠩ ᠸᠧᠨ ᠪᠢᠶᠤᠤ ᠶᠢᠨ ᠵᠢᠷᠤᠬᠡ ᠶᠢ ᠡᠮᠵᠡᠭᠯᠡᠬᠦᠯᠵᠤ᠂ ᠡᠯᠡᠰᠤᠷᠬᠡᠭᠵᠢᠯ ᠢ ᠵᠠᠰᠠᠬᠤ ᠬᠠᠳᠠᠭᠤ ᠰᠢᠢᠳᠪᠦᠷᠢ ᠭᠠᠷᠭᠠᠯᠭᠠᠵᠠᠢ᠃ ᠲᠡᠷᠡ ᠪᠠᠷ ᠡᠯᠡᠰᠤᠷᠭᠡᠭᠵᠢᠯ ᠢ ᠵᠠᠰᠠᠬᠤ ᠤᠢᠢᠵᠢᠭᠤᠯᠤᠯᠳᠠ ᠶᠢᠨ ᠠᠵᠢᠯᠯᠠᠬᠤ ᠠᠩᠬᠢ ᠶᠢ ᠪᠠᠶᠢᠭᠤᠯᠤᠨ᠂ ᠲᠤᠨ ᠪᠦᠷᠢ ᠶᠢᠨ ᠲᠠᠪᠤᠰᠤᠨ ᠤ ᠪᠤᠷᠤᠯᠠᠭᠤᠯᠭ᠎ᠠ ᠶᠢᠨ ᠤᠷᠤᠯᠭ᠎ᠠ ᠠᠴᠠ 5 ᠲᠦᠬᠦᠷᠢᠭ ᠭᠠᠷᠭᠠᠵᠤ ᠡᠯᠡᠰᠤᠷᠭᠡᠭᠵᠢᠯ ᠢ ᠵᠠᠰᠠᠵᠤ ᠡᠬᠢᠯᠡᠭᠰᠡᠨ ᠪᠤᠯ 30 ᠵᠢᠯ ᠭᠠᠭᠴᠡ ᠦᠵᠦᠬᠦᠷᠳᠤ ᠰᠡᠳᠬᠢᠯ ᠢ ᠪᠠᠷᠢᠨ ᠡᠯᠡᠰᠤᠷᠭᠡᠭᠵᠢᠯ ᠢ ᠵᠠᠰᠠᠬᠰᠠᠭᠠᠷ ᠤᠳᠤ ᠳᠤ ᠬᠦᠷᠪᠡ᠃ ᠬᠤᠵᠢᠮ ᠨᠢ ᠢ ᠯᠢ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ ᠪᠤᠯᠤᠬᠰᠠᠨ ᠤ ᠲᠠᠷᠠᠭ᠎ᠠ ᠢ ᠯᠢ ᠪᠦᠯᠦᠭᠯᠡᠯ ᠢᠶᠠᠨ ᠲᠠᠭᠠᠭᠤᠯᠤᠨ ᠲᠤᠬᠠᠢ ᠶᠢᠨ ᠭᠠᠵᠠᠷ ᠤᠨ ᠵᠠᠰᠠᠬ ᠤᠨ ᠤᠷᠳᠤᠨ᠂ ᠮᠠᠯᠴᠢᠨ ᠲᠠᠷᠢᠶᠠᠴᠢᠨ ᠲᠠᠢ ᠭᠠᠷ ᠭᠠᠷ ᠢᠶᠠᠨ ᠬᠤᠯᠪᠤᠯᠴᠠᠵᠤ᠂ ᠡᠯᠡᠰᠤᠷᠬᠡᠭᠵᠢᠯ ᠢ ᠵᠠᠰᠠᠬᠤ ᠠᠵᠢᠯ ᠢᠶᠠᠨ ᠪᠦᠬᠦ ᠲᠠᠯ᠎ᠡ ᠪᠠᠷ ᠡᠬᠢᠯᠡᠬᠦᠯᠦᠭᠰᠡᠨ ᠢᠶᠠᠷ ᠤᠳᠤ ᠪᠤᠯᠬᠤ ᠳᠤ ᠬᠦᠪᠴᠢ ᠶᠢᠨ ᠡᠯᠡᠰᠤ ᠶᠢ ᠵᠠᠰᠠᠬᠤ ᠠᠵᠤ ᠠᠬᠤᠢᠢᠯᠠᠯ ᠤᠨ ᠲᠠᠭᠠᠭᠤᠯᠤᠬᠴᠢ ᠪᠤᠯᠵᠤ᠂ ᠦᠪᠡᠰᠤᠪᠡᠨ ᠴᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ︽ᠪᠦᠬᠦ ᠪᠦᠮᠪᠦᠷᠴᠡᠭ ᠤᠨ ᠡᠯᠡᠰᠤᠷᠭᠡᠭᠵᠢᠯ ᠢ ᠵᠠᠰᠠᠬᠤ ᠤᠳᠤᠷᠢᠳᠤᠬᠴᠢ ᠶᠢᠨ ᠱᠠᠩᠨᠠᠯ︾ ᠪᠤᠯᠤᠨ ︽ᠲᠡᠯᠡᠬᠡᠢ ᠶᠢᠨ ᠪᠦᠮᠪᠦᠷᠴᠡᠭ ᠤᠨ ᠬᠠᠮᠠᠭᠠᠯᠠᠬᠴᠢ ᠶᠢᠨ ᠨᠠᠰᠤᠨ ᠲᠤᠷᠰᠢᠳᠠ ᠶᠢᠨ ᠠᠮᠵᠢᠯᠳᠠ ᠪᠦᠳᠤᠮᠵᠢ ᠶᠢᠨ ᠱᠠᠩᠨᠠᠯ︾ ᠢᠶᠠᠷ ᠡᠩᠬᠡᠷ ᠢᠶᠠᠨ ᠮᠢᠯᠢᠶᠠᠯᠭᠠᠵᠤ᠂ ᠲᠠᠭᠤᠳᠠᠬᠤ ᠠᠯᠳᠠᠷ ᠢᠶᠠᠨ ᠲᠡᠯᠡᠬᠡᠢ ᠳᠤ ᠲᠠᠭᠤᠷᠢᠰᠬᠠᠪᠠ᠃      ᠬᠠᠩᠬᠢᠨ ᠬᠤᠰᠢᠭᠤᠨ ᠤ ᠲᠤᠭᠤᠢᠢᠲᠠᠯ᠎ᠡ ᠪᠠᠯᠭᠠᠰᠤᠨ ᠤ ᠢ ᠯᠢ ᠠᠮᠢ ᠠᠬᠤᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠭᠦ ᠲᠦᠷᠦᠯ ᠵᠦᠢᠯ ᠤᠨ ᠭᠠᠵᠡᠷ ᠲᠤ ᠬᠦᠷᠬᠦ ᠳᠤ᠂ ᠭᠦᠨ ᠭᠦᠭᠡ ᠦᠩᠭᠡ ᠶᠢᠨ ᠭᠡᠷᠡᠯ ᠴᠡᠨᠡᠭ ᠤᠨ ᠬᠠᠪᠳᠠᠰᠤ ᠬᠠᠶᠠᠭ᠎ᠠ ᠬᠠᠶᠠᠭ᠎ᠠ ᠪᠠᠨ ᠲᠡᠷᠡᠯᠡᠨ᠂ ᠶᠠᠭ ᠨᠠᠯᠤᠭᠡᠷ ᠶᠡᠭᠡ ᠭᠦᠭᠡ ᠲᠠᠯᠠᠢ ᠮᠠᠳᠤ ᠰᠦᠷᠯᠢᠭ ᠦᠵᠡᠮᠵᠢᠳᠡᠢ ᠬᠠᠷᠠᠬᠳᠠᠵᠤ ᠪᠠᠶᠢᠬᠰᠠᠨ ᠪᠦ᠋ᠭᠡᠳ ᠬᠠᠪᠳᠠᠰᠤᠨ ᠲᠤᠤᠷ ᠎ᠡ ᠨᠢ ᠪᠡᠯᠴᠢᠵᠤ ᠪᠠᠶᠢᠭ᠎ᠠ ᠭᠠᠯᠠᠭᠤ ᠰᠢᠪᠠᠭᠤᠳ ᠨᠢ ᠪᠦᠷ ᠴᠤ ᠰᠤᠨᠢᠷᠬᠠᠯ ᠢ ᠲᠠᠳᠠᠨ᠎ᠡ᠃ ᠡᠳᠡᠭᠡᠷ ᠭᠡᠷᠡᠯ ᠴᠡᠨᠡᠭ ᠤᠨ ᠬᠠᠪᠳᠠᠰᠤ ᠡᠯᠡᠰᠤᠨ ᠴᠦᠯ ᠤᠨ ᠬᠤᠷᠴᠡ ᠨᠠᠷᠠᠨ ᠤ ᠲᠤᠰᠤᠯᠳᠡ ᠶᠢ ᠭᠦᠢᠴᠡᠳ ᠠᠰᠢᠬᠯᠠᠵᠤ ᠴᠠᠬᠢᠯᠭᠠᠨ ᠭᠠᠷᠭᠠᠵᠤ ᠪᠠᠶᠢᠬᠤ ᠪᠠᠷ ᠪᠠᠷᠠᠬᠤ ᠦᠭᠡᠢ ᠪᠡᠰᠡ ᠭᠡᠷᠡᠯ ᠰᠠᠯᠬᠢ ᠶᠢ ᠬᠠᠯᠬᠠᠯᠠᠵᠤ᠂ ᠡᠯᠡᠰᠦᠷᠭᠡᠭ ᠤᠷᠤᠨ ᠤ ᠤᠰᠤᠨ ᠤ ᠠᠭᠤᠷᠰᠢᠯᠳᠡ ᠶᠢ ᠪᠠᠭᠠᠰᠬᠠᠵᠤ ᠴᠢᠳᠠᠳᠠᠬ᠃ ᠬᠦᠷᠤᠰᠤᠨ ᠲᠤᠤᠷ᠎ᠠ ᠠᠮᠢᠳᠤ ᠪᠤᠳᠠᠰ ᠤᠨ ᠠᠽᠤᠲ ᠲᠤᠭᠳᠠᠭᠠᠬᠤ ᠦᠢᠯᠡᠳᠤᠯ ᠢᠶᠠᠷ ᠴᠢᠩᠭ᠎ᠠ ᠰᠢᠬᠢᠷ ᠡᠪᠡᠰᠤ ᠲᠠᠷᠢᠵᠤ᠂ ᠡᠯᠡᠰᠦᠷᠭᠡᠭ ᠭᠠᠵᠠᠷ ᠢ ᠲᠠᠰᠤᠷᠠᠯᠳᠡ ᠦᠭᠡᠢ ᠰᠢᠮᠡᠵᠢᠬᠦᠯᠵᠤ᠂ ᠭᠡᠷᠡᠯ ᠴᠡᠨᠡᠭ ᠤᠨ ᠬᠠᠪᠳᠠᠰᠤᠨ ᠤ ᠵᠠᠪᠰᠠᠷ ᠵᠠᠢ ᠳᠤ ᠦᠭᠡᠷ᠂ ᠬᠤᠨᠢ᠂ ᠭᠠᠯᠠᠭᠤ ᠵᠡᠷᠭᠡ ᠶᠢ ᠲᠡᠵᠢᠭᠡᠵᠤ ᠪᠤᠯᠳᠠᠭ ᠪᠠᠶᠢᠵᠡᠢ᠃ ᠡᠨᠡᠭᠦ ᠲᠦᠷᠦᠯ ᠵᠦᠢᠯ ᠳᠤ 1GW ᠶᠢ ᠭᠡᠷᠡᠭᠵᠢᠭᠦᠯᠵᠤ᠂ ᠤᠳᠤᠬᠠᠨ ᠳᠤ ᠨᠢᠭᠡᠨᠳᠡ ᠪᠠᠶᠢᠭᠤᠯᠤᠬᠰᠡᠨ ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠰᠡᠨ ᠬᠡᠮᠵᠢᠶ᠎ᠡ 310MW ︵ᠰᠠᠶ᠎ᠠ ᠸᠠᠲ︶᠂ ᠡᠯᠡᠰᠤᠷᠭᠡᠭᠵᠢᠯ ᠢ ᠵᠠᠰᠠᠬᠰᠠᠨ ᠲᠡᠯᠡᠪᠡᠢ 2 ᠲᠦᠮᠡᠨ ᠮᠦ ᠳᠤ ᠬᠦᠷᠴᠤ᠂ ᠵᠢᠯ ᠪᠦᠷᠢ 5 ᠳ᠋ᠦᠩᠰᠢᠭᠤᠷ ᠺᠢᠯᠦᠸᠠᠲ ᠴᠠᠬᠢᠯᠭᠠᠨ ᠭᠠᠷᠭᠠᠨ᠂ ᠪᠤᠷᠤᠯᠠᠭᠤᠯᠭ᠎ᠠ ᠶᠢᠨ ᠤᠷᠤᠯᠭ᠎ᠠ 4.5 ᠳ᠋ᠦᠩᠰᠢᠭᠤᠷ ᠲᠦᠭᠦᠷᠢᠭ ᠲᠤ ᠬᠦᠷᠴᠤ ᠴᠢᠳᠠᠬᠰᠠᠨ ᠨᠢ ᠶᠡᠷᠤᠩᠬᠡᠶᠢᠯᠡᠭᠰᠡᠨ ᠠᠰᠢᠬᠯᠠᠯᠳᠡ ᠬᠢᠭᠰᠡᠨ ᠤ ᠠᠮᠢᠳᠤ ᠬᠡᠷᠡᠴᠢ ᠠᠵᠢ᠃       ᠲᠠᠪᠠᠯᠳᠠ —      ᠰᠤᠬᠤᠷ ᠪᠠᠯᠠᠢ ᠪᠠᠷ ᠡᠯᠡᠰᠤᠷᠭᠡᠭᠵᠢᠯ ᠢ ᠵᠠᠰᠠᠵᠤ ᠪᠠᠶᠢᠬᠰᠠᠨ ᠠᠴᠠ ᠰᠢᠨᠵᠢᠯᠡᠬᠦ ᠤᠬᠠᠭᠠᠨᠴᠢ ᠪᠠᠷ ᠡᠯᠡᠰᠤᠷᠭᠡᠭᠵᠢᠯ ᠢ ᠵᠠᠰᠠᠬᠤ ᠪᠤᠯᠳᠠᠯ᠎ᠠ      — ᠲᠤᠬᠠᠢ ᠶᠢᠨ ᠦᠶ᠎ᠡ ᠳᠤ ᠬᠡᠳᠤᠨ ᠡᠳᠤᠷ ᠦᠢᠯᠡ ᠲᠠᠮᠤ ᠪᠠᠨ ᠪᠠᠷᠠᠵᠤ ᠲᠠᠷᠢᠬᠰᠠᠨ ᠮᠤᠳᠤ ᠨᠢᠬᠡᠯᠡ ᠰᠦᠨᠢ ᠶᠢᠨ ᠰᠠᠯᠬᠢᠨ ᠳᠤ ᠪᠤᠯᠠᠬᠳᠠᠴᠢᠬᠠᠨ᠎ᠡ᠃      — ᠤᠰᠤ ᠦᠬᠡᠢ᠂ ᠬᠠᠳᠠᠵᠤ ᠦᠬᠦᠭᠰᠡᠨ ᠢ ᠲᠤᠭᠠᠯᠠᠭᠠᠳ ᠪᠠᠷᠠᠬᠤ ᠦᠬᠡᠢ      ᠁      ᠡᠨᠡ ᠪᠤᠯ ᠡᠯᠡᠰᠦᠷᠬᠡᠭᠵᠢᠯ ᠢ ᠠᠩᠬ᠎ᠠ ᠵᠠᠰᠠᠵᠤ ᠡᠬᠢᠯᠡᠵᠤ ᠪᠠᠶᠢᠬᠰᠠᠨ ᠦᠶ᠎ᠡ ᠶᠢᠨ ᠵᠤᠭᠤᠭ᠃ ᠡᠯᠡᠰᠤᠷᠬᠡᠭᠵᠢᠯ ᠢ ᠵᠠᠰᠠᠬᠤ ᠠᠵᠢᠯ ᠨᠢᠬᠡ ᠡᠳᠤᠷ ᠵᠤᠬᠰᠤᠬᠤ ᠦᠬᠡᠢ ᠪᠤᠯ ᠰᠢᠨ᠎ᠡ ᠶᠢ ᠡᠬᠦᠳᠬᠦ ᠶᠢ ᠴᠤ ᠨᠢᠬᠡ ᠡᠳᠤᠷ ᠵᠤᠬᠰᠤᠭᠠᠬᠤ ᠦᠬᠡᠢ᠃ ᠡᠨᠡ ᠪᠤᠯ ᠬᠦᠪᠴᠢ ᠶᠢᠨ ᠡᠯᠡᠰᠤ ᠶᠢᠨ ᠭᠠᠶᠢᠬᠠᠮᠰᠢᠭ ᠢ ᠪᠦᠳᠦᠬᠡᠭᠰᠡᠨ ᠪᠠᠷᠢᠮᠳᠠᠯᠠᠯ᠃      2009 ᠤᠨ ᠳᠤ ᠭᠠᠨᠰᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠪᠡᠰᠤᠨ ᠤ ᠰᠢᠨᠵᠢᠯᠡᠬᠦ ᠤᠬᠠᠭᠠᠨ ᠮᠡᠷᠬᠡᠵᠢᠯ ᠢᠶᠠᠷ ᠲᠡᠬᠦᠰᠦᠭᠰᠡᠨ ᠯᠢᠦ ᠰᠢᠤᠸᠠᠢ ᠴᠢᠨ 200 ᠭᠠᠷᠤᠢ ᠲᠦᠷᠦᠯ ᠤᠨ ᠭᠤᠸᠠ᠂ ᠵᠢᠮᠢᠰ᠂ ᠨᠤᠭᠤᠭᠠᠨ ᠤ ᠲᠦᠷᠦᠯ ᠵᠦᠢᠯ ᠢ ᠲᠤᠷᠰᠢᠵᠦ ᠲᠠᠷᠢᠭᠠᠳ ᠠᠮᠵᠢᠯᠳᠡ ᠤᠯᠵᠤ᠂ ᠡᠩᠬᠡᠪᠡᠢ ᠶᠢᠨ ᠲᠦᠬᠦᠬᠡᠷᠤᠮᠵᠢᠳᠤ ᠲᠠᠷᠢᠶᠠᠯᠠᠩ ᠤᠨ ᠬᠦᠯᠡᠮᠵᠢ ᠶᠢᠨ ᠲᠤᠰᠬᠠᠢ ᠮᠡᠷᠬᠡᠵᠢᠯᠳᠡᠨ ᠪᠤᠯᠤᠬᠰᠠᠨ ᠪᠢᠯᠡ᠃ 9 ᠵᠢᠯ ᠤᠨ ᠲᠤᠷᠰᠢ ᠲᠡᠷᠡ ᠪᠠᠷ ᠡᠯᠡᠰᠤᠨ ᠴᠦᠯ ᠤᠨ ᠤᠷᠤᠨ ᠳᠠᠬᠢ ᠠᠵᠤ ᠠᠬᠤᠢ ᠶᠢᠨ ᠲᠠᠷᠢᠮᠠᠯ ᠪᠤᠯᠤᠨ ᠢᠳᠡᠰᠢᠨ ᠨᠤᠭᠤᠭᠠᠨ ᠤ ᠰᠢᠨ᠎ᠡ ᠲᠦᠷᠦᠯ ᠵᠦᠢᠯ᠂ ᠰᠢᠨ᠎ᠡ ᠮᠡᠷᠬᠡᠵᠢᠯ᠂ ᠰᠢᠨ᠎ᠡ ᠬᠡᠯᠪᠡᠷᠢ ᠶᠢ ᠲᠤᠷᠰᠢᠬᠤ᠂ ᠮᠡᠷᠬᠡᠵᠢᠯ ᠤᠨ ᠵᠢᠯᠤᠭᠤᠳᠤᠯᠭ᠎ᠠ ᠬᠠᠩᠭᠠᠬᠤ᠂ ᠦᠨᠳᠦᠷ ᠦᠷ᠎ᠡ ᠠᠰᠢᠬᠳᠤ ᠲᠦᠬᠦᠬᠡᠷᠤᠮᠵᠢᠳᠤ ᠲᠠᠷᠢᠶᠠᠯᠠᠩ ᠤᠨ ᠲᠦᠷᠦᠯ ᠵᠦᠢᠯ ᠢ ᠬᠡᠷᠡᠭᠵᠢᠬᠦᠯᠦᠨ ᠰᠤᠳᠤᠯᠬᠤ ᠠᠵᠢᠯ ᠢ ᠦᠷᠨᠢᠬᠦᠯᠵᠤ ᠂ ᠡᠷᠬᠢᠨ ᠲᠤᠭᠤᠷᠢᠨ ᠤ ᠲᠠᠷᠢᠶᠠᠯᠠᠩ ᠤᠨ ᠬᠦᠭᠵᠢᠯᠳᠡ ᠳᠤ ᠵᠢᠱᠢᠶ᠎ᠡ ᠦᠵᠡᠬᠦᠯᠵᠤ ᠲᠠᠶᠢᠴᠢᠯᠠᠨ ᠲᠡᠯᠬᠡᠷᠡᠬᠦᠯᠬᠦ ᠦᠢᠯᠡᠳᠤᠯ ᠢ ᠬᠦᠢᠴᠡᠳ ᠪᠠᠳᠠᠷᠠᠭᠤᠯᠵᠤ ᠴᠢᠳᠠᠬᠰᠠᠨ ᠨᠢ ᠮᠡᠷᠬᠡᠵᠢᠯ ᠤᠨ ᠲᠦᠰᠢᠭ᠃      ᠭᠦᠮᠤᠨ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠶᠢ ᠪᠠᠷᠢᠮᠳᠠᠯᠠᠵᠤ᠂ ᠨᠢᠳᠦᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠭᠡᠷᠡᠭᠳᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠮᠢ ᠠᠬᠤᠢ ᠶᠢᠨ ᠲᠤᠬᠠᠢ ᠰᠢᠨ᠎ᠠ ᠦᠢᠯᠠᠭᠠᠭᠳᠠᠬᠤᠨ ᠭᠦᠪᠴᠢ ᠶᠢᠨ ᠭᠦᠮᠤᠰ ᠤᠨ ᠰᠡᠳᠬᠢᠯ ᠳᠤ ᠬᠦᠨ ᠰᠠᠭᠤᠭᠳᠠᠪᠠ᠃ ᠬᠦᠪᠴᠢ ᠶᠢᠨ ᠡᠯᠡᠰᠦ ᠶᠢ ᠵᠠᠰᠠᠬᠤ ᠭᠤᠤᠯ ᠬᠦᠴᠦᠨ ᠴᠡᠷᠢᠭ ᠪᠠ ᠳᠠᠭᠠᠭᠤᠯᠤᠬᠴᠢ ᠪᠤᠯᠤᠬᠰᠠᠨ ᠢ ᠯᠢ ᠪᠦᠯᠦᠭᠯᠡᠯ ᠤᠨ ᠡᠨᠡ ᠬᠡᠳᠦᠨ ᠵᠢᠯ ᠤᠨ ᠡᠯᠡᠰᠦᠷᠭᠡᠭᠵᠢᠯ ᠢ ᠵᠠᠰᠠᠬᠰᠠᠨ ᠳᠠᠯᠠᠪᠠᠢ ᠨᠢ ᠲᠦᠷᠦᠭᠦᠦ 20 ᠵᠢᠯ ᠤᠨ ᠵᠠᠰᠠᠬᠰᠠᠨ ᠶᠡᠷᠦᠩᠬᠡᠢ ᠳᠠᠯᠠᠪᠠᠢ ᠶᠢᠨ ᠨᠡᠶᠢᠯᠡᠪᠤᠷᠢ ᠲᠠᠢ ᠳᠡᠩᠴᠡᠵᠠᠢ︔ 343 ᠵᠦᠢᠯ ᠤᠨ ᠡᠯᠡᠰᠦᠷᠭᠡᠭᠵᠢᠯ ᠢ ᠵᠠᠰᠠᠬᠤ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠡᠭᠦᠳᠦᠯᠳᠡ ᠶᠢᠨ ᠦᠷ᠎ᠠ ᠪᠦᠳᠦᠬᠡᠯ ᠤᠨ ᠳᠤᠳᠤᠷᠠᠬᠢ 290 ᠭᠠᠷᠤᠢ ᠵᠦᠢᠯ ᠢ ᠨᠢ ᠤᠢᠢᠷ᠎ᠠ ᠶᠢᠨ ᠵᠢᠯ ᠤᠳ ᠲᠤ ᠪᠡᠶᠡᠯᠡᠬᠦᠯᠦᠭᠰᠡᠨ ᠶᠤᠮ᠃      ᠬᠦᠪᠴᠢ ᠶᠢᠨ ᠡᠯᠡᠰᠤᠨ ᠤ ᠡᠮᠤᠨ᠎ᠡ ᠵᠠᠬ᠎ᠠ ᠶᠢᠨ ᠭᠠᠩ ᠬᠠᠭᠤᠷᠠᠢ ᠤᠷᠤᠨ ᠳᠤ᠂ ᠨᠢᠰᠬᠡᠯ ᠢᠶᠠᠷ ᠪᠤᠳᠠᠯᠢᠬ ᠮᠤᠳᠤ ᠪᠠᠭᠰᠢᠷᠠᠳᠠᠯ᠎ᠠ ᠲᠠᠷᠢᠪᠠ︔ ᠠᠷᠤ ᠲᠠᠯ᠎ᠡ ᠪᠠᠷ ᠨᠢ᠂ ᠤᠰᠤᠨ ᠤ ᠨᠦᠬᠦᠴᠡᠯ ᠢ ᠠᠰᠢᠬᠯᠠᠵᠤ ᠡᠯᠡᠰᠤ ᠶᠢ ᠳᠤᠬᠳᠠᠪᠤᠷᠢᠵᠢᠭᠤᠯᠬᠤ ᠲᠤᠷᠤᠬ ᠮᠤᠳᠤ ᠲᠠᠷᠢᠪᠠ︔  ᠳᠤᠮᠳᠠ ᠭᠡᠰᠡᠭ ᠲᠤ ᠨᠢ ᠡᠯᠡᠰᠤ ᠶᠢ ᠳᠤᠭᠤᠯᠤᠬᠰᠠᠨ ᠵᠠᠰᠠᠮᠠᠯ ᠵᠠᠮ ᠢ ᠠᠰᠢᠬᠯᠠᠵᠤ᠂ ᠵᠠᠮ ᠬᠠᠮᠠᠭᠠᠯᠠᠬᠤ ᠤᠢ᠂ ᠬᠠᠰᠢᠯᠭ᠎ᠠ ᠬᠠᠮᠠᠭᠠᠯᠠᠬᠤ ᠤᠢ ᠤᠢᠢᠵᠢᠭᠤᠯᠪᠡ︔ ᠦᠷᠦᠴᠡᠨ ᠤ ᠲᠤᠪᠤᠷᠴᠠᠬ ᠭᠠᠵᠠᠷ ᠪᠤᠯᠤᠨ ᠤᠰᠤᠨ ᠲᠦᠪᠰᠢᠨ ᠲᠤᠤᠷ᠎ᠠ ᠭᠠᠵᠠᠷ ᠲᠤ ᠨᠤᠭᠤᠭᠠᠨ ᠠᠷᠠᠯ᠂ ᠨᠤᠭᠤᠭᠠᠨ ᠪᠦᠷᠢᠳᠤ ᠪᠠᠶᠢᠭᠤᠯᠪᠠ ᠁      ᠡᠨᠡ ᠪᠦᠬᠦᠨ ᠨᠢ ᠤᠨᠤᠯ ᠦᠢᠯᠡᠳᠤᠯᠬᠡ ᠠᠴᠠ ᠢᠷᠡᠯᠳᠡ ᠲᠠᠢ ᠪᠠᠳᠤ ᠶᠤᠰᠤ ᠪᠤᠯᠤᠨ᠎ᠡ᠃ ᠢ ᠯᠢ ᠪᠦᠯᠦᠭᠯᠡᠯ ᠤᠨ ᠲᠠᠷᠢᠮᠠᠯ ᠤᠨ ᠮᠡᠷᠬᠡᠵᠢᠯ ᠤᠨ ᠦᠵᠡᠬᠦᠯᠬᠡ ᠶᠢᠨ ᠭᠠᠵᠡᠷ ᠠᠴᠠ ᠬᠦᠪᠴᠢ ᠶᠢᠨ ᠡᠯᠡᠰᠤᠨ ᠳᠤ ᠬᠦᠷᠵᠡ ᠪᠠᠷᠢᠵᠤ ᠬᠦᠮᠦᠨ ᠤ ᠬᠦᠴᠦ ᠪᠠᠷ ᠮᠤᠳᠤ ᠲᠠᠷᠢᠵᠤ ᠪᠠᠶᠢᠬᠰᠠᠨ ᠠᠴᠠ ᠪᠠᠨ 10 ᠰᠧᠺᠦ᠋ᠨ᠋ᠳ᠋ ᠲᠤ ᠨᠢᠭᠡ ᠰᠠᠭᠤᠷᠢ ᠮᠤᠳᠤ ᠲᠠᠷᠢᠬᠤ ᠬᠦᠷᠳᠡᠯᠡᠬᠢ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠦᠭᠰᠡᠨ ᠲᠡᠤᠬᠡ ᠶᠢᠨ ᠤᠯᠠ ᠮᠦᠷ ᠢ ᠲᠤᠳᠤ ᠠᠴᠠ ᠲᠤᠳᠤ ᠤᠯᠵᠤ ᠬᠠᠷᠠᠨ᠎ᠡ᠃ ᠨᠢᠭᠡ ᠰᠠᠭᠤᠷᠢ ᠰᠢᠬᠢᠷ ᠡᠪᠡᠰᠤᠨ ᠤ ᠡᠯᠡᠰᠤ ᠶᠢ ᠲᠤᠭᠳᠠᠪᠤᠷᠢᠵᠢᠭᠤᠯᠬᠤ ᠲᠠᠯᠠᠪᠠᠢ 1 ᠲᠡᠭᠰᠢ ᠲᠦᠷᠪᠡᠯᠵᠢᠨ ᠮᠧᠲᠷ ᠪᠠᠶᠢᠳᠠᠭ ᠪᠤᠯ ᠲᠡᠬᠦᠨ ᠢ 10 ᠲᠠᠬᠢᠨ ᠢᠶᠠᠷ ᠨᠡᠮᠡᠭᠳᠡᠬᠦᠯᠬᠦ ᠶᠢᠨ ᠬᠠᠮᠳᠤ ᠤᠬᠤᠵᠤ ᠮᠠᠯᠳᠠᠬᠤ ᠠᠴᠠ ᠪᠤᠯᠵᠤ ᠤᠷᠭᠤᠮᠠᠯ ᠤᠨ ᠪᠦᠷᠬᠦᠴᠡ ᠶᠢ ᠬᠦᠨᠦᠭᠡᠬᠦ ᠶᠢ ᠪᠠᠭᠠᠰᠬᠠᠵᠤ ᠴᠢᠳᠠᠬᠰᠠᠨ ᠰᠢᠬᠢᠷ ᠡᠪᠡᠰᠤ ᠶᠢ ᠬᠡᠪᠳᠡᠬᠦᠯᠵᠤ ᠲᠠᠷᠢᠬᠤ ᠠᠷᠭ᠎ᠠ᠂ ᠨᠢᠬᠡ ᠮᠧᠲᠷ ᠤᠷᠳᠤ ᠤᠰᠤᠨ ᠫᠤᠤ ᠶᠢ ᠡᠯᠡᠰᠤᠨ ᠳᠤ ᠰᠢᠬᠢᠳᠬᠡᠨ ᠤᠷᠤᠭᠤᠯᠵᠤ᠂ ᠤᠰᠤ ᠪᠠᠷ ᠨᠦᠬᠡᠯᠡᠬᠦ᠂ ᠴᠢᠬᠢ ᠰᠠᠭᠤᠯᠭᠠᠬᠤ᠂ ᠤᠰᠤᠯᠠᠬᠤ᠂ ᠪᠤᠯᠠᠬᠤ ᠶᠢ ᠨᠢᠬᠡ ᠯᠠ ᠲᠡᠭᠡᠷ᠎ᠠ ᠬᠦᠢᠴᠡᠳᠬᠡᠨ᠂ ᠴᠠᠭ ᠪᠤᠯᠤᠨ ᠬᠦᠳᠡᠯᠮᠤᠷᠢ ᠠᠷᠪᠢᠯᠠᠳᠠᠭ ᠤᠰᠤᠨ ᠤ ᠤᠷᠤᠰᠬᠠᠯ ᠢᠶᠠᠷ ᠲᠠᠷᠢᠬᠤ ᠠᠷᠭ᠎ᠠ᠂ ᠤᠰᠤᠨ ᠲᠦᠪᠰᠢᠨ ᠲᠤᠤᠷ᠎ᠡ ᠪᠤᠶᠤ ᠤᠰᠤ ᠮᠠᠭᠤᠳᠠᠢ ᠭᠠᠵᠡᠷ ᠤᠰᠤ ᠶᠢ ᠬᠠᠳᠠᠭᠠᠯᠠᠬᠤ ᠦᠢᠯᠡᠳᠤᠯ ᠢᠶᠠᠷ ᠮᠠᠰᠢ ᠰᠠᠶᠢᠨ ᠤᠰᠤᠨ ᠰᠡᠪᠡ ᠪᠠᠷ ᠰᠢᠮᠡᠵᠢᠬᠦᠯᠵᠤ ᠲᠠᠷᠢᠬᠤ ᠠᠷᠭ᠎ᠠ ᠁      ᠨᠢᠳᠤ ᠪᠠᠷ ᠢᠶᠠᠨ ᠦᠵᠡᠭᠰᠡᠨ ᠦᠬᠡᠢ ᠪᠤᠯ ᠢᠳᠡᠬᠡᠮᠡᠷ ᠦᠬᠡᠢ ᠡᠳᠡᠬᠡᠷ ᠠᠷᠭ᠎ᠠ ᠪᠠᠷ 10 ᠰᠧᠺᠦ᠋ᠨ᠋ᠲ ᠲᠤ ᠨᠢᠬᠡ ᠴᠢᠬᠢ ᠮᠤᠳᠤ ᠵᠠᠶᠢᠯᠠᠴᠢᠬᠠᠨ᠎ᠠ᠂ ᠤᠯᠠᠮᠵᠢᠯᠠᠯᠳᠤ ᠠᠷᠭ᠎ᠠ ᠲᠠᠢ ᠬᠠᠷᠢᠴᠠᠭᠤᠯᠪᠠᠯ ᠡᠨᠡᠬᠦ ᠠᠷᠭ᠎ᠠ ᠨᠢ ᠮᠦ ᠪᠦᠷᠢ ᠠᠴᠠ 1000 ᠲᠦᠭᠦᠷᠢᠭ ᠠᠷᠪᠢᠯᠠᠵᠤ ᠴᠢᠳᠠᠬᠤ ᠪᠠᠷ ᠪᠠᠷᠠᠬᠤ ᠦᠬᠡᠢ ᠦᠷ᠎ᠡ ᠪᠦᠳᠦᠮᠵᠢ ᠶᠢ ᠨᠢ 10 ᠳᠠᠬᠢᠨ ᠢᠶᠠᠷ ᠨᠡᠮᠡᠭᠳᠡᠬᠦᠯᠵᠤ᠂ ᠡᠳᠡᠬᠡᠷᠡᠯᠳᠡ ᠶᠢᠨ ᠨᠤᠷᠮ᠎ᠡ ᠶᠢ ᠨᠢ 55% ᠪᠠᠷ ᠲᠡᠬᠡᠭᠰᠢᠯᠡᠬᠦᠯᠵᠤ ᠴᠢᠳᠠᠬᠰᠠᠨ ᠪᠠᠶᠢᠨ᠎ᠡ᠃ ︽ᠬᠦᠪᠴᠢ ᠶᠢᠨ ᠡᠯᠡᠰᠤ ᠶᠢ ᠵᠠᠰᠠᠬᠤ ᠲᠤᠮᠳᠡ᠂ ᠰᠢᠨᠵᠢᠯᠡᠬᠦ ᠤᠬᠠᠭᠠᠨ ᠮᠡᠷᠬᠡᠵᠢᠯ ᠤᠨ ᠦᠷᠬᠦᠯᠵᠢᠯᠡᠨ ᠰᠢᠨ᠎ᠡ ᠶᠢ ᠡᠬᠦᠳᠬᠦ ᠶᠢ ᠤᠷᠳᠤ ᠬᠤᠭᠤᠴᠠᠭ᠎ᠠ ᠪᠠᠷ ᠪᠠᠷᠢᠮᠳᠠᠯᠠᠨ᠂ ᠬᠦᠷᠦᠰᠤᠨ ᠤ ᠡᠪᠳᠡᠯᠳᠠ ᠪᠠᠭ᠎ᠠ ᠠᠷᠭ᠎ᠠ ᠪᠠᠷ ᠮᠤᠳᠤ ᠳᠠᠷᠢᠬᠤ᠂ ᠬᠤᠵᠢᠷᠯᠢᠭ ᠭᠠᠵᠡᠷ ᠢ ᠵᠠᠰᠠᠬᠤ᠂ ᠭᠡᠷᠡᠯ ᠴᠡᠨᠡᠭ ᠢᠶᠠᠷ ᠤᠰᠤᠯᠠᠯᠳᠠ ᠶᠢ ᠨᠡᠮᠡᠭᠳᠡᠭᠦᠯᠬᠦ ᠵᠡᠷᠭᠡ 100 ᠭᠠᠷᠤᠢ ᠠᠮᠢ ᠠᠬᠤᠢ ᠮᠡᠷᠬᠡᠵᠢᠯ ᠤᠨ ᠦᠷ᠎ᠡ ᠪᠦᠳᠦᠬᠡᠯ ᠢ ᠬᠠᠶᠢᠨ ᠰᠦᠪᠡᠭᠴᠢᠯᠡᠨ ᠡᠭᠦᠳᠤᠨ ᠪᠦᠳᠦᠭᠡᠵᠤ᠂ 1000 ᠭᠠᠷᠤᠢ ᠰᠢᠯᠢᠳᠡᠭ ᠡᠯᠡᠰᠦᠨ ᠤ ᠤᠷᠭᠤᠮᠠᠯ ᠢ ᠪᠤᠶᠢᠵᠢᠭᠤᠯᠪᠡ︾ ᠬᠡᠵᠤ ᠢ ᠯᠢ ᠪᠦ᠋ᠯᠦᠭᠯᠡᠯ ᠤᠨ ᠠᠮᠢ ᠠᠬᠤᠢ ᠶᠢᠨ ᠠᠵᠤ ᠦᠢᠯᠡᠰ ᠤᠨ ᠬᠡᠯᠳᠡᠰ ᠤᠨ ᠢᠨᠵᠧᠨᠧᠷᠢᠩ ᠤᠨ ᠮᠡᠷᠬᠡᠵᠢᠯ ᠤᠨ ᠬᠡᠯᠳᠡᠰ ᠤᠨ ᠶᠡᠷᠤᠩᠬᠡᠢ ᠢᠨᠵᠧᠨᠧᠷ ᠵᠠᠩ ᠵᠢᠢ ᠱᠦ ᠶᠠᠷᠢᠨ᠎ᠡ᠃      ᠡᠯᠡᠰᠤᠨ ᠳᠤ ︽ᠬᠤᠷᠢᠭᠳᠠᠵᠤ︾ ᠪᠠᠶᠢᠭᠰᠠᠨ ᠠᠴᠠ ᠪᠠᠨ ᠬᠠᠳᠠᠭᠤᠵᠢᠯᠳᠠᠢ ᠪᠠᠷ ᠡᠯᠡᠰᠤᠷᠬᠡᠭᠵᠢᠯ ᠢ ᠵᠠᠰᠠᠬᠤ ᠭᠦ᠋ᠷᠳᠠᠯ᠎ᠠ᠂ ︽ᠦᠬᠦᠯ ᠤᠨ ᠲᠠᠯᠠᠢ︾ ᠪᠠᠶᠢᠬᠰᠠᠨ ᠠᠴᠠ ᠪᠠᠨ ᠭᠤᠶᠢᠳᠠ ᠰᠠᠶᠢᠬᠠᠨ ᠦᠵᠡᠮᠵᠢ ᠶᠢᠨ ᠤᠷᠤᠨ ᠪᠤᠯᠳᠠᠯ᠎ᠡ᠂ ᠶᠠᠳᠠᠭᠤ ᠨᠢᠴᠦᠬᠦᠨ ᠪᠠᠶᠢᠬᠰᠠᠨ ᠠᠴᠠ ᠪᠠᠨ ᠨᠤᠭᠤᠭᠠᠷᠠᠭᠤᠯᠤᠨ ᠴᠢᠨᠡᠬᠡᠯᠢᠭᠵᠢᠬᠦᠯᠬᠦ ᠬᠦᠷᠳᠡᠯ᠎ᠡ᠂ ᠭᠦᠪᠴᠢ ᠶᠢᠨ ᠡᠯᠠᠰᠤᠨ ᠤ ᠵᠠᠰᠡᠯᠳᠠ ᠲᠡᠯᠡᠬᠡᠢ ᠶᠢᠨ ᠡᠯᠡᠰᠤᠷᠬᠡᠭᠵᠢᠯ ᠤᠨ ᠵᠠᠰᠠᠯᠳᠡ ᠶᠢᠨ ᠲᠤᠮᠳᠡ ᠨᠤᠭᠤᠭᠠᠨ ᠭᠠᠶᠢᠬᠠᠮᠰᠢᠭ ᠢ ᠪᠦᠳᠦᠬᠡᠭᠰᠡᠨ ᠶᠤᠮ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号