ᠪᠥᠸᠧ ᠳ᠋ᠠ ᠱᠢ ᠳ᠋ᠢ ᠬᠢᠮᠢ ᠶᠢᠨ ᠬᠢᠵᠠᠭᠠᠷᠲᠤ ᠺᠤᠮᠫᠠᠨᠢ ᠳᠡᠭᠡᠷ᠎ᠡ ᠬᠠᠭᠠᠰ ᠵᠢᠯ ᠳᠤ 50.2 ᠲᠦᠮᠡᠨ ᠲᠣᠨ ᠬᠢᠮᠢ ᠶᠢᠨ ᠪᠣᠷᠳᠣᠭᠤᠷ ᠦᠢᠯᠡᠳᠪᠦᠷᠢᠯᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2018-08-17
     ᠦᠪᠦᠷ ᠮᠣᠩᠭᠤᠯ ᠤᠨ ᠪᠥᠸᠧ ᠳ᠋ᠠ ᠱᠢ ᠳ᠋ᠢ ᠬᠢᠮᠢ ᠶᠢᠨ ᠬᠢᠵᠠᠭᠠᠷᠲᠣ ᠺᠣᠮᠫᠠᠨᠢ ᠨᠢ ᠵᠠᠬ᠎ᠠ ᠳᠡᠯᠬᠡᠬᠦᠷ ᠤᠨ ᠠᠵᠠ ᠳᠣᠬᠢᠶᠠᠯ ᠢ ᠠᠳᠬᠤᠵᠣ ᠰᠢᠨ᠎ᠡ ᠪᠦᠲᠦᠬᠡᠭᠳᠡᠬᠦᠨ ᠢ ᠢᠳᠡᠪᠬᠢᠲᠡᠢ ᠪᠠᠷ ᠨᠡᠭᠡᠭᠡᠨ ᠦᠢᠯᠡᠳᠴᠦ ᠳᠡᠭᠡᠷ᠎ᠡ ᠬᠠᠭᠠᠰ ᠵᠢᠯ ᠳᠤ 50.2 ᠲᠦᠮᠡᠨ ᠲᠣᠨ ᠬᠢᠮᠢ ᠶᠢᠨ ᠪᠣᠷᠳᠣᠭᠤᠷ ᠦᠢᠯᠡᠳᠪᠦᠷᠢᠯᠡᠨ ᠪᠦᠬᠦ ᠵᠢᠯ ᠤᠨ ᠦᠢᠯᠡᠳᠪᠦᠷᠢᠯᠡᠯ ᠤᠨ ᠡᠬᠦᠷᠭᠡ ᠪᠠᠨ ᠬᠠᠭᠠᠰ ᠠᠴᠠ ᠲᠡᠭᠡᠭᠰᠢ ᠪᠡᠶᠡᠯᠡᠬᠦᠯᠬᠦ ᠬᠠᠷᠠᠯᠳᠠ ᠳᠤ ᠪᠠᠨ ᠬᠦᠷᠴᠤ ᠴᠢᠳᠠᠭᠰᠠᠨ ᠪᠠᠶᠢᠨ᠎ᠠ᠃      ᠬᠤᠷᠸ᠎ᠠ ᠳᠣᠬᠢᠷᠠᠭᠤᠯᠭ᠎ᠠ ᠶᠢᠨ ᠨᠦᠯᠦᠬᠡ ᠪᠠᠷ ᠡᠨᠡ ᠵᠢᠯ ᠠᠴᠠ ᠬᠢᠮᠢ ᠶᠢᠨ ᠪᠣᠷᠳᠣᠭᠤᠷ ᠤᠨ ᠦᠨ᠎ᠡ ᠨᠢ ᠳᠣᠨ ᠪᠦᠷᠢ ᠳᠡᠭᠡᠨ 1600 —1700 ᠲᠦᠬᠦᠷᠢᠭ ᠲᠤ ᠬᠦᠷᠴᠡᠢ᠃ ᠮᠠᠨ ᠤ ᠬᠤᠰᠢᠭᠤᠨ ᠤ ᠭᠤᠣᠯ ᠬᠢᠮᠢ ᠶᠢᠨ ᠪᠣᠷᠳᠣᠭᠤᠷ ᠤᠨ ᠦᠢᠯᠡᠳᠪᠦᠷᠢ ᠪᠣᠯᠣᠭᠰᠠᠨ ᠦᠪᠦᠷ ᠮᠣᠩᠭᠤᠯ ᠤᠨ ᠪᠥᠸᠧ ᠳ᠋ᠠ ᠱᠢ ᠳ᠋ᠢ ᠬᠢᠮᠢ ᠶᠢᠨ ᠬᠢᠵᠠᠭᠠᠷᠲᠣ ᠺᠣᠮᠫᠠᠨᠢ ᠨᠢ ᠵᠠᠬ᠎ᠠ ᠳᠡᠯᠬᠡᠬᠦᠷ ᠤᠨ ᠠᠵᠠ ᠳᠣᠬᠢᠶᠠᠯ ᠢ ᠠᠳᠬᠤᠵᠣ ᠨᠢᠳᠣᠨᠣᠨ ᠤ ᠦᠨ᠎ᠡ ᠳᠣᠣᠷ᠎ᠠ ᠠᠴᠠ ᠪᠣᠯᠵᠣ ᠤᠷᠤᠭᠤᠳᠠᠬᠤ ᠬᠠᠨᠳᠣᠰᠢ ᠲᠠᠢ ᠪᠠᠶᠢᠭᠰᠠᠨ ᠪᠠᠶᠢᠳᠠᠯ ᠢᠶᠠᠨ ᠬᠤᠪᠢᠷᠠᠭᠤᠯᠵᠤ 7 ᠰᠠᠷ᠎ᠠ ᠶᠢᠨ 1 ᠪᠣᠯᠳᠠᠯ᠎ᠠ ᠰᠢᠬᠡᠰᠦᠯᠢᠭ ᠡᠳ᠋ ᠢ 50.2 ᠲᠦᠮᠡᠨ ᠳᠣᠨ ᠦᠢᠯᠡᠳᠪᠦᠷᠢᠯᠡᠵᠦ ᠺᠣᠮᠫᠠᠨᠢ ᠶᠢᠨ ᠪᠦᠬᠦ ᠵᠢᠯ ᠤᠨ ᠠᠰᠢᠭ ᠬᠤᠨᠵᠢᠪᠣᠷᠢ 2.2 ᠳ᠋ᠦᠩᠰᠢᠭᠤᠷ ᠣᠯᠬᠤ ᠬᠠᠷᠠᠯᠳᠠ ᠶᠢᠨ ᠢᠶᠠᠨ ᠬᠠᠭᠠᠰ ᠠᠴᠠ ᠳᠡᠭᠡᠬᠦᠷ ᠢ ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号