ᠬᠤᠰᠢᠭᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ ᠵᠠᠳᠠᠭᠠᠢ ᠰᠢᠷᠠᠮᠠᠯ ᠢᠳᠡᠬᠡᠨ ᠤ ᠲᠠᠯᠠᠪᠤᠷ ᠡᠷᠬᠢᠯᠡᠬᠦ ᠪᠤᠯᠤᠨ ᠵᠠᠮ ᠡᠵᠡᠯᠡᠨ ᠡᠵᠡᠩᠨᠡᠯᠲᠡ ᠬᠢᠬᠦ ᠠᠵᠢᠯᠯᠠᠭ᠎ᠠ  ᠳᠤ ᠴᠡᠭᠴᠡᠯᠡᠯᠲᠡ ᠬᠢᠪᠡ
ᠨᠡᠶᠢᠲᠡᠯᠡᠭᠰᠡᠨ ᠴᠠᠭ᠄
2018-08-14
      ᠭᠠᠯᠠᠭᠤᠳᠤ ᠪᠠᠯᠭᠠᠰᠤᠨ ᠲᠤᠭᠤᠷᠢᠭ ᠤᠨ ᠰᠠᠭᠤᠭᠠᠯᠢ ᠠᠷᠠᠳ ᠲᠤ ᠴᠡᠪᠡᠷ ᠲᠠᠭᠠᠯᠠᠮᠵᠢᠲᠠᠢ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠬᠠᠩᠭᠠᠨ᠂ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠬᠦᠳᠦᠨ ᠪᠠᠶᠢᠭᠤᠯᠤᠯᠳᠠ ᠳᠤ ᠨᠡᠩ ᠰᠠᠶᠢᠨ ᠦᠢᠯᠡᠴᠢᠯᠡᠬᠦ ᠶᠢᠨ ᠲᠤᠰᠠᠳᠠ᠂ ᠤᠶᠢᠷ᠎ᠠ ᠶᠢᠨ ᠡᠳᠦᠷ᠂ ᠬᠤᠰᠢᠭᠤ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ ᠨᠢ ᠦᠷᠬᠦᠯᠵᠢᠯᠡᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ ᠴᠠᠭ ᠵᠦᠷᠢᠬᠦᠯᠤᠨ ᠠᠵᠢᠯᠯᠠᠬᠤ ᠠᠷᠭ᠎ᠠ ᠭᠡᠮᠵᠢᠶ᠎ᠡ ᠶᠢ ᠠᠪᠴᠤ ᠬᠤᠳᠠ ᠶᠢᠨ ᠬᠠᠮᠢᠶᠠᠷᠤᠯᠳᠠ ᠶᠢᠨ ᠭᠡᠪᠴᠢᠶᠠᠨ ᠳᠠᠬᠢ ᠶᠠᠪᠤᠭᠤᠯ ᠮᠠᠶᠢᠮᠠᠢ ᠬᠢᠬᠦ᠂ ᠵᠠᠮ ᠡᠵᠠᠯᠠᠨ ᠡᠵᠡᠩᠨᠡᠬᠦ᠂ ᠲᠡᠯᠬᠡᠬᠦᠷ ᠤᠨ ᠭᠠᠳᠠᠨ᠎ᠠ ᠡᠵᠡᠩᠨᠡᠬᠦ᠂ ᠵᠠᠳᠠᠭᠠᠢ ᠰᠢᠷᠠᠮᠠᠯ ᠢᠳᠡᠬᠡᠨ ᠤ ᠲᠠᠯᠠᠪᠤᠷ ᠡᠷᠬᠢᠯᠡᠬᠦ ᠵᠡᠷᠬᠡ ᠲᠦᠷᠢᠮ ᠲᠤᠭᠲᠠᠭᠠᠯ ᠵᠦᠷᠢᠴᠡᠭᠰᠡᠨ ᠠᠵᠢᠯᠯᠠᠭ᠎ᠠ ᠶᠢ ᠲᠦᠪᠯᠡᠷᠡᠬᠦᠯᠦᠨ ᠴᠡᠭᠴᠡᠯᠡᠬᠦ ᠠᠵᠢᠯᠯᠠᠭ᠎ᠠ ᠦᠷᠨᠢᠬᠦᠯᠪᠡ᠃      ᠴᠡᠭᠴᠡᠯᠡᠨ ᠵᠠᠰᠠᠬᠤ ᠠᠵᠢᠯᠯᠠᠭ᠎ᠠ ᠲᠤᠮᠳᠠ ᠬᠠᠤᠯᠢ ᠬᠡᠷᠡᠭᠵᠢᠬᠦᠯᠦᠭᠴᠢᠳ ᠤᠬᠠᠭᠤᠯᠤᠨ ᠲᠠᠶᠢᠯᠪᠤᠷᠢᠯᠠᠬᠤ ᠬᠦᠴᠦᠯᠡᠴᠠ ᠪᠠᠨ ᠨᠡᠮᠡᠭᠳᠡᠬᠦᠯᠦᠨ᠂ ᠰᠤᠷᠭᠠᠨ ᠬᠦᠮᠦᠵᠢᠬᠦᠯᠬᠦ᠂ ᠢᠳᠬᠠᠨ ᠰᠤᠷᠭᠠᠬᠤ ᠵᠠᠷᠴᠢᠮ ᠢ ᠪᠠᠷᠢᠮᠳᠡᠯᠡᠵᠤ᠂ ᠵᠠᠳᠠᠭᠠᠢ ᠰᠢᠷᠠᠮᠠᠯ ᠢᠳᠡᠬᠡᠨ ᠤ ᠲᠠᠯᠠᠪᠤᠷ ᠡᠷᠬᠢᠯᠡᠬᠦ᠂ ᠵᠠᠮ ᠡᠵᠡᠯᠡᠨ ᠡᠵᠡᠩᠨᠡᠯᠳᠡ ᠬᠢᠵᠤ ᠪᠠᠶᠢᠭ᠎ᠠ ᠪᠠᠶᠢᠳᠠᠯ ᠳᠤ ᠴᠢᠭᠯᠡᠬᠦᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠦᠷᠢᠮ ᠪᠠ ᠵᠠᠳᠠᠭᠠᠢ ᠰᠢᠷᠠᠮᠠᠯ ᠢᠳᠡᠬᠡᠨ ᠤ ᠲᠠᠯᠠᠪᠤᠷ ᠭᠠᠷᠭᠠᠬᠤ ᠶᠢᠨ ᠤᠷᠴᠢᠨ ᠲᠤᠭᠤᠷᠢᠨ ᠳᠤ ᠦᠭᠬᠦ ᠨᠦᠯᠦᠭᠡ᠂ ᠤᠷᠴᠢᠨ ᠲᠤᠭᠤᠷᠢᠨ ᠢ ᠪᠤᠬᠢᠷᠳᠤᠭᠤᠯᠬᠤ ᠭᠡᠮᠵᠢᠶ᠎ᠡ ᠪᠠ ᠬᠤᠤᠷ ᠬᠦᠨᠤᠬᠡᠯ ᠢ ᠡᠵᠡᠩᠨᠡᠭᠴᠢ ᠳᠤ ᠬᠦᠯᠢᠴᠡᠩᠬᠦᠢ ᠨᠠᠷᠢᠨ ᠨᠢᠮᠪᠡᠢ ᠲᠠᠶᠢᠯᠪᠤᠷᠢᠯᠠᠨ ᠦᠭᠴᠤ᠂ ᠲᠠᠳᠡᠨ ᠢ ᠲᠡᠯᠬᠡᠬᠦᠷ ᠪᠤᠶᠤ ᠭᠤᠸᠠᠨᠵᠠᠨ ᠳᠠᠭᠠᠨ ᠤᠷᠤᠵᠤ ᠡᠵᠡᠩᠨᠡᠬᠦ ᠶᠢ ᠢᠳᠬᠠᠵᠤ ᠴᠦᠬᠡᠩᠬᠢ ᠲᠤᠭᠠᠨ ᠤ ᠢᠳᠬᠠᠯ ᠰᠤᠷᠭᠠᠮᠵᠢ ᠶᠢ ᠠᠪᠳᠠᠭ ᠦᠬᠡᠢ ᠡᠵᠡᠩᠨᠡᠭᠴᠢ ᠶᠢ ᠬᠠᠤᠯᠢ ᠶᠤᠰᠤᠭᠠᠷ ᠵᠠᠯᠬᠠᠭᠠᠭᠰᠠᠨ ᠪᠠᠶᠢᠨ᠎ᠠ᠃      ᠤᠳᠤᠬᠠᠨ ᠪᠤᠯᠳᠠᠯ᠎ᠠ᠂ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ ᠨᠢ ᠰᠦᠨᠢ ᠪᠠᠷ ᠵᠠᠰᠠᠨ ᠴᠡᠭᠴᠡᠯᠡᠬᠦ ᠠᠵᠢᠯᠯᠠᠭ᠎ᠠ ᠶᠢ 20 ᠭᠠᠷᠤᠢ ᠤᠳᠠᠭ᠎ᠠ ᠵᠤᠬᠢᠶᠠᠨ ᠪᠠᠶᠢᠭᠤᠯᠤᠨ ᠦᠷᠨᠢᠭᠦᠯᠵᠦ᠂ ᠵᠠᠳᠠᠭᠠᠢ ᠰᠢᠷᠠᠮᠠᠯ ᠢᠳᠡᠬᠡᠨ ᠤ ᠲᠠᠯᠠᠪᠤᠷ ᠡᠷᠬᠢᠯᠡᠬᠦ ᠠᠵᠢᠯᠯᠠᠭ᠎ᠠ ᠶᠢ 3 ᠤᠳᠠᠭ᠎ᠠ ᠵᠠᠯᠬᠠᠭᠠᠨ᠂ ᠲᠡᠯᠭᠡᠭᠦᠷ ᠭᠤᠸᠠᠨᠵᠠᠨ ᠳᠠᠭᠠᠨ ᠤᠷᠤᠵᠤ ᠡᠵᠡᠩᠨᠡᠬᠦ ᠶᠢ 10 ᠭᠠᠷᠤᠢ ᠤᠳᠠᠭ᠎ᠠ ᠢᠳᠬᠠᠭᠰᠠᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号