8 ᠰᠠᠷ᠎ᠠ ᠶᠢᠨ 12 ᠤᠨ ᠤᠷᠤᠢ᠂ ᠮᠠᠨ ᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠴᠠᠭᠠᠨ | ᠰᠦᠯᠳᠡ ᠶᠢᠨ ᠨᠠᠭᠠᠳᠤᠮ ᠵᠢᠴᠢ ᠦᠥᠰᠢᠨ ᠠᠳᠤᠭᠤᠨ ᠰᠤᠶᠤᠯ ᠤᠨ ᠠᠵᠤ ᠦᠢᠯᠡᠰ ᠤᠨ ᠦᠵᠡᠰᠭᠦᠯᠡᠩ ᠤᠨ ᠰᠤᠶᠤᠯ | ᠤᠨ ᠠᠵᠢᠯᠯᠠᠭᠠᠨ ᠢ ᠲᠤᠬᠢᠶᠠᠯᠳᠤᠭᠤᠯᠤᠨ ᠭᠢᠭᠰᠡᠨ ᠷᠤᠺ ᠲᠠᠭᠤᠤ ᠬᠦᠭᠵᠢᠮ ᠤᠨ ᠦᠳᠡᠰᠢᠯᠡᠭᠡ ᠴᠠᠭᠠᠨ ᠰᠦᠯᠳᠡ | ᠨᠡᠭᠦᠳᠠᠯ ᠮᠠᠯᠵᠢᠯ ᠠᠮᠢ ᠠᠬᠤᠢ ᠶᠢᠨ ᠵᠢᠭᠤᠯᠴᠢᠯᠠᠯ ᠤᠨ ᠤᠷᠤᠨ ᠳᠤ ᠠᠮᠵᠢᠯᠲᠠᠲᠠᠢ ᠶᠠᠪᠤᠭᠳᠠᠭᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭᠠᠨ ᠢ ᠤᠷᠳᠤᠰ ᠬᠤᠲᠠ ᠶᠢᠨ ᠵᠢᠭᠤᠯᠴᠢᠯᠠᠯ ᠤᠨ ᠬᠦᠭᠵᠢᠭᠦᠯᠦᠯᠲᠡ ᠶᠢᠨ | ᠵᠦᠪᠯᠡᠯ ᠪᠤᠯᠤᠨ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ ᠶᠠᠪᠤᠭᠳᠠᠭᠤᠯᠤᠨ᠂ ᠷᠤᠺ | ᠲᠠᠭᠤᠤ ᠬᠦᠭᠵᠢᠮ ᠤᠨ ᠦᠳᠡᠰᠢᠯᠡᠭᠡ ᠳᠤ ︽ᠲᠤᠯᠭᠠᠲᠠᠨ ᠬᠠᠮᠲᠤᠯᠢᠭ︾ ᠪᠠ ︽ᠠᠶᠢᠵᠠᠮ ᠬᠠᠮᠲᠤᠯᠢᠭ︾ ᠤᠨ ᠬᠢᠨ | ᠠᠴᠠ ︽ᠶᠤᠬᠤᠷ︾᠂ ︽ᠬᠤᠯᠠ ᠶᠢᠨ ᠪᠦᠰᠡᠭᠦᠢ︾ ︽ᠮᠤᠩᠭᠤᠯ︾ ᠵᠡᠷᠭᠡ ᠠᠶ᠎ᠠ ᠲᠠᠭᠤᠤ ᠠᠶᠢᠵᠠᠮ ᠭᠥᠭᠵᠢᠮ | ᠢᠶᠠᠨ ᠡᠷᠭᠦᠨ ᠥᠵᠡᠭᠴᠢᠳ ᠤᠨ ᠬᠠᠷᠠᠭ᠎ᠠ ᠰᠤᠨᠤᠷ ᠢ ᠮᠢᠯᠢᠶᠠᠬᠤ ᠶᠢᠨ ᠬᠠᠮᠲᠤ ︽ᠲᠤᠯᠭᠠᠲᠠᠨ ᠬᠠᠮᠲᠤᠯᠢᠭ︾ ᠠᠴᠠ | ᠦᠵᠡᠭᠴᠢᠳ ᠲᠤ CD ᠳ᠋ᠢᠰᠺ ᠢ ᠪᠡᠯᠡᠭᠯᠡᠵᠤ ᠦᠳᠡᠰᠢᠯᠡᠭᠡ ᠶᠢᠨ ᠠᠬᠤᠢ ᠲᠠᠯᠠᠪᠤᠷ ᠤᠨ ᠠᠭᠤᠷ ᠠᠮᠢᠰᠬᠤᠯ ᠢ ᠲᠤᠶᠢᠯ | ᠤᠨ ᠬᠦᠭᠵᠢᠶᠡᠨ ᠲᠠᠢ ᠪᠤᠯᠭᠠᠭᠰᠠᠨ ᠪᠠᠶᠢᠨ᠎ᠠ᠃ | |