ᠣᠶᠢᠷ᠎ᠠ ᠶᠢᠨ ᠡᠳᠤᠷ ᠦᠤᠰᠢᠨ ᠬᠤᠰᠢᠭᠤᠨ ᠤ ᠨᠠᠨᠳᠢᠨ ᠨᠡᠶᠢᠬᠡᠮ ᠲᠤᠭᠤᠷᠢᠭ ᠤᠨ ︽ᠮᠡᠨᠳᠡ︾ ᠬᠡᠤᠬᠡᠳ | ᠪᠠᠭᠠᠴᠤᠳ ᠤᠨ ᠣᠷᠠᠯᠢᠭ ᠤᠨ ᠪᠦᠯᠬᠦᠮ ᠤᠨ ᠬᠢᠨ ᠮᠤᠩᠭᠤᠯ ᠣᠯᠣᠰ ᠤᠨ ᠣᠯᠠᠭᠠᠨᠪᠠᠭᠠᠳᠤᠷ ᠬᠤᠳᠠ ᠳᠤ ᠪᠤᠯᠤᠭᠰᠠᠨ | ᠲᠦᠷᠪᠡᠳᠤᠭᠡᠷ ᠬᠤᠭᠤᠴᠠᠭᠠᠨ ᠤ ᠣᠯᠠᠨ ᠣᠯᠣᠰ ᠤᠨ ᠬᠡᠤᠬᠡᠳ ᠪᠠᠭᠠᠴᠤᠳ ᠤᠨ ᠣᠷᠠᠯᠢᠭ ᠤᠨ ᠴᠤᠭᠯᠠᠭᠠᠨ ᠳᠤ | ᠣᠷᠤᠯᠴᠠᠭᠠᠳ ᠮᠤᠷᠢᠨ ᠬᠤᠭᠤᠷ ᠤᠨ ᠨᠠᠶᠢᠷᠠᠯ ᠬᠦᠭᠵᠢᠮ᠂ ᠱᠠᠨᠵᠠ ᠬᠦᠭᠵᠢᠮ᠂ ᠳ᠋ᠠᠴᠢᠩ ᠬᠦᠭᠵᠢᠮ ᠵᠡᠷᠭᠡ ᠮᠤᠩᠭᠤᠯ | ᠦᠨᠳᠤᠰᠤᠳᠡᠨ ᠤ ᠣᠯᠠᠮᠵᠢᠯᠠᠯᠳᠤ ᠬᠦᠭᠵᠢᠮ ᠤᠨ ᠰᠤᠳᠤᠨ ᠰᠠᠶᠢᠬᠠᠨ ᠠᠶᠠᠯᠭᠤ ᠪᠠᠷ ᠢᠶᠠᠨ ᠬᠤᠷᠠᠭᠰᠠᠨ ᠣᠯᠠᠨ ᠤ | ᠬᠠᠶᠢᠷ᠎ᠠ ᠪᠠᠭ᠋ᠠᠷᠬᠠᠯ ᠢ ᠲᠠᠳᠠᠵᠦ ᠣᠯᠠᠨ ᠣᠯᠣᠰ ᠤᠨ ᠰᠠᠶᠢᠨ ᠦᠨᠡᠯᠡᠯᠳᠡ ᠶᠢ ᠣᠯᠵᠦ ᠭᠤᠷᠪᠠᠨ ᠠᠯᠳᠠᠨ ᠮᠧᠳ᠋ᠯ ᠤᠨ | ᠱᠠᠩ ᠢ ᠭᠠᠷᠳᠠᠭᠰᠠᠨ ᠪᠠᠶᠢᠨ᠎ᠠ᠃ ᠣᠷᠠᠯᠢᠭ ᠤᠨ ᠴᠤᠭᠯᠠᠭᠠᠨ ᠳᠤ ᠲᠤᠮᠳᠠᠳᠤ᠂ ᠮᠤᠩᠭᠤᠯ᠂ ᠣᠷᠤᠰ᠂ ᠲᠠᠶᠢᠯᠠᠨᠳ᠋᠂ | ᠺᠤᠷᠢᠶᠠ ᠵᠡᠷᠭᠡ ᠲᠠᠪᠤᠨ ᠤᠯᠤᠰ ᠤᠨ ᠬᠡᠤᠬᠡᠳ ᠪᠠᠭᠠᠴᠤᠳ ᠤᠨ ᠣᠷᠠᠯᠢᠭ ᠤᠨ ᠪᠦᠯᠬᠦᠮ ᠶᠢᠨ ᠬᠢᠨ ᠣᠷᠤᠯᠴᠠᠵᠦ᠂ | ᠠᠪᠢᠶᠠᠰ ᠪᠢᠯᠢᠭ ᠢᠶᠠᠨ ᠰᠤᠷᠢᠭᠰᠠᠨ ᠪᠠᠶᠢᠨ᠎ᠠ᠃ | ︽ᠮᠠᠨᠳᠠ︾ ᠬᠡᠤᠬᠡᠳ ᠪᠠᠭᠠᠴᠤᠳ ᠤᠨ ᠣᠷᠠᠯᠢᠭ ᠤᠨ ᠪᠦᠯᠬᠦᠮ ᠨᠢ ᠦᠤᠰᠢᠨ ᠬᠤᠰᠢᠭᠤᠨ ᠤ ᠮᠤᠩᠭᠤᠯ | ᠦᠨᠳᠤᠰᠤᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ 12 ᠰᠤᠷᠤᠭᠴᠢᠳ ᠢᠶᠠᠷ | ᠪᠦᠷᠢᠯᠳᠦᠵᠦ᠂ ᠣᠶᠢᠷ᠎ᠠ ᠶᠢᠨ ᠵᠢᠯ ᠳᠤ ᠲᠤᠰ ᠰᠤᠷᠭᠠᠭᠤᠯᠢ ᠶᠢᠨ ᠬᠢᠨ ᠰᠤᠷᠤᠭᠴᠢᠳ ᠤᠨ ᠠᠪᠢᠶᠠᠰ ᠪᠢᠯᠢᠭ ᠲᠤ ᠨᠢ | ᠲᠤᠬᠢᠷᠠᠭᠤᠯᠤᠨ ᠣᠯᠠᠨ ᠲᠦᠷᠦᠯ ᠤᠨ ᠰᠤᠶᠤᠯ ᠣᠷᠠᠯᠢᠭ ᠤᠨ ᠲᠤᠷ᠎ᠠ ᠰᠤᠨᠢᠷᠬᠠᠯ ᠤᠨ ᠬᠢᠴᠢᠶᠠᠯ ᠢ ᠨᠡᠬᠡᠬᠡᠵᠦ ᠬᠡᠤᠬᠡᠳ | ᠪᠠᠭᠠᠴᠤᠳ ᠲᠤ ᠬᠠᠷᠠᠬᠠᠨ ᠪᠠᠭ᠎ᠠ ᠠᠴᠠ ᠪᠠᠨ ᠲᠤᠷ᠎ᠠ ᠪᠠᠬ᠎ᠠ ᠶᠢᠨ ᠬᠦᠮᠤᠵᠢᠯ ᠬᠢᠬᠦ ᠶᠢ ᠴᠢᠬᠤᠯᠠᠴᠢᠯᠠᠵᠦ ᠢᠷᠡᠭᠰᠡᠨ | ᠢᠶᠠᠷ ᠰᠤᠷᠭᠠᠭᠤᠯᠢ ᠶᠢᠨ ᠬᠦᠷᠢᠶᠠᠨ ᠳᠤ ᠦᠨᠳᠤᠰᠤᠳᠡᠨ ᠤ ᠰᠤᠶᠤᠯ ᠣᠷᠠᠯᠢᠭ ᠢᠶᠠᠨ ᠰᠢᠮᠳᠠᠨ ᠰᠤᠷᠤᠯᠴᠠᠵᠦ | ᠬᠦᠭᠵᠢᠬᠦᠯᠦᠨ ᠮᠠᠨᠳᠤᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ |