8 ᠰᠠᠷ᠎ᠠ 1 ᠤ ᠡᠳᠦᠷ ᠠᠴᠠ 2 ᠤᠨ ᠡᠳᠤᠷ ᠪᠤᠯᠲᠠᠯ᠎ᠠ᠂ ᠬᠤᠲᠠ ᠶᠢᠨ ᠭᠠᠴᠠᠭ᠎ᠠ ᠲᠤᠰᠬᠤᠨ ᠨᠡᠶᠢᠬᠡᠮ | ᠲᠤᠭᠤᠷᠢᠭ ᠤᠨ ︽ᠬᠤᠶᠠᠷ ᠵᠦᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠬᠢᠨᠠᠨ | ᠵᠢᠯᠤᠭᠤᠳᠬᠤ ᠲᠠᠪᠤᠲᠤᠭᠠᠷ ᠲᠤᠭᠤᠶᠢᠯᠠᠩ ᠤᠨ ᠲᠠᠷᠤᠭ᠎ᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠶᠠᠩ ᠮᠢᠩ ᠨᠠᠷ ᠮᠠᠨ ᠤ ᠬᠤᠰᠢᠭᠤᠨ ᠳᠤ ᠢᠷᠡᠵᠤ | ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ | ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ᠃ ᠬᠢᠨᠠᠨ ᠵᠢᠯᠤᠭᠤᠳᠬᠤ ᠲᠤᠭᠤᠶᠢᠯᠠᠩ ᠤᠷᠢᠳ | ᠬᠤᠵᠢᠳ ᠰᠦᠯᠲᠡ ᠰᠤᠮᠤ᠂ ᠲᠤᠭ ᠪᠠᠯᠭᠠᠰᠤᠨ ᠳᠤ ᠬᠦᠷᠴᠤ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ︽ | ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠬᠢᠨᠠᠨ ᠵᠢᠯᠤᠭᠤᠳᠤᠭᠰᠠᠨ ᠤ ᠲᠠᠷᠠᠭ᠎ᠠ | ᠬᠠᠷᠢᠭᠤ ᠮᠡᠲᠡᠭᠦᠯᠦᠯᠲᠠ ᠶᠢᠨ ᠬᠤᠷᠠᠯ ᠢ ᠬᠤᠷᠠᠯᠳᠤᠭᠤᠯᠪᠠ᠃ | ᠬᠤᠰᠢᠭᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠦᠪᠯᠠᠯ︾ ᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠲᠡᠳ᠋ ᠲᠠᠷᠤᠭ᠎ᠠ ᠬᠤᠰᠢᠭᠤ ᠲᠡᠳ᠋ | ᠲᠠᠷᠤᠭ᠎ᠠ ᠬᠤᠰᠢᠭᠤ ᠡᠳ᠋ ᠶᠢᠨ ᠵᠠᠰᠠᠭ ᠤᠨ ᠲᠤᠪᠴᠢᠶᠠᠨ ᠲᠠᠷᠤᠭ᠎ᠠ ᠪᠠᠶᠠᠨᠴᠡᠩᠬᠡᠯ ᠠᠵᠢᠯ ᠤᠨ ᠬᠠᠷᠢᠭᠤ ᠮᠡᠲᠡᠭᠦᠯᠦᠯᠲᠡ | ᠬᠢᠵᠦ᠂ ᠬᠤᠰᠢᠭᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠦᠪᠯᠠᠯ︾ ᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠲᠡᠳ᠋ ᠲᠠᠷᠤᠭ᠎ᠠ ᠬᠤᠰᠢᠭᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠸᠠᠩ ᠶᠥᠩ | ᠴᠢᠩ᠂ ᠬᠤᠰᠢᠭᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠦᠪᠯᠠᠯ︾ ᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠠᠵᠢᠯ ᠤᠨ ᠤᠲᠤᠷᠢᠳᠬᠤ ᠪᠠᠭ᠎ᠠ ᠲᠤᠭᠤᠶᠢᠯᠠᠩ ᠤᠨ ᠪᠦᠷᠢᠯᠲᠦᠭᠦᠨ ᠪᠠᠶᠢᠭᠤᠯᠭ᠎ᠠ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠪᠤᠯᠤᠨ ᠡᠯ᠎ᠡ ᠰᠤᠮᠤ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ | ᠬᠤᠷᠠᠯ ᠳᠤ ᠤᠷᠤᠯᠴᠠᠨ᠂ ᠸᠠᠩ ᠶᠦᠩ ᠴᠢᠩ ᠬᠤᠷᠠᠯ ᠡᠷᠬᠢᠯᠡᠪᠡ᠃ | ᠬᠠᠷᠢᠭᠤ ᠮᠡᠲᠡᠭᠦᠯᠦᠯᠲᠡ ᠶᠢ ᠰᠤᠨᠤᠰᠤᠭᠰᠠᠨ ᠤ ᠲᠠᠷᠠᠭ᠎ᠠ ᠬᠢᠨᠠᠨ ᠵᠢᠯᠤᠭᠤᠳᠬᠤ ᠲᠤᠭᠤᠶᠢᠯᠠᠩ ᠨᠢ ᠮᠠᠨ ᠤ | ᠬᠤᠰᠢᠭᠤᠨ ᠤ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠩᠬ᠎ᠠ ᠠᠯᠬᠤᠮ ᠤᠨ ᠠᠵᠢᠯ ᠳᠤ ᠦᠨᠲᠦᠷ ᠦᠨᠡᠯᠡᠯᠲᠡ ᠦᠭᠴᠦ᠂ ᠲᠠᠷᠠᠭᠠᠴᠢ ᠶᠢᠨ ᠠᠵᠢᠯ ᠢ | ᠰᠠᠶᠢᠲᠤᠷ ᠬᠢᠬᠦ ᠲᠤᠬᠠᠢ ᠰᠠᠨᠠᠭᠤᠯᠭ᠎ᠠ ᠲᠤᠷᠠᠳᠪᠠ᠃ ᠨᠢᠭᠡ ᠳᠤ ᠤᠯᠤᠰ ᠲᠦᠷᠦ ᠶᠢᠨ ᠵᠤᠭᠰᠤᠴᠠ ᠪᠠᠨ | ᠦᠨᠲᠦᠷᠵᠢᠭᠦᠯᠵᠦ᠂ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠠᠵᠢᠯ ᠤᠨ ᠤᠯᠤᠰ ᠲᠦᠷᠦ ᠶᠢᠨ ᠡᠭᠦᠷᠭᠡ ᠪᠠᠨ ᠦᠨᠡᠨᠬᠦ ᠰᠠᠶᠢᠲᠤᠷ ᠠᠳᠬᠤᠬᠤ | ᠬᠡᠷᠡᠭᠲᠡᠢ᠃ ᠬᠤᠶᠠᠷ ᠲᠤ ︽ᠭᠠᠴᠠᠭ᠎ᠠ ᠲᠤᠰᠬᠤᠨ ᠤ ᠭᠤᠤᠯ ᠬᠠᠷᠢᠭᠤᠴᠠᠯᠭᠠᠳᠠᠨ ᠤ ᠲᠤᠰᠢᠶᠠᠯ ᠬᠠᠪᠰᠤᠷᠭᠠᠬᠤ︾ | ᠬᠠᠷᠢᠴᠠᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠬᠠᠭᠤᠯᠬᠤ ᠬᠦᠴᠦᠯᠡᠴᠨ ᠪᠠᠨ ᠨᠡᠮᠡᠭᠳᠡᠭᠦᠯᠦᠨ᠂ | ᠬᠦᠮᠦᠨ ᠤ ᠬᠦᠴᠦᠨ ᠢᠶᠠᠨ ᠵᠤᠬᠢᠶᠠᠨ ᠪᠠᠶᠢᠭᠤᠯᠤᠨ ᠭᠠᠴᠠᠭ᠎ᠠ ᠲᠤᠰᠬᠤᠨ ᠨᠡᠶᠢᠭᠡᠮ ᠲᠤᠭᠤᠷᠢᠭ ᠲᠤ ᠬᠦᠷᠴᠤ ᠦᠵᠡᠯ | ᠰᠠᠨᠠᠭ᠎ᠠ ᠤᠬᠠᠭᠤᠯᠭ᠎ᠠ ᠶᠢᠨ ᠠᠵᠢᠯ ᠢᠶᠠᠨ ᠰᠠᠶᠢᠳᠤᠷ ᠬᠢᠵᠤ᠂ ︽ᠭᠠᠴᠠᠭ᠎ᠠ ᠲᠤᠰᠬᠤᠨ ᠤ ᠭᠤᠤᠯ ᠬᠠᠷᠢᠭᠤᠴᠠᠯᠭᠠᠳᠠᠨ | ᠤ ᠲᠤᠰᠢᠶᠠᠯ ᠬᠠᠪᠰᠤᠷᠭᠠᠬᠤ︾ ᠬᠠᠷᠢᠴᠠᠯ ᠢ 35% ᠳᠤ ᠬᠦᠷᠭᠡᠬᠦ ᠶᠢ ᠪᠠᠳᠤᠯᠠᠬᠤ ᠭᠡᠷᠡᠭᠳᠡᠢ᠃ ᠭᠤᠷᠪᠠ ᠳᠤ ᠪᠠᠴᠢᠮ | ᠪᠠᠶᠢᠳᠠᠯ ᠢ ᠰᠢᠢᠳᠪᠦᠷᠢᠯᠡᠬᠦ ᠲᠦᠰᠦᠪ ᠢᠶᠠᠨ ᠤᠯᠠᠮ ᠲᠡᠭᠦᠯᠳᠡᠷᠵᠢᠭᠦᠯᠵᠤ᠂ ᠡᠯ᠎ᠡ ᠵᠦᠢᠯ ᠤᠨ ᠡᠭᠦᠰᠴᠤ ᠮᠡᠳᠡᠭᠦ | ᠪᠠᠶᠢᠳᠠᠯ ᠳᠤ ᠪᠦᠳᠦᠮᠵᠢᠳᠠᠢ ᠠᠷᠭ᠎ᠠ ᠭᠠᠷᠭᠠᠨ᠂ ᠵᠢᠩᠬᠢᠨᠢ ᠰᠤᠩᠭᠤᠭᠤᠯᠢ ᠶᠢᠨ ᠪᠠᠴᠢᠮ ᠪᠠᠶᠢᠳᠠᠯ ᠢ ᠰᠢᠢᠳᠪᠦᠷᠢᠯᠡᠬᠦ | ᠠᠵᠢᠯ ᠢ ᠬᠦᠢᠴᠡᠳ ᠬᠢᠬᠦ ᠭᠡᠷᠡᠭᠳᠡᠢ᠃ ᠲᠦᠷᠪᠠ ᠳᠤ ᠦᠨᠳᠦᠷ ᠪᠠᠷᠢᠮᠵᠢᠶ᠎ᠠ᠂ ᠦᠨᠳᠤᠷ ᠴᠢᠨᠠᠷ ᠲᠡᠰ ᠤᠨ | ᠱᠠᠭᠠᠷᠳᠠᠯᠭ᠎ᠠ ᠪᠠᠷ ᠵᠢᠱᠢᠭᠲᠡᠭᠰᠡᠳ ᠤᠨ ᠬᠢᠷᠢ ᠬᠡᠮ ᠤᠨ ᠪᠤᠭᠤᠮᠳᠠ ᠶᠢ ᠴᠢᠩᠭ᠎ᠠ ᠠᠳᠬᠤᠵᠤ᠂ ᠤᠯᠠᠨ ᠲᠦᠮᠡᠨ ᠢ | ᠲᠠᠶᠢᠴᠢᠯᠠᠨ ᠲᠠᠭᠠᠭᠤᠯᠵᠤ ᠪᠠᠶᠠᠵᠢᠯ ᠤᠨ ᠵᠠᠮ ᠢᠶᠠᠷ ᠵᠠᠮᠨᠠᠭᠤᠯᠳᠠᠭ ︽ᠲᠦᠷᠦᠭᠦᠴᠢ ᠭᠠᠯᠠᠭᠤ︾ ᠶᠢ ᠰᠤᠩᠭᠤᠨ | ᠭᠠᠷᠭᠠᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠡᠯ᠎ᠡ ᠭᠤᠭᠴᠤᠭ᠎ᠠ᠂ ᠡᠯ᠎ᠡ ᠲᠦᠷᠦᠯ ᠤᠨ | ᠠᠷᠭ᠎ᠠ ᠭᠡᠮᠵᠢᠶ᠎ᠠ ᠶᠢ ᠤᠯᠠᠮ ᠨᠠᠷᠢᠯᠢᠭᠵᠢᠭᠤᠯᠤᠨ ᠪᠤᠳᠠᠳᠠᠶᠢᠵᠢᠭᠤᠯᠵᠤ᠂ ᠯᠠᠪᠳᠠᠭᠤᠨ ᠪᠠᠳᠤᠳᠠᠢ ᠠᠬᠢᠭᠤᠯᠤᠨ᠂ | ᠰᠤᠩᠭᠤᠭᠤᠯᠢ ᠶᠢᠨ ᠠᠵᠢᠯ ᠤᠨ ᠲᠡᠰ ᠲᠠᠷᠠᠭ᠎ᠠ ᠨᠢ ᠬᠠᠤᠯᠢ ᠳᠤ ᠨᠡᠶᠢᠴᠡᠭᠰᠡᠨ᠂ ᠶᠠᠪᠤᠴᠠ ᠨᠢ ᠢᠯᠡ ᠲᠤᠳᠤ᠂ ᠦᠷ᠎ᠡ | ᠳ᠋ᠦᠩ ᠨᠢ ᠬᠦᠴᠦᠨ ᠲᠠᠢ ᠪᠠᠶᠢᠬᠤ ᠶᠢ ᠪᠠᠳᠤᠯᠠᠬᠤ ᠭᠡᠷᠡᠭᠳᠡᠢ᠃ ᠲᠠᠪᠤ ᠳᠤ ᠭᠠᠴᠠᠭ᠎ᠠ ᠲᠤᠰᠬᠤᠨ ᠨᠡᠶᠢᠬᠡᠮ | ᠲᠤᠭᠤᠷᠢᠭ ᠤᠨ ︽ᠬᠤᠶᠠᠷ ᠵᠦᠪᠯᠠᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠬᠤᠶᠢᠰᠢᠳᠠ ᠶᠢᠨ ᠠᠵᠢᠯ ᠢ | ᠨᠠᠷᠢᠨ ᠬᠢᠨᠠᠮᠠᠭᠠᠢ ᠰᠠᠶᠢᠳᠤᠷ ᠠᠳᠬᠤᠨ᠂ ᠰᠢᠨ᠎ᠡ ᠪᠠᠷ ᠰᠤᠩᠭᠤᠭᠳᠠᠭᠰᠠᠨ ᠭᠠᠴᠠᠭ᠎ᠠ ᠲᠤᠰᠬᠤᠨ ᠨᠡᠶᠢᠭᠡᠮ ᠲᠤᠭᠤᠷᠢᠭ | ᠤᠨ ︽ᠬᠤᠶᠠᠷ ᠵᠦᠪᠯᠡᠯ︾ ᠤᠨ ᠤᠳᠤᠷᠢᠳᠬᠤ ᠪᠠᠭ ᠤᠨ ᠲᠠᠷᠤᠶᠢᠬᠠᠨ ᠠᠵᠢᠯ ᠤᠨ ᠪᠠᠶᠢᠳᠠᠯ ᠳᠠᠭᠠᠨ ᠤᠷᠤᠵᠤ | ᠶᠠᠲᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠲᠠᠶᠢᠯᠠᠯᠳᠤᠭᠠᠨ ᠤ ᠢᠯᠠᠯᠳᠠ ᠢ ᠲᠡᠮᠡᠴᠡᠨ ᠤᠯᠬᠤ᠂ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠡᠷᠭᠡ ᠡᠯ᠎ᠡ ᠲᠦᠷᠦᠯ ᠤᠨ ᠠᠵᠢᠯ ᠤᠨ ᠡᠭᠦᠷᠭᠡ ᠪᠠᠨ ᠰᠠᠶᠢᠳᠤᠷ | ᠪᠡᠶᠡᠯᠡᠬᠦᠯᠬᠦ ᠶᠢ ᠠᠬᠢᠭᠤᠯᠬᠤ ᠭᠡᠷᠡᠭᠳᠡᠢ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ | ᠤᠨ ᠬᠠᠷᠢᠭᠤᠴᠠᠯᠭᠠᠳᠠᠳ ᠡᠷᠭᠡᠪᠰᠢ ᠦᠵᠡᠯᠲᠡ ᠲᠠᠨᠢᠯᠲᠠ ᠪᠠᠨ ᠲᠡᠭᠡᠭᠰᠢᠯᠡᠭᠦᠯᠦᠨ᠂ ᠡᠭᠦᠷᠭᠡ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠬᠢᠨᠠᠨ ᠵᠢᠯᠤᠭᠤᠳᠬᠤ ᠲᠤᠭᠤᠶᠢᠯᠠᠩ ᠤᠨ ᠱᠠᠭᠠᠷᠲᠠᠯᠭ᠎ᠠ ᠶᠤᠰᠤᠭᠠᠷ ᠦᠪᠡᠷ ᠤᠨ ᠪᠤᠲᠠᠲᠤ | ᠠᠵᠢᠯ ᠲᠠᠢ ᠪᠠᠨ ᠬᠠᠷᠭᠤᠭᠤᠯᠤᠨ ᠦᠨᠡᠨᠬᠦ ᠴᠢᠩᠭ᠎ᠠ ᠪᠤᠳᠠᠳᠠᠢ ᠰᠠᠶᠢᠳᠤᠷ ᠠᠳᠬᠤᠵᠤ᠂ ᠪᠦᠬᠦ ᠬᠤᠰᠢᠭᠤᠨ ᠤ | ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠤᠶᠠᠷ ᠵᠦᠪᠯᠠᠯ︾ ᠤᠨ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠤᠨ ᠡᠯ᠎ᠡ ᠲᠦᠷᠦᠯ ᠤᠨ ᠠᠵᠢᠯ ᠤᠨ ᠡᠭᠦᠷᠭᠡ ᠪᠠᠨ ᠲᠡᠬᠦᠰ ᠠᠮᠵᠢᠯᠲᠠ ᠲᠠᠢ ᠪᠡᠶᠡᠯᠡᠭᠦᠯᠬᠦ | ᠬᠡᠷᠡᠭᠲᠡᠢ ᠭᠡᠪᠠ᠃ |