ᠥᠥᠰᠢᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠴᠠᠭᠠᠨ ᠰᠦᠯᠳᠡ ᠶᠢᠨ ᠨᠠᠭᠠᠳᠤᠮ ᠵᠢᠴᠢ ᠦᠥᠰᠢᠨ ᠠᠳᠤᠭᠤᠨ ᠰᠤᠶᠤᠯ ᠤᠨ ᠠᠵᠤ ᠦᠢᠯᠡᠰ ᠤᠨ ᠦᠵᠡᠰᠭᠦᠯᠡᠩ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2018-08-15
     8 ᠰᠠᠷ᠎ᠠ ᠶᠢᠨ13 ᠤ ᠡᠳᠦᠷ ᠥᠥᠰᠢᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠴᠠᠭᠠᠨ ᠰᠦᠯᠳᠡ ᠶᠢᠨ ᠨᠠᠭᠠᠳᠤᠮ ᠵᠢᠴᠢ ᠦᠥᠰᠢᠨ ᠠᠳᠤᠭᠤᠨ ᠰᠤᠶᠤᠯ ᠤᠨ ᠠᠵᠤ ᠦᠢᠯᠡᠰ ᠤᠨ ᠦᠵᠡᠰᠭᠦᠯᠡᠩ ᠴᠠᠭᠠᠨ ᠰᠦᠯᠳᠡ ᠠᠮᠢ ᠠᠬᠤᠢ ᠶᠢᠨ ᠨᠡᠭᠦᠳᠡᠯ ᠮᠠᠯᠵᠢᠯ ᠤᠨ ᠵᠢᠭᠤᠯᠴᠢᠯᠠᠯ ᠤᠨ ᠤᠷᠤᠨ ᠳᠤ ᠦᠪᠡᠳᠡᠭᠰᠢ ᠶᠡᠭᠡ ᠪᠠᠷ ᠡᠬᠢᠯᠡᠪᠡ᠃ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠮᠠ᠊ ᠭᠠᠷᠤᠳᠢ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠲᠠᠷᠤᠭ᠎ᠠ ᠵᠤᠤ ᠹᠧᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ ᠪᠤᠯᠤᠨ ᠬᠤᠰᠢᠭᠤ ᠰᠤᠶᠤᠯ᠂ ᠵᠢᠭᠤᠯᠴᠢᠯᠠᠯ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠰᠠᠯᠠᠭ᠎ᠠ ᠮᠦᠴᠢᠷ ᠵᠢᠴᠢ ᠰᠦᠯᠳᠡ ᠰᠤᠮᠤᠨ ᠤ ᠭᠤᠤᠯ ᠬᠠᠷᠢᠭᠤᠴᠠᠯᠭᠠᠲᠠᠨ ᠡᠭᠢᠯᠠᠯᠳᠠ ᠶᠢᠨ ᠶᠤᠰᠤᠯᠠᠯ ᠳᠤ ᠤᠷᠤᠯᠴᠠᠪᠠ᠃  ᠬᠤᠰᠢᠭᠤ ᠲᠡᠳ᠋ ᠲᠠᠷᠤᠭ᠎ᠠ ᠯᠢ ᠬᠤᠩ ᠯᠢᠶᠠᠩ ᠡᠬᠢᠯᠡᠯᠲᠡ ᠶᠢᠨ ᠶᠤᠰᠤᠯᠠᠯ ᠢ ᠡᠷᠬᠢᠯᠡᠪᠡ᠃  
 
          ᠡᠬᠢᠯᠡᠯᠲᠡ ᠶᠢᠨ ᠶᠤᠰᠤᠯᠠᠯ ᠲᠡᠭᠡᠷ᠎ᠡ ᠹᠧᠩ ᡁᠢ ᠮᠢᠩ ᠵᠢᠭᠠᠵᠤ ᠭᠠᠷᠭᠠᠬᠤ ᠳᠤ ᠪᠠᠨ᠂ ᠤᠷᠴᠢᠮ ᠤᠨ ᠵᠢᠯ  ᠠᠴᠠ ᠨᠠᠰᠢ ᠮᠠᠨ ᠤ ᠬᠤᠰᠢᠭᠤ ᠪᠤᠬᠢᠷᠳᠤᠯ ᠦᠭᠡᠢ ᠬᠦᠭᠵᠢᠯᠲᠡ ᠶᠢᠨ ᠤᠶᠢᠯᠠᠭᠠᠭᠳᠠᠬᠤᠨ ᠢ ᠪᠠᠷᠢᠮᠲᠠᠯᠠᠵᠤ᠂ ︽ᠰᠤᠶᠤᠯ ᠢᠶᠠᠷ ᠬᠤᠰᠢᠭᠤ ᠪᠠᠨ ᠱᠤᠭᠤᠬᠤ︾ ᠪᠠᠶᠢᠯᠳᠤᠬᠤ ᠪᠤᠳᠤᠯᠭ᠎ᠠ ᠪᠤᠯᠤᠨ ᠪᠥᠭᠦ ᠤᠷᠤᠨ ᠪᠦᠰᠡ ᠶᠢᠨ ᠵᠢᠭᠤᠯᠴᠢᠯᠠᠯ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠂ ᠤᠨᠴᠠᠯᠢᠭᠳᠤ ᠰᠤᠶᠤᠯ ᠪᠤᠯᠤᠨ ᠤᠬᠢ ᠰᠢᠯᠢᠳᠡᠭ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠰᠤᠯᠴᠠᠭᠤᠯᠵᠤ᠂ ᠦᠥᠰᠢᠨ ᠤ ᠤᠨᠴᠠᠯᠢᠭᠲᠤ ᠰᠤᠶᠤᠯ ᠵᠢᠭᠤᠯᠴᠢᠯᠠᠯ ᠤᠨ ᠨᠡᠷᠡᠲᠤ ᠲᠡᠮᠲᠡᠭ ᠢ ᠡᠭᠦᠳᠤᠨ᠂ ᠦᠨᠳᠦᠰᠦᠲᠡᠨ ᠤ ᠤᠨᠴᠠᠯᠢᠭ ᠲᠠᠢ ᠲᠠᠯ᠎ᠠ ᠨᠤᠲᠤᠭ ᠤᠨ ᠰᠤᠶᠤᠯ᠂ ᠦᠵᠡᠰᠭᠦᠯᠡᠩᠲᠤ ᠰᠠᠶᠢᠬᠠᠨ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠴᠡᠭ ᠢ ᠴᠢᠷᠮᠠᠶᠢᠨ ᠪᠠᠶᠢᠭᠤᠯᠵᠤ᠂ ᠦᠥᠰᠢᠨ ᠤ ᠵᠢᠭᠤᠯᠴᠢᠯᠠᠯ ᠤᠨ ᠨᠡᠷᠡᠲᠤ ᠲᠡᠮᠲᠡᠭ ᠢ ᠲᠡᠯᠡᠬᠡᠢ ᠶᠢᠨ ᠲᠠᠪᠴᠠᠩ ᠳᠤ ᠭᠠᠷᠭᠠᠬᠤ  ᠶᠢ ᠲᠦᠯᠬᠢᠨ ᠠᠭᠢᠭᠤᠯᠤᠭᠰᠠᠨ ᠪᠠᠶᠢᠨ᠎ᠠ᠃ ᠲᠤᠰ ᠤᠳᠠᠭᠠᠨ ᠤ ᠨᠠᠭᠠᠳᠤᠮ ᠤᠨ ᠶᠡᠭᠡ ᠬᠤᠷᠠᠯ ᠨᠢ ᠦᠭᠡᠷᠡᠴᠢᠯᠡᠯᠲᠡ ᠨᠡᠭᠡᠭᠡᠯᠲᠡ ᠭᠢᠭᠰᠡᠨ 40 ᠵᠢᠯ ᠤᠨ ᠤᠢ ᠶᠢ ᠪᠡᠯᠭᠡᠯᠡᠬᠦ ᠰᠤᠶᠤᠯ ᠲᠠᠮᠢᠷ ᠤᠨ ᠰᠢᠷᠢᠰ ᠠᠵᠢᠯᠯᠠᠭᠠᠨ ᠤ ᠨᠢᠭᠡ ᠪᠤᠯᠤᠭᠰᠠᠨ  ᠤ ᠬᠤᠪᠢ ᠳᠤ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠤᠶᠤᠯ ᠢᠶᠠᠨ ᠪᠠᠳᠠᠷᠠᠭᠤᠯᠬᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠶᠤᠨ ᠤ ᠪᠤᠯᠪᠠᠰᠤᠨ ᠤ ᠰᠤᠶᠤᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠬᠤ ᠶᠢ ᠵᠤᠷᠢᠭᠰᠠᠨ ᠤ ᠬᠠᠮᠳᠤ ︽ᠦᠥᠰᠢᠨ ᠠᠳᠤᠭᠤᠨ ᠰᠤᠶᠤᠯ︾   ᠢᠶᠠᠷ ᠭᠤᠤᠯ ᠰᠡᠲᠤᠪ ᠢᠶᠠᠨ ᠪᠤᠯᠭᠠᠭᠰᠠᠨ ᠰᠢᠷᠢᠰ ᠠᠵᠢᠯᠯᠠᠭ᠎ᠠ ᠶᠢ ᠦᠷᠨᠢᠭᠦᠯᠵᠦ ᠨᠡᠶᠢᠬᠡᠮ ᠤᠨ ᠡᠯ᠎ᠡ ᠡᠲᠡᠭᠡᠳ ᠤᠨ ᠬᠢᠨ ᠢ ᠠᠳᠤᠭᠤᠨ ᠰᠤᠶᠤᠯ᠂ ᠠᠳᠤᠭᠤᠨ ᠤ ᠠᠵᠤ ᠦᠢᠯᠡᠰ ᠢ ᠬᠠᠯᠠᠮᠵᠢᠯᠠᠬᠤ ᠶᠢ ᠤᠷᠢᠶᠠᠯᠠᠵᠤ᠂ ᠠᠳᠤᠭᠤᠨ ᠰᠤᠶᠤᠯ ᠤᠨ ᠠᠭᠤᠯᠤᠭᠳᠠᠬᠤᠨ ᠢ ᠬᠠᠮᠳᠤᠪᠠᠷ ᠠᠭᠤᠲᠠᠯᠠᠵᠤ᠂ ᠠᠳᠤᠭᠤᠨ ᠤ ᠠᠵᠤ ᠦᠢᠯᠡᠰ ᠤᠨ ᠰᠢᠨ᠎ᠡ ᠠᠵᠤ ᠠᠬᠤᠢ ᠶᠢᠨ ᠨᠡᠮᠡᠭᠳᠠᠯ ᠤᠨ ᠴᠡᠭ ᠢ ᠪᠤᠢ ᠪᠤᠯᠭᠠᠨ᠂ ᠦᠥᠰᠢᠨ ᠠᠳᠤᠭᠤᠨ ᠰᠤᠶᠤᠯ ᠤᠨ ᠠᠵᠤ ᠦᠢᠯᠡᠰ ᠤᠨ ᠡᠷᠡᠭᠦᠯ ᠲᠥᠷᠭᠡᠨ ᠬᠦᠭᠵᠢᠯᠲᠡ ᠶᠢ ᠲᠠᠶᠢᠴᠢᠯᠠᠭᠰᠠᠨ ᠪᠠᠶᠢᠨ᠎ᠠ ᠭᠡᠵᠡᠢ᠃
          ᠤᠶᠢᠯᠠᠭᠠᠭᠰᠠᠨ ᠢᠶᠠᠷ ᠲᠤᠰ ᠤᠳᠠᠭᠠᠨ ᠤ ᠨᠠᠭᠠᠳᠤᠮ ᠤᠨ ᠶᠡᠭᠡ ᠬᠤᠷᠠᠯ ᠢ ᠤᠷᠳᠤᠰ ᠬᠤᠲᠠ ᠶᠢᠨ ᠵᠢᠭᠤᠯᠴᠢᠯᠠᠯ ᠤᠨ ᠬᠦᠭᠵᠢᠭᠦᠯᠦᠯᠲᠡ ᠶᠢᠨ ᠵᠦᠪᠯᠡᠯ ᠪᠤᠯᠤᠨ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ ᠰᠦᠯᠳᠡ ᠶᠢᠨ ᠲᠠᠬᠢᠯᠭ᠎ᠠ᠂ ᠰᠤᠶᠤᠯ ᠤᠨ ᠲᠤᠭᠤᠶᠢᠯᠠᠩ ᠤᠨ ᠲᠤᠭᠯᠠᠯᠲᠠ᠂ ᠤᠷᠳᠤᠰ ᠬᠤᠷᠢᠮ  ᠤᠨ ᠲᠤᠭᠯᠠᠯᠲᠠ ᠶᠢᠨ ᠰᠤᠶᠤᠯ ᠤᠨ ᠦᠵᠡᠬᠦᠯᠦᠯᠭᠡ᠂ ᠦᠥᠰᠢᠨ ᠠᠳᠤᠭᠤᠨ ᠰᠤᠶᠤᠯ ᠤᠨ ᠦᠵᠡᠰᠭᠦᠯᠡᠩ᠂ ᠰᠤᠷ ᠬᠠᠷᠪᠤᠬᠤ᠂ ᠪᠦᠬᠡ ᠪᠠᠷᠢᠯᠳᠤᠬᠤ᠂  ᠮᠤᠷᠢ ᠤᠷᠤᠯᠳᠤᠬᠤ ᠵᠡᠷᠭᠡ ᠡᠯᠪᠡᠭ ᠪᠠᠶᠠᠯᠢᠭ ᠰᠤᠶᠤᠯ ᠤᠨ ᠠᠵᠢᠯᠯᠠᠭᠠᠨ ᠢ ᠶᠠᠪᠤᠭᠳᠠᠭᠤᠯᠵᠤ ᠥᠷᠭᠡᠨ ᠤᠯᠠᠨ ᠮᠠᠯᠴᠢᠨ ᠲᠦᠮᠡᠨ ᠪᠠ ᠵᠢᠭᠤᠯᠴᠢᠯᠠᠭᠰᠠᠳ ᠲᠤ ᠮᠠᠨ ᠤ ᠬᠤᠰᠢᠭᠤᠨ ᠤ ᠪᠥᠭᠦ ᠤᠷᠤᠨ ᠪᠦᠰᠡ ᠶᠢᠨ ᠵᠢᠭᠤᠯᠴᠢᠯᠠᠯ ᠤᠨ ᠭᠥᠭᠵᠢᠯᠳᠠ ᠶᠢᠨ ᠥᠷ᠎ᠠ ᠪᠥᠳᠥᠭᠡᠯ ᠪᠤᠯᠤᠨ ᠲᠠᠯ᠎ᠠ ᠨᠤᠲᠤᠭ ᠤᠨ ᠭᠤᠶᠤ ᠰᠠᠶᠢᠬᠠᠨ ᠢ ᠭᠠᠶᠢᠬᠠᠭᠤᠯᠤᠭᠰᠠᠨ ᠪᠠᠶᠢᠨ᠎ᠠ᠃
     
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号