8 ᠰᠠᠷ᠎ᠠ ᠶᠢᠨ 11 ᠤ ᠡᠳᠤᠷ᠂ ᠠᠩᠬᠠᠳᠤᠭᠠᠷ ᠬᠤᠭᠤᠴᠠᠭᠠᠨ ᠤ ᠰᠢᠷᠬᠤᠰᠤ ᠰᠤᠶᠤᠯ ᠵᠢᠭᠤᠯᠴᠢᠯᠠᠯ ᠤᠨ | ᠤᠷᠠᠯᠢᠭ ᠤᠨ ᠨᠠᠶᠢᠷ ᠰᠢᠷᠬᠤᠰᠤ ᠵᠢᠭᠤᠯᠴᠢᠯᠠᠯ ᠤᠨ ᠤᠷᠤᠨ ᠳᠤ ᠡᠭᠢᠯᠡᠭᠰᠠᠨ ᠪᠠᠶᠢᠨ᠎ᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠲᠡᠳ᠋ | ᠲᠠᠷᠤᠭ᠎ᠠ ᠯᠢ ᠬᠤᠩ ᠯᠢᠶᠠᠩ᠂ ᠬᠤᠰᠢᠭᠤ ᠵᠢᠭᠤᠯᠴᠢᠯᠠᠯ ᠤᠨ ᠬᠦᠭᠵᠢᠬᠦᠯᠦᠯᠲᠡ ᠶᠢᠨ ᠲᠦᠪ᠂ ᠰᠤᠶᠤᠯ ᠤᠨ | ᠲᠤᠪᠴᠢᠶ᠎ᠠ᠂ ᠰᠢᠷᠠᠤ᠋ᠰᠤᠨ ᠪᠠᠯᠭᠠᠰᠤ᠂ ᠰᠢᠷᠠᠤ᠋ᠰᠤ ᠬᠠᠮᠢᠶᠠᠷᠤᠯᠲᠠ ᠶᠢᠨ ᠵᠦᠪᠯᠡᠯ ᠵᠡᠷᠭᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠡᠭᠢᠯᠠᠭᠦ ᠶᠤᠰᠤᠯᠠᠯ ᠳᠤ ᠤᠷᠤᠯᠴᠠᠵᠤ᠂ ᠱᠠᠠᠰᠢ᠂ ᠨᠢᠩᠰᠢᠶᠠ ᠪᠤᠯᠤᠨ | ᠤᠶᠢᠷ᠎ᠠ ᠬᠠᠪᠢ ᠶᠢᠨ ᠠᠶᠠᠯᠠᠯ ᠵᠢᠭᠤᠯᠴᠢᠯᠠᠯ ᠤᠨ ᠪᠥᠯᠭᠦᠮ ᠵᠢᠴᠢ ᠥᠷᠭᠡᠨ ᠤᠯᠠᠨ ᠵᠤᠭᠠᠴᠠᠭᠰᠠᠳ ᠠᠵᠢᠯᠯᠠᠭᠠᠨ ᠳᠤ | ᠤᠷᠤᠯᠴᠠᠪᠠ᠃ ᠹᠧᠩ ᡁᠢ ᠮᠢᠩ ᠤᠷᠠᠯᠢᠭ ᠤᠨ ᠨᠠᠶᠢᠷ ᠡᠭᠢᠯᠡᠭᠰᠠᠨ ᠢ ᠵᠠᠷᠯᠠᠵᠤ ᠯᠢ ᠬᠤᠩ ᠯᠢᠶᠠᠩ ᠪᠠᠶᠠᠷ ᠤᠨ ᠥᠭᠡ | ᠶᠠᠷᠢᠪᠠ᠃ | ᠰᠢᠷᠬᠤᠰᠤ ᠵᠢᠭᠤᠯᠴᠢᠯᠠᠯ ᠤᠨ ᠤᠷᠤᠨ ᠪᠤᠯ ᠰᠣᠷᠭᠤᠭ ᠰᠠᠶᠢᠬᠠᠨ ᠬᠡᠭᠡᠷ᠎ᠡ ᠶᠢᠨ ᠣᠷᠴᠢᠨ ᠲᠠᠢ᠂ | ᠭᠠᠶᠢᠬᠠᠮᠰᠢᠭᠲᠤ ᠰᠤᠨᠢᠨ ᠴᠦᠯ ᠬᠠᠪᠴᠢᠯ ᠤᠨ ᠵᠤᠭᠠᠴᠠᠯ ᠤᠨ ᠦᠵᠡᠮᠵᠢ ᠪᠥᠷᠢᠳᠥᠭᠰᠠᠨ ᠦᠪᠡᠷᠮᠢᠴᠡ ᠣᠨᠴᠠᠯᠢᠭ | ᠪᠦᠬᠦᠢ ᠠᠮᠢ ᠠᠬᠤᠢ ᠶᠢᠨ ᠰᠣᠶᠣᠯ ᠤᠨ ᠵᠤᠭᠠᠴᠠᠯ ᠤᠨ ᠣᠷᠣᠨ ᠪᠤᠯᠤᠨ᠎ᠠ᠃ ᠤᠶᠢᠷ᠎ᠠ ᠶᠢᠨ ᠵᠢᠯ ᠠᠴᠠ ᠨᠠᠰᠢ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠤᠶᠤᠯ ᠵᠢᠭᠤᠯᠴᠢᠯᠠᠯ ᠤᠨ ᠠᠵᠤ ᠥᠢᠯᠡᠰ ᠤᠨ ᠭᠥᠭᠵᠢᠯᠳᠠ | ᠶᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ᠂ ᠰᠤᠶᠤᠯ ᠵᠢᠭᠤᠯᠴᠢᠯᠠᠯ ᠤᠨ ᠠᠵᠤ ᠥᠢᠯᠡᠰ ᠢ ᠠᠵᠤ ᠠᠬᠤᠢ | ᠶᠢᠨ ᠬᠦᠭᠵᠢᠯᠲᠡ ᠶᠢᠨ ᠭᠡᠯᠪᠠᠷᠢ ᠪᠠᠨ ᠬᠤᠪᠢᠷᠠᠭᠤᠯᠬᠤ ᠶᠢ ᠠᠭᠢᠭᠤᠯᠬᠤ᠂ ᠴᠢᠨᠠᠷ ᠰᠠᠶᠢᠳᠠᠢ ᠭᠥᠭᠵᠢᠯᠳᠠ ᠶᠢ | ᠪᠡᠶᠡᠯᠡᠭᠦᠯᠬᠦ ᠶᠢᠨ ᠴᠢᠬᠤᠯᠠ ᠠᠷᠭ᠎ᠠ ᠪᠠᠷᠢᠯ ᠪᠤᠯᠭᠠᠭᠰᠠᠨ ᠢᠶᠠᠷ ᠵᠤᠭᠠᠴᠠᠯ ᠤᠨ ᠡᠭᠢ ᠪᠠᠶᠠᠯᠢᠭ ᠢ ᠨᠡᠭᠡᠭᠡᠨ ᠠᠰᠢᠭᠯᠠᠬᠤ | ᠭᠢᠷᠢ ᠲᠥᠪᠰᠢᠨ ᠢᠯᠡᠷᠭᠡᠢ ᠲᠡᠭᠡᠭᠰᠢᠯᠠᠨ᠂ ᠵᠢᠭᠤᠯᠴᠢᠯᠠᠯ ᠤᠨ ᠰᠠᠭᠤᠷᠢ ᠲᠥᠭᠦᠭᠡᠷᠤᠮᠵᠢ ᠲᠠᠰᠤᠷᠠᠯᠲᠠ ᠥᠭᠡᠢ | ᠲᠡᠭᠦᠯᠳᠡᠷᠵᠢᠵᠤ᠂ ᠵᠢᠭᠤᠯᠴᠢᠯᠠᠯ ᠤᠨ ᠪᠥᠳᠥᠭᠡᠭᠳᠡᠭᠦᠨ ᠲᠠᠰᠤᠷᠠᠯᠲᠠ ᠥᠭᠡᠢ ᠰᠢᠯᠢᠳᠡᠭᠵᠢᠨ ᠲᠠᠰ ᠲᠠᠪᠰᠢᠵᠤ᠂ | ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠡᠮᠭᠢ ᠲᠢᠭᠯᠢᠮ ᠠᠯᠬᠤᠮ ᠠᠯᠬᠤᠮ ᠢᠶᠠᠷ ᠲᠥᠷᠢᠮᠵᠢᠠ ᠥᠢᠯᠡᠴᠢᠯᠡᠭᠡᠨ ᠤ | ᠭᠢᠷᠢ ᠲᠥᠪᠰᠢᠨ ᠲᠠᠰᠤᠷᠠᠯᠳᠠ ᠥᠭᠡᠢ ᠲᠡᠭᠡᠭᠰᠢᠯᠠᠵᠤ᠂ ᠭᠥᠭᠵᠢᠯᠳᠠ ᠶᠢᠨ ᠰᠠᠭᠤᠷᠢ ᠪᠠᠨ ᠤᠯᠠᠮ ᠢᠶᠠᠷ ᠪᠠᠭᠢᠵᠢᠭᠦᠯᠤᠨ | ᠪᠥᠭᠦ ᠬᠤᠰᠢᠭᠤᠨ ᠤ ᠰᠤᠶᠤᠯ ᠵᠢᠭᠤᠯᠴᠢᠯᠠᠯ ᠤᠨ ᠠᠵᠤ ᠥᠢᠯᠡᠰ ᠤᠨ ᠭᠥᠭᠵᠢᠯᠳᠠ ᠰᠢᠨ᠎ᠠ ᠨᠢᠭᠡᠨ ᠲᠡᠭᠳᠡᠷ ᠲᠤ | ᠭᠠᠷᠤᠭᠰᠠᠨ ᠪᠠᠶᠢᠨ᠎ᠠ᠃ | | | | ᠤᠶᠢᠯᠠᠭᠠᠭᠰᠠᠨ ᠢᠶᠠᠷ᠂ ᠲᠤᠰ ᠤᠳᠠᠭᠠᠨ ᠤ ᠰᠢᠷᠢᠰ ᠠᠵᠢᠯᠯᠠᠭᠠᠨ ᠢ ᠬᠤᠰᠢᠭᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠠᠴᠠ ᠭᠤᠤᠯᠯᠠᠨ ᠡᠷᠭᠢᠯᠠᠵᠤ 4 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠭᠤᠯᠤᠨ᠂ ᠭᠤᠤᠯᠳᠠᠭᠤ | ᠰᠢᠷᠬᠤᠰᠤ ᠰᠤᠶᠤᠯ ᠵᠢᠭᠤᠯᠴᠢᠯᠠᠯ ᠤᠨ ᠨᠠᠶᠢᠷ ᠥᠷᠨᠢᠭᠦᠯᠭᠦ᠂ ᠭᠡᠷᠡᠯ ᠵᠢᠷᠤᠭ ᠲᠠᠳᠠᠬᠤ᠂ ᠶᠠᠪᠠᠭᠠᠨ ᠶᠠᠪᠤᠬᠤ ᠵᠡᠷᠭᠡ | ᠨᠠᠢᠮᠠᠨ ᠲᠥᠷᠥᠯ ᠤᠨ ᠠᠵᠢᠯᠯᠠᠭᠠᠨ ᠢ ᠥᠷᠨᠢᠭᠦᠯᠭᠦ ᠪᠠᠷ ᠪᠠᠶᠢᠵᠤ᠂ ᠨᠠᠶᠢᠷ ᠤᠨ ᠡᠭᠢᠯᠠᠯᠳᠠ ᠶᠢᠨ ᠡᠳᠤᠷ ᠰᠢᠷᠬᠤᠰᠤ | ᠰᠤᠶᠤᠯ ᠵᠢᠭᠤᠯᠴᠢᠯᠠᠯ ᠤᠨ ᠤᠷᠤᠨ ᠠᠴᠠ ᠪᠠᠶᠠᠯᠢᠭ ᠠᠭᠤᠯᠭ᠎ᠠ ᠲᠠᠢ ᠠᠵᠢᠯᠯᠠᠭ᠎ᠠ᠂ ᠤᠷᠠᠨ ᠰᠠᠶᠢᠬᠠᠨ ᠤ ᠥᠳᠡᠰᠢᠯᠡᠭᠡ | ᠭᠠᠷᠭᠠᠵᠤ ᠥᠷᠭᠡᠨ ᠤᠯᠠᠨ ᠵᠤᠭᠠᠴᠠᠭᠰᠠᠳ ᠲᠤ ᠰᠠᠯᠠᠭᠦᠴᠠᠯ ᠵᠤᠭᠠᠴᠠᠯ ᠤᠨ ᠰᠠᠶᠢᠬᠠᠨ ᠤᠷᠴᠢᠨ ᠬᠠᠩᠭᠠᠭᠰᠠᠨ | ᠪᠠᠶᠢᠨ᠎ᠠ᠃ |