8 ᠰᠠᠷ᠎ᠠ ᠶᠢᠨ 8 ᠤ ᠡᠳᠦᠷ ︽ᠣᠳᠣ ᠦᠶ᠎ᠡ ᠶᠢᠨ ᠳᠣᠮᠳᠠᠳᠣ ᠣᠯᠣᠰ ᠤᠨ ᠮᠣᠩᠭᠤᠯ ᠦᠨᠳᠦᠰᠦᠳᠡᠨ ᠤ | ᠳᠡᠣᠬᠡ︾ ᠶᠢᠨ ᠰᠣᠳᠣᠯᠭᠠᠨ ᠤ ᠰᠡᠳᠣᠪ ᠤᠨ ᠳᠣᠭᠤᠶᠢᠯᠠᠩ ᠤᠨ ᠪᠠᠶᠢᠴᠠᠭᠠᠨ ᠰᠣᠳᠣᠯᠣᠯᠲᠠ ᠶᠢᠨ ᠰᠠᠭᠤᠳᠠᠯ ᠤᠨ | ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ ᠨᠢᠭᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠠᠯᠳᠠᠨᠳᠣᠶᠠᠭ᠎ᠠ᠂ ᠬᠤᠰᠢᠭᠤ | ᠳᠡᠳ᠋ ᠳᠠᠷᠤᠭ᠎ᠠ ᠪᠠᠶᠠᠨᠴᠡᠩᠬᠡᠯ᠂ ᠦᠪᠦᠷ ᠮᠣᠩᠭᠤᠯ ᠤᠨ ᠶᠡᠭᠡ ᠰᠣᠷᠭᠠᠭᠤᠯᠢ ᠶᠢᠨ ᠫᠷᠣᠹᠧᠰᠰᠣᠷ ᠬᠤᠣ ᠸᠧᠢ ᠮᠢᠨ | ᠵᠢᠴᠢ ᠮᠠᠨ ᠤ ᠬᠤᠰᠢᠭᠤᠨ ᠤ ᠡᠯ᠎ᠡ ᠰᠣᠮᠣ ᠪᠠᠯᠭᠠᠰᠣ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ | ᠨᠢᠬᠡᠳᠦᠮᠡᠯ ᠹᠷᠣᠨᠲ ᠤᠨ ᠬᠡᠯᠳᠡᠰ ᠤᠨ ᠬᠠᠷᠢᠭᠤᠴᠠᠯᠭᠠᠳᠠᠨ᠂ ᠮᠠᠨ ᠤ ᠬᠤᠰᠢᠭᠤᠨ ᠤ ᠠᠷᠠᠳ ᠤᠨ ᠳᠡᠣᠬᠡ ᠶᠢᠨ | ᠰᠣᠷᠪᠣᠯᠵᠢ ᠪᠢᠴᠢᠭ ᠤᠨ ᠵᠣᠬᠢᠶᠠᠯᠴᠢ ᠨᠠᠰᠣᠨᠪᠠᠲᠣ ᠵᠡᠷᠭᠡ ᠬᠦᠮᠦᠰ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠣ ᠸᠧᠢ ᠮᠢᠨ ᠫᠷᠣᠹᠧᠰᠰᠣᠷ ᠠᠴᠠ ᠰᠣᠳᠣᠯᠭᠠᠨ ᠤ ᠰᠡᠳᠣᠪ ᠤᠨ ᠳᠣᠭᠤᠶᠢᠯᠠᠩ ᠢ | ᠳᠦᠯᠦᠬᠡᠯᠡᠨ ᠳᠣᠰ ᠣᠳᠠᠭᠠᠨ ᠤ ᠠᠵᠢᠯᠯᠠᠭᠠᠨ ᠤ ᠵᠣᠷᠢᠯᠭ᠎ᠠ ᠪᠠ ︽ᠣᠳᠣ ᠦᠶ᠎ᠡ ᠶᠢᠨ ᠳᠣᠮᠳᠠᠳᠣ ᠣᠯᠣᠰ ᠤᠨ | ᠮᠣᠩᠭᠤᠯ ᠦᠨᠳᠦᠰᠦᠳᠡᠨ ᠤ ᠳᠡᠣᠬᠡ︾ ᠬᠡᠬᠦ ᠴᠣᠪᠣᠷᠠᠯ ᠪᠢᠴᠢᠭ ᠲᠡᠭᠡᠨ ᠦᠦᠰᠢᠨ ᠬᠤᠰᠢᠭᠤᠨ ᠤ ᠳᠣᠭᠤᠶᠢᠯᠠᠩ ᠤᠨ | ᠬᠦᠳᠡᠯᠬᠡᠬᠡᠨ ᠪᠠ ᠰᠢᠨᠡᠯᠡᠮ᠎ᠡ᠂ ᠦᠦᠰᠢᠨ ᠬᠤᠰᠢᠭᠤᠨ ᠤ ᠰᠣᠶᠣᠯ ᠤᠨ ᠳᠠᠯ᠎ᠠ ᠪᠠᠷ ᠬᠢ ᠣᠨᠴᠠᠯᠠᠭᠰᠠᠨ ᠬᠦᠮᠦᠨ᠂ | ᠪᠣᠷᠣᠯᠳᠠᠢ ᠪᠠᠷ ᠳᠦᠯᠦᠬᠡᠯᠡᠬᠦᠯᠦᠭᠰᠡᠨ ᠦᠦᠰᠢᠨ ᠬᠤᠰᠢᠭᠤᠨ ᠤ ᠮᠠᠯᠴᠢᠨ ᠳᠠᠷᠢᠶᠠᠴᠢᠨ ᠤ ᠣᠶᠢᠵᠢᠭᠤᠯᠣᠯᠲᠠ ᠬᠢᠭᠰᠡᠨ | ᠢᠨᠵᠧᠨᠧᠷᠢᠩ ᠪᠠ ᠦᠦᠰᠢᠨ ᠬᠤᠰᠢᠭᠤᠨ ᠤ ᠰᠢᠯᠢᠳᠡᠭ ᠰᠣᠶᠣᠯ᠂ ᠪᠣᠳᠠᠰ ᠤᠨ ᠪᠣᠰᠣ ᠰᠣᠶᠣᠯ ᠤᠨ ᠦᠪ ᠵᠡᠷᠬᠡ | ᠠᠭᠤᠯᠭ᠎ᠠ ᠶᠢ ᠣᠷᠣᠭᠤᠯᠣᠨ᠎ᠠ ᠬᠡᠰᠡᠨ ᠢᠶᠠᠨ ᠳᠣᠳᠣᠷᠬᠠᠶᠢᠯᠠᠪᠠ᠃ | ᠬᠤᠷᠠᠯ ᠳᠡᠭᠡᠷ᠎ᠡ ᠠᠯᠳᠠᠨᠳᠣᠶᠠᠭ᠎ᠠ ᠴᠢᠬᠤᠯᠠᠴᠢᠯᠠᠬᠤ ᠳᠠᠭᠠᠨ᠂ ᠬᠤᠣ ᠸᠧᠢ ᠮᠢᠨ ᠫᠷᠣᠹᠧᠰᠰᠣᠷ ᠤᠨ ︽ ᠣᠳᠣ | ᠦᠶ᠎ᠡ ᠶᠢᠨ ᠳᠣᠮᠳᠠᠳᠣ ᠣᠯᠣᠰ ᠤᠨ ᠮᠣᠩᠭᠤᠯ ᠦᠨᠳᠦᠰᠦᠳᠡᠨ ᠤ ᠳᠡᠣᠬᠡ︾ ᠬᠡᠬᠦ ᠴᠣᠪᠣᠷᠠᠯ ᠪᠢᠴᠢᠭ ᠲᠤ ᠳᠣᠮᠳᠠᠳᠣ | ᠣᠯᠣᠰ ᠳᠡᠷᠡᠴᠢᠯᠡᠨ ᠳᠡᠯᠡᠬᠡᠢ ᠶᠢᠨ 40 ᠭᠠᠷᠣᠢ ᠳᠦᠮᠡᠨ ᠳᠣᠮᠳᠠᠳᠣ ᠣᠯᠣᠰ ᠤᠨ ᠮᠣᠩᠭᠤᠯ ᠦᠨᠳᠦᠰᠦᠳᠡᠨ ᠤ | ᠳᠡᠣᠬᠡ ᠶᠢ ᠪᠠᠭᠳᠠᠭᠠᠭᠰᠠᠨ ᠪᠠᠶᠢᠨ᠎ᠠ᠃ ᠮᠠᠨ ᠤ ᠬᠤᠰᠢᠭᠤᠨ ᠤ ᠡᠯ᠎ᠡ ᠡᠳᠡᠭᠡᠳ ᠤᠨ ᠬᠢᠨ ᠬᠤᠣ ᠸᠧᠢ ᠮᠢᠨ | ᠫᠷᠣᠹᠧᠰᠰᠣᠷ ᠤᠨ ︽ᠣᠳᠣ ᠦᠶ᠎ᠡ ᠶᠢᠨ ᠳᠣᠮᠳᠠᠳᠣ ᠣᠯᠣᠰ ᠤᠨ ᠮᠣᠩᠭᠤᠯ ᠦᠨᠳᠦᠰᠦᠳᠡᠨ ᠤ ᠳᠡᠣᠬᠡ︾ ᠶᠢᠨ | ᠵᠣᠬᠢᠶᠠᠨ ᠪᠦᠲᠦᠬᠡᠬᠦ ᠵᠢᠴᠢ ᠳᠤᠭ᠎ᠠ ᠪᠠᠷᠢᠮᠳᠠ ᠮᠠᠲ᠋ᠧᠷᠢᠶᠠᠯ ᠴᠣᠭᠯᠠᠭᠤᠯᠬᠤ ᠠᠵᠢᠯ ᠢ ᠳᠡᠮᠵᠢᠵᠤ ᠢᠳᠡᠪᠬᠢᠲᠡᠢ ᠪᠠᠷ | ᠬᠠᠮᠵᠢᠬᠤ ᠬᠡᠷᠡᠭᠲᠡᠢ ᠭᠡᠪᠡ᠃ ᠬᠤᠷᠠᠯ ᠳᠤ ᠣᠷᠣᠯᠴᠠᠭᠰᠠᠳ ᠠᠴᠠ ᠳᠣᠰᠬᠠᠢ ᠬᠦᠮᠦᠨ ᠳᠣᠮᠢᠯᠠᠵᠣ ᠫᠷᠣᠹᠧᠰᠰᠣᠷ ᠤᠨ | ᠳᠤᠭ᠎ᠠ ᠪᠠᠷᠢᠮᠳᠠ ᠮᠠᠲ᠋ᠧᠷᠢᠶᠠᠯ ᠴᠣᠭᠯᠠᠭᠤᠯᠬᠤ ᠠᠵᠢᠯ ᠳᠤ ᠬᠠᠮᠵᠢᠯᠴᠠᠨ᠎ᠠ ᠬᠡᠵᠦ ᠢᠯᠡᠷᠬᠡᠶᠢᠯᠡᠭᠰᠡᠨ ᠪᠠᠶᠢᠨ᠎ᠠ᠃ |