ᠤᠶᠢᠷ᠎ᠠ ᠶᠢᠨ ᠡᠳᠤᠷ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ | ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠨᠠᠷ ᠬᠤᠯᠤᠰᠤ ᠨᠠᠭᠦᠷᠠᠰᠤᠨ ᠠᠭᠤᠷᠬᠠᠢ | ᠂ ᠮᠥᠩᠭᠡᠴᠢᠨ ᠨᠠᠭᠦᠷᠠᠰᠤᠨ ᠠᠭᠤᠷᠬᠠᠢ᠂ ᠵᠥᠩ ᠲᠢᠶᠠᠨ ᠡᠾᠧ ᠴᠤᠸᠠᠩ ᠺᠤᠮᠫᠠᠨᠢ ᠶᠢᠨ ᠬᠤᠳᠳᠤᠭ ᠤᠨ ᠤᠰᠤ ᠶᠢ | ᠨᠠᠷᠢᠯᠢᠭ ᠰᠶᠢᠳᠪᠤᠷᠢᠯᠠᠭᠦ ᠥᠢᠯᠡᠳᠪᠤᠷᠢ᠂ ᠶᠢᠨ ᠴᠧᠩ ᠲᠠᠢ ᠭᠢᠮᠢ ᠶᠢᠨ ᠠᠵᠤ ᠥᠢᠯᠡᠳᠪᠤᠷᠢ᠂ ᠪᠠᠶᠢᠭᠠᠯᠢ ᠶᠢᠨ | ᠰᠢᠳᠠᠮᠠᠬᠠᠢ ᠭᠡᠢ ᠶᠢᠨ ᠥᠷᠳᠡᠭᠡ ᠵᠠᠷᠭᠡ ᠭᠠᠵᠠᠷ ᠢᠶᠠᠷ ᠬᠦᠷᠴᠦ᠂ ᠠᠭᠤᠷᠬᠠᠢ ᠶᠢᠨ ᠬᠤᠳᠳᠤᠭ ᠤᠨ ᠤᠰᠤ ᠶᠢ | ᠰᠶᠢᠳᠪᠤᠷᠢᠯᠠᠭᠦ ᠴᠥᠭᠦᠷᠤᠮ᠂ ᠠᠭᠤᠷᠬᠠᠢ ᠶᠢᠨ ᠬᠤᠳᠳᠤᠭ ᠤᠨ ᠤᠰᠤ ᠶᠢ ᠨᠠᠷᠢᠯᠢᠭ ᠰᠶᠢᠳᠪᠤᠷᠢᠯᠠᠭᠦ ᠥᠢᠯᠡᠳᠪᠤᠷᠢ | ᠵᠡᠷᠭᠡ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠠᠭᠢᠴᠠ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ | ᠪᠠᠶᠢᠴᠠᠭᠠᠨ ᠥᠵᠠᠵᠤ ᠪᠤᠭᠢᠷᠳᠤᠯ ᠢ ᠰᠠᠷᠭᠡᠶᠢᠯᠠᠨ ᠵᠠᠰᠠᠬᠤ ᠠᠵᠢᠯ ᠢ ᠭᠢᠨᠠᠨ ᠵᠢᠯᠤᠭᠤᠳᠴᠦ ᠪᠠᠶᠢᠴᠠᠭᠠᠭᠰᠠᠨ ᠪᠠᠶᠢᠨ᠎ᠠ᠃ | | | | | ᠭᠢᠨᠠᠨ ᠵᠢᠯᠤᠭᠤᠳᠤᠯᠭ᠎ᠠ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠴᠢᠬᠤᠯᠠᠴᠢᠯᠠᠬᠤ ᠳᠤ ᠪᠠᠨ ᠡᠯ᠎ᠠ ᠱᠠᠳᠤ᠂ | ᠡᠯ᠎ᠠ ᠰᠠᠯᠠᠭ᠎ᠠ ᠮᠥᠴᠢᠷ᠂ ᠡᠯ᠎ᠠ ᠠᠵᠤ ᠠᠬᠤᠶᠢᠯᠠᠯ ᠤᠯᠤᠰ ᠲᠥᠷᠥ ᠶᠢᠨ ᠵᠤᠭᠰᠤᠴᠠ ᠪᠠᠨ ᠤᠯᠠᠮ ᠨᠢᠭᠡ ᠠᠯᠬᠤᠮ | ᠲᠡᠭᠡᠭᠰᠢᠯᠡᠭᠦᠯᠵᠤ᠂ ᠪᠤᠭᠢᠷᠳᠤᠯ ᠢ ᠰᠠᠷᠭᠡᠶᠢᠯᠠᠨ ᠵᠠᠰᠠᠬᠤ ᠪᠤᠯᠤᠨ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠠᠨ | ᠰᠠᠶᠢᠵᠢᠷᠠᠭᠤᠯᠬᠤ ᠠᠵᠢᠯ ᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ ᠠᠷᠭ᠎ᠠ ᠭᠡᠮᠵᠢᠶ᠎ᠠ ᠪᠠᠨ ᠨᠠᠷᠢᠯᠢᠭᠵᠢᠭᠤᠯᠵᠤ ᠪᠤᠭᠢᠷᠳᠤᠯ ᠢ ᠰᠠᠷᠭᠡᠶᠢᠯᠠᠨ ᠵᠠᠰᠠᠬᠤ ᠪᠤᠭᠤᠮᠳᠠ | ᠰᠢᠪᠳᠤᠯᠬᠤ ᠲᠠᠶᠢᠯᠠᠯᠳᠤᠭᠠᠨ ᠢ ᠰᠠᠶᠢᠳᠤᠷ ᠭᠢᠵᠤ ᠡᠷᠡᠰ ᠢᠯᠠᠬᠤ ᠭᠡᠷᠡᠭᠳᠠᠢ ᠭᠡᠵᠡᠢ᠃ ᠭᠢᠨᠠᠨ ᠵᠢᠯᠤᠭᠤᠳᠤᠯᠭ᠎ᠠ | ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠱᠠᠭᠠᠷᠳᠠᠬᠤ ᠳᠤ ᠪᠠᠨ ᠲᠥᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ᠂ ᠥᠪᠠᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠶᠡᠭᠡ ᠪᠠᠶᠢᠴᠠᠭᠠᠯᠳᠠ᠂ ᠲᠥᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠳᠠ ᠶᠢᠨ ︽ᠡᠷᠭᠢᠨ ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠠᠨ ᠰᠠᠶᠢᠵᠷᠠᠭᠤᠯᠬᠤ | ᠠᠵᠢᠯ ᠢ ᠯᠠᠪᠳᠠᠭᠤᠨ ᠪᠠᠳᠤᠳᠠᠢ ᠰᠠᠶᠢᠲᠤᠷ ᠰᠢᠢᠳᠪᠦᠷᠢᠯᠡᠵᠤ ᠰᠠᠶᠢᠲᠤᠷ ᠴᠡᠭᠴᠡᠯᠡᠨ ᠰᠠᠶᠢᠵᠢᠷᠠᠭᠤᠯᠬᠤ ᠭᠡᠷᠡᠭᠳᠠᠢ᠃ | ᠠᠭᠤᠷᠬᠠᠢ ᠶᠢᠨ ᠬᠤᠳᠳᠤᠭ ᠤᠨ ᠤᠰᠤ ᠶᠢ ᠶᠠᠷᠤᠩᠭᠡᠶᠢᠯᠠᠨ ᠵᠠᠰᠠᠬᠤ ᠠᠵᠢᠯ ᠢ ᠴᠢᠩᠭ᠎ᠠ ᠠᠳᠬᠤᠵᠤ᠂ ᠠᠭᠤᠷᠬᠠᠢ | ᠶᠢᠨ ᠬᠤᠳᠳᠤᠭ ᠤᠨ ᠤᠰᠤ ᠶᠢ ᠶᠠᠷᠤᠩᠭᠡᠶᠢᠯᠠᠨ ᠠᠰᠢᠭᠯᠠᠬᠤ ᠲᠥᠯᠥᠪᠵᠢᠭᠦᠯᠭᠡ ᠶᠢ ᠡᠭᠢᠯᠠᠨ ᠭᠡᠷᠡᠭᠵᠢᠭᠦᠯᠵᠤ᠂ | ᠪᠥᠳᠥᠭᠡᠨ ᠪᠠᠶᠢᠭᠤᠯᠵᠤ ᠪᠠᠶᠢᠭ᠎ᠠ ᠲᠥᠷᠥᠯ ᠵᠥᠢᠯ ᠤᠨ ᠠᠭᠢᠴᠠ ᠶᠢ ᠲᠥᠷᠭᠡᠳᠭᠡᠨ᠂ ᠵᠥᠩ ᠲᠢᠶᠠᠨ ᠡᠾᠧ ᠴᠤᠸᠠᠩ | ᠺᠤᠮᠫᠠᠨᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠨᠠᠷᠢᠯᠢᠭ ᠰᠶᠢᠳᠪᠤᠷᠢᠯᠠᠭᠦ ᠲᠥᠷᠥᠯ ᠵᠥᠢᠯ ᠢ 8 ᠳ᠋ᠤᠭᠠᠷ | ᠰᠠᠷ᠎ᠠ ᠶᠢᠨ ᠰᠠᠭᠦᠯᠴᠢ ᠪᠠᠷ ᠭᠡᠷᠡᠭᠯᠡᠯᠳᠠ ᠳᠤ ᠤᠷᠤᠭᠤᠯᠬᠤ᠂ ᠮᠤᠳᠤᠨᠴᠠᠶᠢᠳᠠᠮ ᠨᠠᠭᠦᠷᠠᠰᠤᠨ ᠠᠭᠤᠷᠬᠠᠢ ᠪᠤᠯᠤᠨ | ᠮᠥᠩᠭᠡᠴᠢᠨ ᠨᠠᠭᠦᠷᠠᠰᠤᠨ ᠠᠭᠤᠷᠬᠠᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠰᠶᠢᠳᠪᠤᠷᠢᠯᠠᠭᠦ ᠴᠥᠭᠦᠷᠥᠮ ᠢ | 9 ᠳ᠋ᠤᠭᠡᠷ ᠰᠠᠷ᠎ᠠ ᠳᠤ ᠪᠠᠶᠢᠭᠤᠯᠵᠤ ᠲᠠᠭᠤᠰᠬᠠᠬᠤ ᠶᠢ ᠪᠠᠳᠤᠯᠠᠨ ᠠᠭᠤᠷᠬᠠᠢ ᠶᠢᠨ ᠬᠤᠳᠳᠤᠭ ᠤᠨ ᠤᠰᠤ ᠶᠢ | ᠰᠶᠢᠳᠪᠤᠷᠢᠯᠠᠭᠦ ᠠᠰᠠᠭᠤᠳᠠᠯ ᠢ ᠲᠤᠭᠢᠷᠠᠭᠤᠯᠬᠤ ᠭᠡᠷᠡᠭᠳᠠᠢ᠃ ᠡᠭᠦᠨ ᠤ ᠬᠠᠮᠳᠤ ᠪᠥᠭᠦ ᠬᠤᠰᠢᠭᠤᠨ ᠤ ᠭᠠᠵᠠᠷ | ᠲᠤᠤᠷᠠᠭᠢ ᠤᠰᠤᠨ ᠤ ᠴᠢᠨᠠᠷ᠂ ᠭᠥᠷᠤᠰᠤ ᠰᠢᠷᠤᠢ᠂ ᠠᠭᠠᠷ ᠮᠠᠨᠳᠠᠯ ᠤᠨ ᠪᠠᠶᠢᠩᠭᠤ ᠶᠢᠨ ᠭᠢᠨᠠᠨ ᠭᠡᠮᠵᠢᠯᠳᠠ ᠰᠢᠯᠭᠠᠨ | ᠪᠠᠶᠢᠴᠠᠭᠠᠯᠳᠠ ᠶᠢ ᠴᠢᠩᠭᠠᠳᠬᠠᠬᠤ ᠭᠡᠷᠡᠭᠳᠠᠢ᠃ ᠡᠯ᠎ᠠ ᠠᠵᠤ ᠠᠬᠤᠶᠢᠯᠠᠯ ᠭᠤᠤᠯ ᠴᠤᠭᠴᠠ ᠶᠢᠨ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠥᠢᠴᠡᠳᠭᠡᠵᠤ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠥᠭᠦᠭᠡᠷᠤᠮᠵᠢ ᠶᠢᠨ ᠪᠥᠳᠥᠭᠡᠨ | ᠪᠠᠶᠢᠭᠤᠯᠤᠯᠳᠠ ᠪᠤᠯᠤᠨ ᠪᠠᠯᠡ ᠮᠥᠩᠭᠦ᠂ ᠮᠡᠷᠭᠡᠵᠢᠯ ᠤᠨ ᠪᠡᠯᠡ ᠤᠷᠤᠭᠤᠯᠤᠯᠳᠠ ᠶᠢᠨ ᠭᠥᠴᠥᠯᠠᠴᠠ ᠪᠠᠨ | ᠨᠡᠮᠡᠭᠳᠡᠭᠦᠯᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠰᠠᠭᠤᠳᠠᠯ ᠤᠨ ᠴᠡᠭᠴᠡᠯᠠᠨ ᠰᠠᠶᠢᠵᠢᠷᠠᠭᠤᠯᠬᠤ ᠭᠡᠷᠡᠭᠳᠠᠢ | ᠃ ᠭᠢᠨᠠᠨ ᠬᠠᠮᠢᠶᠠᠷᠤᠯᠳᠠ ᠶᠢᠨ ᠰᠠᠯᠠᠭ᠎ᠠ ᠮᠥᠴᠢᠷ ᠭᠢᠨᠠᠨ ᠬᠠᠮᠢᠶᠠᠷᠤᠯᠳᠠ ᠶᠢᠨ ᠭᠥᠴᠥᠯᠠᠴᠠ ᠪᠠᠨ ᠨᠡᠮᠡᠭᠳᠡᠭᠦᠯᠤᠨ᠂ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠰᠠᠭᠤᠳᠠᠯ ᠤᠨ ᠬᠠᠤᠯᠢ ᠭᠡᠷᠡᠭᠵᠢᠭᠦᠯᠭᠦ ᠪᠠᠶᠢᠴᠠᠭᠠᠯᠳᠠ ᠶᠢ ᠴᠠᠭ ᠲᠠᠷᠤᠢ | ᠳᠤ ᠨᠢ ᠥᠷᠨᠢᠭᠦᠯᠵᠤ᠂ ᠴᠡᠭᠴᠡᠯᠠᠨ ᠰᠠᠶᠢᠵᠢᠷᠠᠭᠤᠯᠤᠯᠳᠠ ᠨᠢ ᠤᠳᠠᠭᠠᠨ᠂ ᠴᠡᠭᠴᠡᠯᠠᠨ ᠰᠠᠶᠢᠵᠷᠠᠭᠤᠯᠬᠤ ᠱᠭᠠᠷᠳᠠᠯᠭ᠎ᠠ | ᠳᠤ ᠨᠠᠶᠢᠴᠠᠭᠦ ᠥᠭᠡᠢ ᠠᠵᠤ ᠠᠬᠤᠶᠢᠯᠠᠯ ᠢ ᠬᠠᠤᠯᠢ ᠲᠥᠷᠢᠮ ᠶᠤᠰᠤᠭᠠᠷ ᠴᠢᠩᠭ᠎ᠠ ᠰᠢᠳᠭᠡᠨ ᠭᠥᠨᠳᠤ ᠪᠠᠷ ᠲᠤᠷᠭᠠᠬᠤ | ᠭᠡᠷᠡᠭᠳᠠᠢ ᠭᠡᠵᠡᠢ᠃ | | | | | ᠭᠢᠨᠠᠨ ᠵᠢᠯᠤᠭᠤᠳᠤᠯᠭ᠎ᠠ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠡᠯ᠎ᠠ ᠠᠵᠤ ᠠᠬᠤᠶᠢᠯᠠᠯ ᠠᠶᠤᠯᠭᠦᠢ | ᠥᠢᠯᠡᠳᠪᠤᠷᠢᠯᠠᠯ᠂ ᠢᠳᠡᠭᠡᠨ ᠤᠮᠳᠠᠭᠠᠨ ᠡᠮ ᠤᠨ ᠵᠥᠢᠯᠠᠰ ᠤᠨ ᠠᠶᠤᠯᠭᠦᠢ ᠶᠢᠨ ᠠᠵᠢᠯ ᠢ ᠴᠢᠬᠤᠯᠠᠴᠢᠯᠠᠨ ᠥᠵᠡᠵᠤ᠂ | ᠤᠨᠴᠠᠭᠠᠶᠢᠯᠠᠨ ᠤᠶᠢᠯᠠᠳᠪᠤᠷᠢ ᠪᠠᠨ ᠵᠤᠭᠰᠤᠭᠠᠨ ᠴᠡᠭᠴᠠᠯᠠᠯᠳᠠ ᠭᠢᠵᠤ ᠪᠠᠶᠢᠭ᠎ᠠ ᠠᠵᠤ ᠠᠬᠤᠶᠢᠯᠠᠯ ᠤᠨ ᠭᠤᠤᠯᠳᠠᠯᠭ᠎ᠠ | ᠲᠠᠢ ᠭᠤᠭᠴᠤᠭ᠎ᠠ ᠶᠢ ᠠᠩᠬᠠᠷᠤᠨ᠂ ᠠᠮᠤᠷ ᠲᠦᠪᠰᠢᠨ ᠤ ᠲᠠᠯᠳᠠ ᠭᠡᠮ ᠳᠤ ᠴᠠᠭ ᠲᠠᠷᠤᠢ ᠳᠤ ᠨᠢ ᠪᠠᠶᠢᠴᠠᠭᠠᠯᠳᠠ | ᠭᠢᠵᠤ ᠭᠡᠨᠡᠳᠠᠯ ᠭᠠᠷᠬᠤ ᠥᠭᠡᠢ ᠪᠠᠶᠢᠬᠤ ᠶᠢ ᠪᠠᠳᠤᠯᠠᠬᠤ ᠭᠡᠷᠡᠭᠳᠠᠢ᠃ ᠠᠵᠢᠯ ᠵᠤᠭᠰᠤᠭᠰᠠᠨ ᠠᠵᠢᠯᠳᠠᠳ ᠤᠨ | ᠠᠮᠢᠳᠤᠷᠠᠯ ᠢ ᠢᠯᠠᠭᠦᠭᠡᠨ ᠬᠠᠯᠠᠮᠵᠢᠯᠠᠵᠤ ᠤᠷᠮ᠎ᠠ ᠵᠤᠷᠢᠭ ᠢ ᠲᠤᠭᠳᠠᠭᠤᠨ ᠪᠠᠶᠢᠯᠭᠠᠬᠤ ᠠᠵᠢᠯ ᠢ ᠰᠠᠶᠢᠨ ᠭᠢᠭᠦ ᠭᠡᠷᠡᠭᠳᠠᠢ | ᠃ ᠡᠭᠦᠨ ᠤ ᠬᠠᠮᠳᠤ ᠡᠯ᠎ᠠ ᠰᠤᠮᠤ ᠪᠠᠯᠭᠠᠰᠤ᠂ ᠡᠯ᠎ᠠ ᠰᠠᠯᠠᠭ᠎ᠠ ᠮᠥᠴᠢᠷ ᠥᠶᠠᠷ ᠢ ᠰᠠᠷᠭᠡᠶᠢᠯᠠᠨ ᠭᠠᠮᠰᠢᠭ ᠢ | ᠪᠠᠭᠠᠰᠬᠠᠬᠤ ᠠᠵᠢᠯ ᠢ ᠴᠢᠩᠭ᠎ᠠ ᠠᠳᠬᠤᠵᠤ ᠥᠷᠭᠡᠨ ᠤᠯᠠᠨ ᠲᠥᠮᠡᠨ ᠤ ᠠᠮᠢ ᠨᠠᠰᠤ ᠡᠳ᠋ ᠭᠥᠷᠥᠩᠭᠡ ᠶᠢᠨ ᠠᠮᠤᠷ | ᠲᠥᠪᠰᠢᠨ ᠢ ᠪᠠᠳᠤᠯᠠᠬᠤ ᠭᠡᠷᠡᠭᠳᠠᠢ ᠭᠡᠵᠡᠢ᠃ | | | | | ᠭᠢᠨᠠᠨ ᠵᠢᠯᠤᠭᠤᠳᠤᠯᠭ᠎ᠠ ᠪᠠᠶᠢᠴᠠᠭᠠᠯᠳᠠ ᠶᠢᠨ ᠲᠠᠷᠠᠭ᠎ᠠ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠲᠤᠭ | ᠪᠠᠯᠭᠠᠰᠤᠨ ᠤ ᠶᠡᠭᠡ ᠨᠠᠭᠦᠳᠠᠯ ᠲᠤᠰᠬᠤᠨ ᠤ ᠵᠥᠪᠯᠠᠯ ᠤᠨ ᠠᠵᠢᠯᠯᠠᠭᠠᠨ ᠤ ᠭᠠᠵᠠᠷ ᠤᠨ ᠪᠥᠳᠥᠭᠡᠨ ᠪᠠᠶᠢᠭᠤᠯᠤᠯᠳᠠ | ᠶᠢᠨ ᠪᠠᠶᠢᠳᠠᠯ ᠢ ᠪᠠᠶᠢᠴᠠᠭᠠᠨ ᠥᠵᠡᠵᠤ᠂ ᠶᠡᠭᠡ ᠨᠠᠭᠦᠳᠠᠯ ᠲᠤᠰᠬᠤᠨ ᠤ ᠨᠠᠰᠤᠳᠠᠨ ᠢ ᠠᠰᠠᠷᠠᠬᠤ ᠬᠦᠷᠢᠶᠡᠯᠡᠩ ᠤᠨ | ᠨᠠᠰᠤᠳᠠᠳ ᠢ ᠪᠤᠯᠭᠤᠭᠠᠨ ᠥᠵᠠᠵᠤ ᠲᠠᠳᠠᠨ ᠤ ᠥᠢᠯᠡᠳᠪᠤᠷᠢᠯᠠᠯ ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠭᠰᠠᠨ | ᠪᠠᠶᠢᠨ᠎ᠠ᠃ ᠬᠤᠰᠢᠭᠤ ᠤᠰᠤᠨ ᠠᠰᠢᠭᠯᠠᠯᠳᠠ᠂ ᠤᠷᠴᠢᠨ ᠲᠤᠭᠤᠷᠢᠨ ᠤ ᠬᠠᠮᠠᠭᠠᠯᠠᠯᠲᠠ᠂ ᠨᠠᠭᠦᠷᠠᠰᠤ᠂ ᠠᠶᠤᠯᠭᠦᠢ | ᠥᠢᠯᠡᠳᠪᠤᠷᠢᠯᠠᠯ ᠤᠨ ᠭᠢᠨᠠᠨ ᠬᠠᠮᠢᠶᠠᠷᠤᠯᠳᠠ᠂ ᠡᠨᠧᠷᠭᠢ ᠶᠢᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠳᠠ ᠶᠢᠨ | ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠤᠯᠤᠨ ᠲᠤᠭ ᠪᠠᠯᠭᠠᠰᠤᠨ ᠤ ᠬᠠᠷᠢᠭᠤᠴᠠᠯᠭᠠᠳᠠᠨ | ᠪᠠᠷᠠᠳᠠᠨ ᠭᠢᠨᠠᠨ ᠵᠢᠯᠤᠭᠤᠳᠤᠯᠭ᠎ᠠ ᠪᠠᠶᠢᠴᠠᠭᠠᠯᠳᠠ ᠬᠢᠪᠡ᠃ |