ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ· ᠥᠪᠥᠷ ᠮᠤᠩᠭᠤᠯ ᠤᠨ ᠲᠠᠯ᠎ᠠ ᠨᠤᠲᠤᠭ ᠤᠨ | ᠰᠣᠶᠣᠯ ᠤᠨ ᠨᠠᠶᠢᠷ ᠤᠨ ᠢᠳᠡ ᠬᠦᠭ ᠲᠠᠢ ᠶᠠᠪᠤᠭᠳᠠᠵᠤ ᠲᠠᠰᠢᠷᠠᠮ ᠢᠶᠠᠷ ᠦᠨᠳᠦᠰᠦᠲᠡᠨ ᠤ ᠰᠣᠶᠣᠯ ᠤᠨ ᠴᠡᠴᠡᠭᠯᠡᠨ | ᠬᠥᠭᠵᠢᠯᠲᠡ ᠳᠤ ᠬᠦᠴᠦᠨ ᠨᠡᠮᠡᠷᠢ ᠪᠠᠨ ᠡᠷᠭᠦᠵᠦ᠂ ᠤᠯᠠᠮᠵᠢᠯᠠᠯᠲᠤ ᠰᠣᠶᠣᠯ ᠢᠶᠠᠨ ᠥᠪᠯᠡᠨ ᠵᠠᠯᠭᠠᠮᠵᠢᠯᠠᠵᠤ | ᠬᠠᠮᠠᠭᠠᠯᠠᠬᠤ ᠦᠢᠯᠡᠰ ᠢ ᠠᠬᠢᠭᠤᠯᠬᠤ ᠶᠢᠨ ᠲᠥᠯᠥᠭᠡ ᠭᠠᠷᠤᠳᠢᠨᠤᠷᠪᠤ ᠨᠠᠰᠤᠳᠠᠨ ᠠᠴᠠ ᠣᠷᠳᠣᠰ ᠬᠤᠲᠠ ᠶᠢᠨ | ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠥᠪᠯᠡᠨ ᠤᠯᠠᠮᠵᠢᠯᠠᠭᠴᠢᠳ ᠤᠨ ᠴᠢᠭᠤᠯᠭᠠᠨ ᠢ | ᠮᠠᠨ ᠤ ᠬᠤᠰᠢᠭᠤᠨ ᠤ ᠴᠠᠭᠠᠨ ᠰᠦᠯᠳᠡ ᠠᠮᠢ ᠠᠬᠤᠢ ᠶᠢᠨ ᠨᠡᠭᠦᠳᠡᠯ ᠮᠠᠯᠵᠢᠯ ᠤᠨ ᠵᠢᠭᠤᠯᠴᠢᠯᠠᠯ ᠤᠨ ᠣᠷᠣᠨ ᠳᠤ | ᠡᠷᠬᠢᠯᠡᠨ ᠬᠢᠵᠦ ᠦᠨᠳᠦᠰᠦᠲᠡᠨ ᠤ ᠰᠣᠶᠣᠯ ᠢᠶᠠᠨ ᠬᠡᠷᠬᠢᠨ ᠤᠯᠠᠮᠵᠢᠯᠠᠨ ᠬᠥᠭᠵᠢᠭᠦᠯᠵᠦ ᠥᠪᠯᠡᠨ ᠵᠠᠯᠭᠠᠮᠵᠢᠯᠠᠬᠤ | ᠲᠤᠬᠠᠢ ᠰᠤᠳᠤᠯᠤᠨ ᠶᠠᠷᠢᠯᠴᠠᠪᠠ᠃ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠮᠣᠷᠢᠯᠠᠨ ᠰᠠᠭᠠᠲᠠᠭᠰᠠᠨ ᠪᠠᠭᠰᠢ ᠨᠠᠷ ᠠᠴᠠ ᠥᠪᠡᠷ ᠥᠪᠡᠷ ᠤᠨ | ᠥᠪᠯᠡᠨ ᠤᠯᠠᠮᠵᠢᠯᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠤᠷᠢᠨ ᠳᠤ ᠥᠷᠭᠡᠨ ᠳᠡᠯᠭᠡᠷ ᠶᠠᠷᠢᠯᠴᠠᠭ᠎ᠠ | ᠥᠷᠨᠢᠭᠦᠯᠦᠨ ᠲᠤᠷᠰᠢᠯᠭ᠎ᠠ ᠰᠤᠷᠭᠠᠮᠵᠢ᠂ ᠦᠵᠡᠯ ᠰᠠᠨᠠᠭ᠎ᠠ ᠵᠣᠷᠢᠯᠲᠠ ᠪᠠᠨ ᠳᠡᠯᠭᠡᠨ ᠶᠠᠷᠢᠯᠴᠠᠵᠤ᠂ ᠦᠨᠳᠦᠰᠦᠲᠡᠨ ᠤ | ᠰᠣᠶᠣᠯ ᠢᠶᠠᠨ ᠨᠢᠭᠡᠳᠦᠮᠡᠯ ᠴᠣᠭᠴᠠ ᠪᠣᠯᠭᠠᠨ ᠠᠭᠤᠰᠤᠯᠴᠠᠭᠤᠯᠤᠨ ᠬᠦᠭᠵᠢᠬᠦᠯᠵᠦ ᠰᠣᠶᠣᠯ ᠤᠨ ᠨᠡᠷᠡᠲᠦ ᠲᠡᠮᠳᠡᠭ ᠢ | ᠪᠤᠢ ᠪᠣᠯᠭᠠᠨ ᠦᠨᠳᠦᠰᠦᠲᠡᠨ ᠤ ᠤᠯᠠᠮᠵᠢᠯᠠᠯᠲᠤ ᠰᠣᠶᠣᠯ ᠢᠶᠠᠨ ᠨᠡᠩ ᠣᠯᠠᠨ ᠬᠥᠮᠥᠰ ᠲᠤ ᠮᠡᠳᠡᠭᠦᠯᠦᠨ | ᠬᠥᠭᠵᠢᠭᠦᠯᠬᠦ ᠶᠢᠨ ᠵᠡᠷᠭᠡᠪᠡᠷ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠲᠤᠬᠠᠢ ᠦᠵᠡᠯ ᠪᠣᠳᠣᠯ ᠢᠶᠠᠨ | ᠰᠣᠯᠢᠯᠴᠠᠭᠰᠠᠨ ᠪᠠᠶᠢᠨ᠎ᠠ᠃ | ᠭᠤᠴᠢ ᠭᠠᠷᠤᠢ ᠵᠢᠯ ᠤᠨ ᠲᠤᠷᠰᠢ ᠴᠠᠭᠠᠨ ᠰᠦᠯᠳᠡ ᠶᠢᠨ ᠲᠠᠬᠢᠯᠭ᠎ᠠ ᠶᠢ ᠰᠡᠷᠭᠦᠭᠡᠨ ᠥᠪᠯᠡᠨ ᠵᠠᠯᠭᠠᠮᠵᠢᠯᠠᠵᠤ | ᠦᠷ᠎ᠡ ᠬᠤᠶᠢᠴᠢᠰ ᠲᠤ ᠪᠠᠨ ᠤᠯᠠᠮᠵᠢᠯᠠᠬᠤ ᠭᠡᠵᠦ ᠵᠢᠳᠬᠦᠵᠦ ᠶᠠᠪᠤᠭᠰᠠᠨ ᠮᠠᠨ ᠤ ᠬᠤᠰᠢᠭᠤ ᠪᠠᠷ ᠨᠤᠲᠤᠭᠲᠠᠢ | ᠭᠠᠷᠤᠳᠢᠨᠤᠷᠪᠦ ᠨᠠᠰᠤᠲᠠᠨ ᠡᠨᠡ ᠵᠢᠯ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠴᠠᠭᠠᠨ | ᠰᠦᠯᠳᠡ ᠶᠢᠨ ᠲᠠᠬᠢᠯᠭ᠎ᠠ ᠶᠢᠨ ᠥᠪᠯᠡᠨ ᠤᠯᠠᠮᠵᠢᠯᠠᠭᠴᠢ ᠪᠠᠷ ᠲᠤᠭᠳᠠᠭᠠᠭᠳᠠᠵᠤ ᠬᠤᠷᠠᠯ ᠳᠡᠭᠡᠷ᠎ᠡ ᠨᠠᠰᠤᠳᠠᠨ ᠠᠴᠠ | ᠪᠤᠳᠠᠰ ᠤᠨ ᠪᠤᠰᠤ ᠰᠤᠶᠤᠯ ᠤᠨ ᠥᠪ ᠢ ᠥᠪᠯᠡᠨ ᠵᠠᠯᠭᠠᠮᠵᠢᠯᠠᠭᠤᠯᠬᠤ ᠪᠠᠷ ᠱᠠᠪᠢ ᠡᠯᠰᠡᠬᠦ ᠠᠵᠢᠯᠯᠠᠭ᠎ᠠ | ᠥᠷᠨᠢᠬᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ ᠮᠠᠨ ᠤ ᠬᠤᠲᠠ ᠳᠤ ᠨᠡᠶᠢᠲᠡ 9 ᠤᠯᠤᠰ ᠤᠨ ᠳᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠥᠪᠯᠡᠨ ᠤᠯᠠᠮᠵᠢᠯᠠᠭᠴᠢ ᠪᠠᠶᠢᠵᠤ᠂ ᠡᠭᠦᠨ ᠳᠤ ᠮᠠᠨ ᠤ ᠬᠤᠰᠢᠭᠤᠨ ᠳᠤ 2 ᠬᠥᠮᠥᠨ ᠪᠤᠢ᠃ | | |