ᠤᠶᠢᠷ᠎ᠠ ᠶᠢᠨ ᠡᠳᠤᠷ᠂ ᠭᠠᠯᠠᠭᠤᠳᠣ ᠪᠠᠯᠭᠠᠰᠤ SPPA ᠲᠦᠷᠣᠯ ᠵᠣᠶᠢᠯ ᠤᠨ ᠡᠮᠡᠭᠳᠡᠶᠢᠴᠣᠳ ᠢ ᠵᠣᠬᠢᠶᠠᠨ | ᠪᠠᠶᠢᠭᠤᠯᠣᠨ ᠪᠦᠬᠦ ᠪᠠᠯᠭᠠᠰᠣᠨ ᠬᠡᠪᠴᠢᠶᠠᠨ ᠳᠤ ᠲᠣᠭᠤᠷᠢᠨ ᠰᠣᠷᠣᠯᠴᠠᠬᠤ ᠠᠵᠢᠯᠯᠠᠭ᠎ᠠ ᠦᠷᠨᠢᠬᠦᠯᠪᠡ᠃ | ᠲᠣᠭᠤᠷᠢᠨ ᠰᠣᠷᠣᠯᠴᠠᠬᠤ ᠪᠦᠯᠬᠦᠮ ᠤᠨ ᠬᠢᠨ ᠰᠡᠪᠬᠦᠯ ᠭᠠᠴᠠᠭᠠᠨ ᠤ ᠭᠤᠯᠢᠷ ᠤᠨ ᠨᠣᠨᠳᠠᠭ | ᠣᠶᠢᠯᠡᠳᠪᠣᠷᠢᠯᠡᠬᠦ ᠭᠠᠵᠠᠷ ᠢᠶᠠᠷ ᠲᠣᠭᠤᠷᠢᠨ ᠦᠵᠡᠵᠤ᠂ ᠰᠢᠨᠵᠢᠯᠡᠬᠦ ᠤᠬᠠᠭᠠᠨᠴᠢ ᠪᠠᠷ ᠲᠠᠷᠢᠶᠠᠯᠠᠩ ᠤᠨ ᠦᠢᠯᠡᠰ | ᠡᠷᠬᠢᠯᠡᠨ ᠮᠠᠯᠴᠢᠨ ᠲᠦᠮᠡᠨ ᠢ ᠵᠤᠷᠢᠭᠵᠢᠭᠤᠯᠤᠨ ᠪᠤᠭᠤᠳᠠᠢ ᠲᠠᠷᠢᠵᠦ ᠠᠰᠢᠭ ᠤᠷᠤᠯᠭ᠎ᠠ ᠨᠡᠮᠡᠭᠳᠡᠭᠦᠯᠵᠤ ᠪᠠᠶᠢᠭ᠎ᠠ | ᠪᠠᠶᠢᠳᠠᠯ ᠢ ᠣᠶᠢᠯᠠᠭᠠᠵᠤ᠂ ᠮᠣᠳᠣᠨᠴᠠᠶᠢᠳᠠᠮ ᠲᠣᠰᠬᠤᠨ ᠤ ᠡᠬᠦᠯᠳᠡᠷ ᠤᠨ ᠭᠠᠭ᠋ᠠᠢ ᠦᠷᠡᠵᠢᠬᠦᠯᠣᠨ ᠪᠣᠶᠢᠵᠢᠭᠤᠯᠬᠤ | ᠰᠠᠭᠤᠷᠢᠨ ᠭᠠᠵᠠᠷ ᠵᠢᠴᠢ ᠴᠢᠪᠠᠭ᠎ᠠ ᠶᠢᠨ ᠰᠠᠭᠤᠷᠢᠨ ᠭᠠᠵᠠᠷ ᠲᠤ ᠣᠨᠴᠠᠯᠢᠭᠳᠣ ᠲᠠᠷᠢᠶᠠᠯᠠᠩ ᠪᠠ ᠲᠡᠵᠢᠭᠡᠪᠣᠷᠢ ᠶᠢᠨ | ᠠᠷᠭ᠎ᠠ ᠬᠡᠯᠪᠡᠷᠢ ᠶᠢ ᠰᠣᠷᠣᠯᠴᠠᠵᠤ᠂ ᠪᠠᠶᠠᠨᠴᠠᠶᠢᠳᠡᠮ ᠲᠣᠰᠬᠤᠨ ᠤ ᠲᠤᠯᠠᠭᠠᠨ ᠬᠦᠯᠡᠮᠵᠢ ᠵᠢᠴᠢ ᠬᠦᠢᠳᠡᠨ ᠬᠦᠮᠣᠷᠬᠡ | ᠶᠢᠨ ᠪᠠᠶᠢᠳᠠᠯ ᠢ ᠤᠶᠢᠯᠠᠭᠠᠨ᠂ ᠭᠠᠯᠠᠭᠤᠳᠣ ᠪᠠᠯᠭᠠᠰᠤᠨ ᠤ ᠤᠷᠭᠠᠨᠢᠭ ᠲᠤᠳᠤᠷᠭ᠎ᠠ ᠶᠢᠨ ᠰᠠᠭᠤᠷᠢᠨ ᠤ ᠦᠵᠡᠮᠵᠢ ᠶᠢᠨ | ᠲᠠᠷᠢᠶᠠᠯᠠᠩ᠂ ᠷᠠᠰᠢᠶᠠᠨ ᠲᠣᠬᠤᠢ ᠲᠣᠰᠬᠤᠨ ᠢᠶᠠᠷ ᠲᠤᠭᠤᠷᠢᠨ ᠰᠣᠷᠣᠯᠴᠠᠵᠦ᠂ ᠪᠣᠵᠡᠢ ᠭᠠᠴᠠᠭᠠᠨ ᠤ ᠵᠡᠷᠭᠡᠨᠳᠡᠯᠡ ᠮᠠᠯ | ᠲᠠᠷᠢᠶᠠᠯᠠᠩ ᠤᠨ ᠬᠤᠷᠰᠢᠶᠠᠵᠢᠯ ᠳᠤ ᠣᠴᠢᠵᠣ ᠣᠯᠠᠮᠵᠢᠯᠠᠯᠳᠣ ᠮᠠᠶ᠋ᠢᠭ ᠪᠠ ᠰᠢᠨ᠎ᠡ ᠮᠠᠶ᠋ᠢᠭ ᠤᠨ ᠴᠠᠭᠠᠨ ᠢᠳᠡᠭᠡᠨ ᠬᠢᠬᠦ | ᠮᠡᠷᠬᠡᠵᠢᠯ ᠢ ᠣᠶᠠᠯᠳᠣᠭᠤᠯᠣᠭᠰᠠᠨ ᠭᠠᠷ ᠣᠶᠢᠯᠡᠳᠬᠦᠨ ᠤ ᠪᠦᠳᠣᠭᠡᠭᠳᠡᠬᠦᠨ᠂ ᠮᠠᠰᠢᠨ ᠲᠣᠨᠣᠭᠯᠠᠯ ᠵᠡᠷᠬᠡ | ᠬᠡᠪᠴᠢᠶᠡᠵᠢᠬᠦᠯᠣᠭ᠍ᠰᠡᠨ ᠪᠠᠶᠢᠳᠠᠯ ᠢ ᠰᠣᠷᠣᠯᠴᠠᠵᠤ᠂ ᠡᠴᠣᠰ ᠤᠨ ᠦᠷᠳᠡᠭᠡ ︽ᠬᠤᠨ ᠭᠠᠯᠠᠭᠤ︾ ᠪᠡᠶᠡᠴᠢᠯᠠᠨ | ᠣᠶᠢᠯᠠᠭᠠᠬᠤ ᠲᠡᠯᠭᠡᠬᠦᠷ ᠲᠤ ᠴᠤᠯ ᠪᠠᠶᠢᠭᠠᠯᠢᠯᠢᠭ ᠴᠠᠭᠠᠨ ᠢᠳᠡᠭᠡᠨ᠂ ᠴᠠᠭᠠᠨ ᠭᠤᠯᠢᠷ᠂ ᠲᠣᠳᠣᠷᠭ᠎ᠠ᠂ ᠮᠠᠯ ᠤᠨ | ᠮᠢᠬ᠎ᠠ ᠵᠡᠷᠬᠡ ᠭᠠᠯᠠᠭᠤᠳᠣ ᠪᠠᠯᠭᠠᠰᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠵᠢᠴᠢ ᠭᠠᠷ | ᠣᠶᠢᠯᠡᠳᠬᠦᠨ ᠢᠶᠠᠷ ᠭᠤᠣᠯᠯᠠᠭᠤᠯᠣᠭᠰᠠᠨ ᠲᠠᠸᠠᠷᠴᠢᠯᠠᠯᠳᠠ ᠶᠢᠨ ᠪᠦᠳᠣᠭᠡᠭᠳᠡᠬᠦᠨ ᠢ ᠲᠣᠭᠤᠷᠢᠨ ᠰᠣᠷᠣᠯᠴᠠᠪᠠ᠃ | ᠣᠶᠢᠯᠠᠭᠠᠭᠰᠠᠨ ᠢᠶᠠᠷ ᠲᠣᠰ ᠣᠳᠠᠭᠠᠨ ᠤ ᠲᠤᠭᠤᠷᠢᠨ ᠰᠣᠷᠣᠯᠴᠠᠯᠭ᠎ᠠ ᠨᠢ SPPA ᠲᠦᠷᠣᠯ ᠵᠣᠶᠢᠯ ᠤᠨ | ᠡᠮᠡᠭᠳᠡᠶᠢᠴᠣᠳ ᠤᠨ ᠬᠤᠭᠤᠷᠤᠨᠳᠦᠬᠢ ᠬᠠᠷᠢᠯᠴᠠᠭ᠎ᠠ ᠬᠤᠯᠪᠣᠭ᠎ᠠ ᠶᠢ ᠨᠢᠭᠲᠠᠷᠠᠭᠤᠯᠤᠨ᠂ ᠬᠠᠷᠠᠭ᠎ᠠ ᠶᠢ ᠨᠡᠭᠡᠭᠡᠵᠤ | ᠲᠠᠳᠡᠨ ᠤ ᠰᠡᠳᠬᠢᠴᠡ ᠪᠠᠨ ᠬᠤᠪᠢᠷᠠᠭᠤᠯᠤᠨ ᠰᠢᠨ᠎ᠡ ᠶᠢ ᠡᠭᠦᠳᠴᠤ ᠰᠢᠨᠵᠢᠯᠡᠬᠦ ᠣᠬᠠᠭᠠᠨᠴᠢ ᠪᠠᠷ ᠮᠠᠯ ᠲᠠᠷᠢᠶᠠᠯᠠᠩ | ᠡᠷᠬᠢᠯᠡᠬᠦ ᠳᠤ ᠠᠰᠢᠭᠳᠡᠢ ᠲᠠᠪᠴᠠᠩ ᠬᠠᠩᠭᠠᠵᠣ ᠦᠭᠬᠦᠭᠰᠡᠨ ᠢᠶᠠᠷ ᠪᠠᠷᠠᠬᠤ ᠦᠬᠡᠢ ᠴᠠᠭ ᠦᠶ᠎ᠡ ᠲᠠᠢ ᠵᠣᠬᠢᠴᠠᠭᠰᠠᠨ | ᠪᠤᠷᠤᠯᠠᠭᠤᠯᠭ᠎ᠠ ᠶᠢᠨ ᠵᠠᠮ ᠱᠣᠭᠤᠮ ᠢ ᠣᠯᠬᠤ ᠳᠤ ᠠᠬᠢᠭᠤᠯᠬᠤ ᠦᠢᠯᠡᠳᠣᠯ ᠦᠵᠡᠬᠦᠯᠣᠨ᠂ ᠨᠡᠩ ᠴᠢᠨᠠᠭᠰᠢᠳᠠ | ᠰᠢᠨᠵᠢᠯᠡᠬᠦ ᠣᠬᠠᠭᠠᠨᠴᠢ ᠪᠠᠷ ᠮᠠᠯ ᠲᠠᠷᠢᠶᠠᠯᠡᠩ ᠤᠨ ᠠᠵᠣ ᠣᠶᠢᠯᠡᠰ ᠢ ᠬᠦᠭᠵᠢᠬᠦᠯᠬᠦ ᠦᠵᠡᠯᠳᠡ ᠲᠠᠨᠢᠯᠳᠡ ᠶᠢ ᠨᠢ | ᠲᠡᠭᠡᠭᠰᠢᠯᠡᠬᠦᠯᠵᠣ᠂ ᠬᠤᠵᠢᠮ ᠤᠨ ᠣᠶᠢᠯᠡᠳᠪᠣᠷᠢᠯᠡᠯ ᠠᠮᠢᠳᠣᠷᠠᠯ ᠤᠨ ᠲᠣᠮᠳᠠ ᠲᠡᠷᠢᠬᠦᠨ ᠤ ᠰᠢᠨᠵᠢᠯᠡᠭᠡ ᠮᠡᠷᠭᠡᠵᠢᠯ ᠢ | ᠠᠰᠢᠭᠯᠠᠨ ᠪᠠᠶᠠᠵᠢᠯ ᠤᠨ ᠵᠠᠮ ᠢᠶᠠᠷ ᠵᠠᠮᠨᠠᠬᠤ ᠳᠤ ᠪᠠᠳᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |