ᠮᠠᠨ ᠤ ᠬᠤᠰᠢᠭᠤᠨ ᠤ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠦᠷᠨᠢᠩᠭᠦᠢ ᠭᠦᠭᠵᠢᠵᠤ ᠪᠠᠶᠢᠨ᠎ᠠ
ᠨᠡᠶᠢᠲᠡᠯᠡᠭᠰᠡᠨ ᠴᠠᠭ᠄
2018-08-14
     ᠡᠨᠡ ᠵᠢᠯ ᠠᠴᠠ ᠨᠠᠰᠢ ᠮᠠᠨ ᠤ ᠬᠤᠰᠢᠭᠤ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠢ ᠪᠦᠬᠦ ᠤᠷᠤᠨ ᠪᠦᠰᠡ ᠶᠢᠨ ᠵᠢᠭᠤᠯᠴᠢᠯᠠᠯ ᠪᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ  ᠶᠢ ᠬᠡᠷᠡᠭᠵᠢᠬᠦᠯᠬᠦ ᠶᠢᠨ ᠴᠢᠬᠤᠯᠠ ᠠᠳᠬᠤᠴᠠ ᠪᠤᠯᠭᠠᠨ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢᠨ ᠠᠬᠢᠴᠨ ᠶᠢ ᠲᠦᠷᠭᠡᠳᠭᠡᠨ᠂ ︽ᠲᠠᠷᠢᠶᠠᠯᠠᠩ + ᠵᠢᠭᠤᠯᠴᠢᠯᠠᠯ︾ ︽ᠰᠤᠶᠤᠯ + ᠵᠢᠭᠤᠯᠴᠢᠯᠠᠯ︾ ᠢ ᠠᠭᠤᠰᠤᠯᠴᠠᠭᠤᠯᠤᠨ ᠬᠦᠭᠵᠢᠬᠦᠯᠵᠤ ᠤᠨᠴᠠᠯᠢᠭᠳᠤ ᠵᠢᠭᠤᠯᠴᠢᠯᠠᠯ ᠤᠨ ᠵᠢᠱᠢᠶᠡᠴᠢ ᠭᠠᠴᠠᠭ᠎ᠠ ᠲᠤᠰᠬᠤᠨ ᠢ ᠬᠦᠴᠤ ᠪᠠᠨ ᠲᠦᠪᠯᠡᠷᠡᠭᠦᠯᠦᠨ ᠢᠳᠡᠪᠬᠢᠳᠠᠢ ᠪᠠᠷ ᠬᠦᠭᠵᠢᠬᠦᠯᠵᠤ ᠪᠠᠶᠢᠨ᠎ᠠ᠃      ᠮᠠᠨ ᠤ ᠬᠤᠰᠢᠭᠤ ᠤᠷᠢᠳ ᠬᠤᠵᠢᠳ ᠤᠯᠠᠭᠠᠨᠳᠤᠯᠤᠭᠠᠢ ᠪᠠᠯᠭᠠᠰᠤᠨ ᠤ ᠢᠯᠠᠯᠳᠠ ᠲᠤᠰᠬᠤᠨ᠂ ᠰᠦᠯᠳᠠ ᠰᠤᠮᠤᠨ ᠤ ᠲᠤᠭᠤᠷᠢᠮ ᠭᠠᠴᠠᠭ᠎ᠠ ᠶᠢ ᠬᠤᠳᠠ ᠶᠢᠨ ᠲᠡᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶᠡᠴᠢ ᠭᠠᠴᠠᠭ᠎ᠠ ᠲᠤᠰᠬᠤᠨ᠂ ᠰᠢᠷᠬᠤᠰᠤᠨ ᠪᠠᠯᠭᠠᠰᠤ ᠶᠢᠨ ᠤᠳᠠ ᠶᠢᠨ ᠭᠤᠤᠯ ᠲᠤᠰᠬᠤᠨ ᠢ ᠦᠪᠡᠷᠳᠡᠭᠡᠨ ᠵᠠᠰᠠᠬᠤ ᠤᠷᠤᠨ  ᠤ ᠰᠡᠯᠡᠭᠦᠴᠡᠯ ᠮᠠᠯ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶᠡᠴᠢ ᠴᠡᠭ ᠢᠶᠠᠷ ᠠᠮᠵᠢᠯᠳᠠ  ᠲᠠᠢ ᠭᠤᠶᠤᠴᠢᠯᠠᠨ ᠮᠡᠳᠡᠭᠦᠯᠵᠠᠢ᠃ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠤᠨ ᠵᠢᠱᠢᠶᠡᠴᠢ ᠭᠠᠴᠠᠭ᠎ᠠ ᠲᠤᠰᠬᠤᠨ ᠤ ᠰᠤᠶᠤᠯ ᠵᠢᠭᠤᠯᠴᠢᠯᠠᠯ ᠤᠨ ᠰᠠᠭᠤᠷᠢ ᠪᠦᠳᠦᠭᠡᠨ ᠪᠠᠶᠢᠭᠤᠯᠤᠯᠳᠠ ᠪᠠ ᠵᠢᠭᠤᠯᠴᠢᠯᠠᠯ ᠤᠨ ᠦᠢᠯᠡᠰ ᠤᠨ ᠰᠢᠨ᠎ᠡ ᠡᠵᠡᠩᠨᠡᠯᠳᠠ ᠶᠢᠨ ᠭᠡᠯᠪᠡᠷᠢ ᠶᠢᠨ ᠦᠢᠯᠡᠳᠭᠦᠨ ᠢ ᠲᠠᠰᠤᠷᠠᠯᠳᠠ ᠦᠭᠡᠢ ᠲᠡᠭᠦᠯᠳᠡᠷᠵᠢᠭᠦᠯᠵᠤ ᠬᠦᠴᠤ ᠪᠠᠨ ᠲᠦᠪᠯᠡᠷᠡᠭᠦᠯᠦᠨ ᠲᠤᠭ ᠪᠠᠯᠭᠠᠰᠤ ᠶᠢᠨ ᠵᠢᠦᠢ ᠯᠢ ᠬᠦᠳᠡᠭᠡ ᠨᠤᠳᠤᠭ ᠤᠨ ᠶᠡᠷᠦᠩᠭᠡᠶᠢᠯᠡᠭᠰᠡᠨ ᠴᠤᠭᠴᠨ ᠪᠠ ᠸᠠᠩ ᠶᠤᠤ ᠸᠠᠨ ᠲᠤᠰᠬᠤᠨ ᠤ ᠰᠠᠯᠡᠭᠦᠴᠡᠯ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠠᠩ᠂ ᠢᠯᠠᠯᠳᠠ ᠲᠤᠰᠬᠤᠨ ᠤ ︽ᠲᠡᠭᠷᠢ ᠲᠠᠯ᠎ᠠ︾ ᠨᠢᠰᠦᠯᠳᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠤ ᠬᠦᠳᠡᠭᠡ ᠲᠤᠰᠬᠤᠨ ᠤ ᠴᠡᠴᠡᠷᠯᠢᠭ᠂ ᠵᠢᠮᠢᠰ ᠨᠤᠭᠤᠭ᠎ᠠ ᠲᠡᠬᠦᠬᠦ ᠬᠦᠷᠢᠶᠡᠯᠡᠩ᠂ ᠰᠡᠯᠡᠬᠦᠴᠡᠯ ᠲᠠᠷᠢᠶᠠᠯᠠᠩ ᠤᠨ ᠬᠦᠷᠢᠶᠡᠯᠡᠩ᠂ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠡᠢ ᠵᠡᠷᠭᠡ ᠨᠢᠭᠡ ᠪᠦᠯᠦᠭ ᠭᠠᠵᠠᠷ ᠤᠷᠤᠨ ᠤ ᠤᠨᠴᠠᠯᠢᠭᠳᠤ ᠬᠦᠳᠡᠭᠡ ᠲᠤᠰᠬᠤᠨ ᠤ ᠵᠢᠭᠤᠯᠴᠢᠯᠠᠯ ᠤᠨ ᠲᠦᠷᠦᠯ ᠵᠦᠢᠯ ᠢ ᠬᠦᠭᠵᠢᠬᠦᠯᠵᠤ᠂ ᠦᠤᠰᠢᠨ ᠬᠤᠰᠢᠭᠤᠨ ᠤ ︽ᠤᠰᠤ᠂ ᠡᠭᠡ ᠭᠠᠵᠠᠷ᠂ ᠠᠭᠠᠷ︾ ᠪᠦᠬᠦᠨ ᠢ ᠬᠠᠮᠤᠷᠤᠭᠰᠠᠨ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠬᠦᠭᠵᠢᠯᠳᠠ ᠶᠢᠨ ᠭᠡᠪ ᠵᠠᠭᠪᠤᠷ ᠢ ᠡᠭᠦᠳᠦᠨ ᠲᠤᠬᠠᠢ ᠶᠢᠨ ᠭᠠᠵᠠᠷ ᠤᠷᠤᠨ ᠤ ᠤᠨᠴᠠᠯᠢᠭ ᠲᠤᠨᠢ ᠲᠤᠬᠢᠷᠠᠭᠤᠯᠤᠨ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠵᠤ ᠵᠢᠭᠤᠯᠴᠢᠯᠠᠯ ᠤᠨ ᠦᠢᠯᠡᠰ ᠤᠨ ᠭᠡᠯᠬᠢᠶᠡᠵᠢᠯ ᠢ ᠤᠷᠳᠤᠳᠬᠠᠵᠤ ᠮᠠᠯᠴᠢᠨ ᠲᠠᠷᠢᠶᠠᠴᠢᠨ  ᠢ ᠪᠠᠶᠠᠵᠢᠭᠤᠯᠤᠨ ᠤᠷᠤᠯᠭ᠎ᠠ ᠶᠢ ᠨᠢ ᠨᠡᠮᠡᠭᠳᠡᠭᠦᠯᠵᠤ ᠦᠤᠰᠢᠨ ᠤ ᠤᠷᠤᠨ ᠨᠤᠲᠤᠭ ᠤᠨ ᠠᠵᠤ ᠠᠬᠤᠢ ᠶᠢᠨ ᠭᠦᠭᠵᠢᠯᠳᠠ ᠶᠢ ᠠᠬᠢᠭᠤᠯᠵᠤ ᠪᠠᠶᠢᠨ᠎ᠠ᠃      ᠤᠳᠤᠬᠠᠨ ᠪᠤᠯᠳᠠᠯ᠎ᠠ᠂ ᠮᠠᠨ ᠤ ᠬᠤᠰᠢᠭᠤ ᠨᠡᠶᠢᠲᠡ 1 ᠤᠯᠤᠰ ᠤᠨ ᠲᠡᠰ ᠤᠨ ᠰᠡᠯᠡᠭᠦᠴᠡᠯ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶᠡᠴᠢ ᠰᠠᠭᠤᠷᠢᠨ᠂ 5 ᠤᠷᠤᠨ ᠤ ᠲᠡᠰ ᠤᠨ ᠰᠡᠯᠡᠭᠦᠴᠡᠯ ᠮᠠᠯ ᠲᠠᠷᠢᠶᠠᠯᠠᠩ ᠪᠠ ᠮᠠᠯᠵᠢᠬᠤ ᠤᠷᠤᠨ ᠤ ᠵᠢᠭᠤᠯᠴᠢᠯᠠᠯ ᠤᠨ ᠵᠢᠱᠢᠶᠡᠴᠢ ᠰᠠᠭᠤᠷᠢᠨ᠂ 5 ᠬᠤᠳᠠ ᠶᠢᠨ ᠲᠡᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶᠡᠴᠢ ᠰᠠᠭᠤᠷᠢᠨ᠂ 120 ᠮᠠᠯᠴᠢᠨ ᠡᠷᠦᠭᠡ ᠲᠠᠷᠢᠶᠠᠴᠢᠨ ᠵᠢᠭᠠᠰᠤᠴᠢᠨ ᠠᠶᠢᠯ ᠤᠨ ᠵᠤᠴᠢᠯᠠᠭ᠎ᠠ ᠶᠢᠨ ᠭᠠᠵᠠᠷ᠂ 54 ᠤᠳᠤᠨ ᠲᠡᠰ ᠤᠨ ᠮᠠᠯᠴᠢᠨ ᠲᠠᠷᠢᠶᠠᠴᠢᠨ ᠡᠷᠦᠭᠡ ᠶᠢᠨ ᠵᠤᠴᠢᠯᠠᠭ᠎ᠠ ᠶᠢᠨ ᠭᠠᠵᠠᠷ ᠲᠠᠢ ᠪᠤᠯᠵᠤ᠂ ᠡᠭᠦᠨ ᠤ ᠲᠤᠳᠤᠷ᠎ᠠ 13 ᠤᠷᠤᠨ ᠤ ᠤᠳᠤᠨ ᠲᠡᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠯᠢᠶᠡᠨ ᠵᠤᠴᠢᠯᠠᠬᠤ ᠡᠷᠦᠭᠡ᠂ 15 ᠬᠤᠳᠠ ᠶᠢᠨ ᠲᠡᠰ ᠤᠨ ᠨᠡᠶᠢᠳᠡᠯᠢᠭ ᠵᠢᠱᠢᠶ᠎ᠡ ᠦᠵᠡᠭᠦᠯᠬᠦ ᠡᠷᠦᠭᠡ᠂ 27 ᠬᠤᠰᠢᠭᠤ ᠤᠳᠤᠨ ᠲᠡᠰ ᠤᠨ ᠮᠠᠯᠴᠢᠨ ᠲᠠᠷᠢᠶᠠᠴᠢᠨ ᠠᠶᠢᠯ ᠤᠨ ᠵᠤᠴᠢᠯᠠᠭ᠎ᠠ ᠶᠢᠨ ᠡᠷᠦᠭᠡ ᠪᠤᠢ᠃      2018 ᠤᠨ ᠤ ᠲᠡᠭᠡᠳᠤ ᠬᠠᠭᠠᠰ ᠵᠢᠯ ᠳᠤ᠂ ᠪᠦᠬᠦ ᠬᠤᠰᠢᠭᠤᠨ ᠤ ᠬᠦᠳᠡᠭᠡ ᠲᠤᠰᠬᠤᠨ ᠤ ᠵᠢᠭᠤᠯᠴᠢᠯᠠᠯ  ᠤᠨ ᠬᠦᠯᠢᠶᠡᠨ ᠵᠤᠴᠢᠯᠠᠭᠰᠠᠨ ᠵᠢᠭᠤᠯᠴᠢᠯᠠᠭᠰᠠᠳ 23.2 ᠲᠦᠮᠡᠨ ᠬᠦᠮᠦᠨ ᠤᠳᠠᠭ᠎ᠠ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 16.2% ᠢᠶᠠᠷ ᠨᠡᠮᠡᠭᠳᠡᠨ᠂ ᠵᠢᠭᠤᠯᠴᠢᠯᠠᠯ ᠤᠨ ᠤᠷᠤᠯᠭ᠎ᠠ 1.7 ᠳ᠋ᠦᠩᠰᠢᠭᠤᠷ ᠲᠦᠭᠦᠷᠢᠭ ᠢ ᠪᠡᠶᠡᠯᠡᠭᠦᠯᠦᠨ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠤᠷᠤᠨ ᠤ 640 ᠭᠠᠷᠤᠢ ᠢᠯᠡᠭᠦᠳᠡᠯ ᠬᠦᠳᠡᠯᠮᠦᠷᠢ ᠬᠦᠴᠤ ᠳᠤ ᠠᠵᠢᠯ ᠤᠯᠭᠤᠵᠤ ᠮᠠᠯᠴᠢᠨ ᠲᠠᠷᠢᠶᠠᠴᠢᠨ ᠵᠢᠭᠠᠰᠤᠴᠢᠨ ᠠᠶᠢᠯ ᠤᠨ ᠵᠤᠴᠢᠯᠠᠭ᠎ᠠ ᠶᠢᠨ ᠡᠷᠦᠭᠡ ᠳᠤ ᠲᠡᠭᠰᠢᠳᠭᠡᠭᠡᠳ 16 ᠲᠦᠮᠡᠨ ᠲᠦᠭᠦᠷᠢᠭ ᠠᠴᠠ ᠲᠡᠭᠡᠭᠰᠢᠬᠢ ᠤᠷᠤᠯᠭ᠎ᠠ ᠶᠢ ᠡᠭᠦᠳᠦᠭᠰᠡᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号