8 ᠰᠠᠷ᠎ᠠ 15 ᠤ ᠡᠳᠥᠷ᠂ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠵᠢᠴᠢ ᠠᠵᠤ ᠠᠬᠤᠢ ᠶᠢᠨ | ᠠᠵᠢᠯ ᠤᠨ ᠲᠤᠬᠢᠷᠠᠭᠤᠯᠤᠯᠲᠠ ᠶᠢᠨ ᠬᠤᠷᠠᠯ ᠢ ᠬᠤᠰᠢᠭᠤ ᠵᠠᠰᠠᠭ ᠵᠠᠬᠢᠷᠭᠠᠨ ᠤ ᠥᠢᠯᠡᠴᠢᠯᠡᠭᠡᠨ ᠤ ᠲᠥᠪ ᠲᠤ | ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠱᠥᠵᠢ ᠡᠷᠳᠡᠨᠢᠪᠢᠯᠢᠭ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠪᠤᠶᠠᠨᠮᠠᠨᠳᠤᠬᠤ᠂ ᠬᠤᠰᠢᠭᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠵᠢᠴᠢ ᠬᠤᠰᠢᠭᠤ ᠰᠢᠶᠡᠨ ᠤ ᠲᠡᠰ ᠤᠨ ᠭᠡᠷ ᠲᠡᠭᠡᠨ | ᠪᠠᠶᠢᠭ᠎ᠠ ᠪᠦᠬᠦ ᠤᠳᠤᠷᠢᠳᠤᠯᠭ᠎ᠠ ᠬᠤᠷᠠᠯ ᠳᠤ ᠤᠷᠤᠯᠴᠠᠵᠤ᠂ ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶ᠎ᠠ ᠶᠢᠨ | ᠱᠥᠵᠢ ᠪᠠ ᠰᠤᠮᠤ ᠪᠠᠯᠭᠠᠰᠤᠨ ᠲᠠᠷᠤᠭ᠎ᠠ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ | ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠪᠠ ᠭᠡᠰᠡᠭ ᠠᠵᠤ ᠠᠬᠤᠶᠢᠯᠠᠯ ᠤᠨ | ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠥᠵᠢ᠂ ᠬᠤᠰᠢᠭᠤ | ᠤᠷᠤᠯᠠᠭᠴᠢ ᠲᠠᠷᠤᠭ᠎ᠠ ᠵᠤᠤ ᠹᠧᠢ ᠯᠤ᠋ ᠬᠤᠷᠠᠯ ᠡᠷᠬᠢᠯᠡᠪᠡ᠃ | | | | | ᠬᠤᠷᠠᠯ ᠲᠡᠭᠡᠷ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ | ᠴᠢᠶᠤᠤ ᠠᠢ ᠫᠢᠩ᠂ ᠬᠤᠰᠢᠭᠤ ᠲᠡᠳ᠋ ᠲᠠᠷᠤᠭ᠎ᠠ ᠵᠸᠤ ᠱᠤᠸᠠᠢ᠂ ᠬᠤᠰᠢᠭᠤ ᠲᠡᠳ᠋ ᠲᠠᠷᠤᠭ᠎ᠠ ᠡᠳ᠋ ᠤᠨ ᠵᠠᠰᠠᠭ ᠤᠨ | ᠲᠤᠪᠴᠢᠶᠠᠨ ᠤ ᠲᠠᠷᠤᠭ᠎ᠠ ᠪᠠᠶᠠᠠᠴᠠᠩᠭᠡᠯ ᠠᠴᠠ ᠲᠤᠰ ᠲᠤᠰ ᠪᠥᠭᠦ ᠬᠤᠳᠠ ᠶᠢᠨ ᠠᠵᠤ ᠠᠬᠤᠢ ᠶᠢᠨ ᠪᠠᠶᠢᠳᠠᠯ ᠤᠨ | ᠵᠠᠳᠠᠯᠤᠯᠳᠠ ᠵᠢᠴᠢ ᠴᠢᠨᠠᠷ ᠰᠠᠶᠢᠳᠠᠢ ᠭᠥᠭᠵᠢᠯᠳᠠ ᠶᠢᠨ ᠠᠬᠢᠭᠤᠯᠤᠯᠲᠠ ᠶᠢᠨ ᠬᠤᠷᠠᠯ᠂ ᠪᠥᠭᠦ ᠬᠤᠳᠠ ᠶᠢᠨ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠪᠤᠯᠤᠨ ᠪᠥᠭᠦ ᠬᠤᠳᠠ ᠶᠢᠨ ᠭᠥᠳᠡᠭᠡ ᠲᠤᠰᠬᠤᠨ | ᠢ ᠭᠥᠭᠵᠢᠭᠦᠯᠤᠨ ᠮᠠᠨᠳᠤᠭᠤᠯᠬᠤ ᠵᠢᠴᠢ ᠶᠠᠳᠠᠭᠤ ᠠᠴᠠ ᠠᠩᠭᠢᠵᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠲᠤᠬᠠᠢ | ᠶᠢᠨ ᠲᠠᠯᠠᠪᠠᠢ ᠶᠢᠨ ᠠᠭᠢᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠰᠢᠭᠤᠨ ᠤ 1 ᠠᠴᠠ 7 ᠳ᠋ᠤᠭᠠᠷ ᠰᠠᠷ᠎ᠠ ᠶᠢᠨ ᠠᠵᠤ ᠠᠬᠤᠢ ᠨᠡᠶᠢᠭᠡᠮ ᠤᠨ ᠭᠥᠭᠵᠢᠯᠳᠠ ᠪᠤᠯᠤᠨ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠤᠭᠰᠠᠨ ᠪᠠᠶᠢᠳᠠᠯ ᠢ ᠨᠠᠶᠢᠳᠠᠯᠠᠵᠤ᠂ | ᠲᠠᠷᠠᠭᠠᠴᠢ ᠶᠢᠨ ᠠᠯᠬᠤᠮ ᠤᠨ ᠬᠤᠯᠪᠤᠭᠳᠠᠯ ᠪᠥᠭᠦᠢ ᠠᠵᠢᠯ ᠳᠤ ᠪᠠᠶᠢᠷᠢᠯᠠᠭᠤᠯᠤᠯᠳᠠ ᠭᠢᠭᠰᠡᠨ ᠪᠠᠶᠢᠨ᠎ᠠ᠃ | | | | | ᠬᠤᠷᠠᠯ ᠲᠡᠭᠡᠷ᠎ᠡ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠰᠠᠳᠭᠢᠯ ᠢᠶᠠᠨ ᠨᠢᠭᠡᠳᠤᠭᠦᠯᠤᠨ ᠭᠥᠴᠤᠨ | ᠢᠶᠠᠨ ᠬᠠᠮᠳᠤᠳᠬᠠᠵᠤ ᠥᠭᠡᠷᠡᠴᠢᠯᠠᠯᠳᠠ ᠬᠢᠨ ᠰᠢᠨ᠎ᠠ ᠶᠢ ᠡᠭᠦᠳᠴᠤ᠂ ᠨᠤᠮᠢᠨ ᠲᠠᠩᠰᠤᠭ ᠥᠥᠰᠢᠨ ᠤ ᠰᠢᠨ᠎ᠠ ᠴᠠᠭ | ᠥᠶ᠎ᠠ ᠳᠤ ᠨᠤᠮᠢᠨ ᠲᠠᠩᠰᠤᠭ ᠭᠥᠭᠵᠢᠯᠳᠠ ᠶᠢ ᠪᠠᠶᠠᠯᠠᠭᠦᠯᠭᠦ ᠶᠢ ᠠᠭᠢᠭᠤᠯᠵᠤ᠂ ︽ᠥᠵᠠᠰᠭᠦᠯᠡᠩᠳᠤ ᠰᠠᠶᠢᠬᠠᠨ ᠥᠪᠤᠷ | ᠮᠤᠩᠭᠤᠯ ᠢᠶᠠᠨ ᠪᠥᠳᠥᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠭᠥᠰᠡᠯ ᠢ ᠲᠡᠷᠭᠡᠯᠰᠢᠭᠦᠯᠭᠦ︾ ᠳᠤ ᠨᠡᠩ | ᠶᠡᠭᠡ ᠰᠢᠨ᠎ᠠ ᠬᠤᠪᠢ ᠨᠠᠮᠠᠷᠢ ᠪᠠᠨ ᠡᠷᠭᠦᠭᠦ ᠪᠠᠷ ᠴᠢᠷᠮᠠᠶᠢᠬᠤ ᠭᠡᠷᠡᠭᠳᠠᠢ ᠭᠡᠵᠡᠢ᠃ | ᠡᠷᠳᠡᠨᠢᠪᠢᠯᠢᠭ ᠱᠠᠭᠠᠷᠳᠠᠬᠤ ᠳᠤ ᠪᠠᠨ᠂ ᠭᠥᠭᠵᠢᠯᠳᠠ ᠶᠢᠨ ᠬᠠᠨᠳᠤᠰᠢ ᠪᠠᠨ ᠲᠤᠳᠤᠷᠬᠠᠶᠢᠯᠠᠨ ︽ᠨᠤᠮᠢᠨ | ᠲᠠᠩᠰᠤᠭ ᠭᠥᠭᠵᠢᠯᠳᠠ︾ ᠶᠢᠨ ᠬᠠᠮᠳᠤ ᠶᠢᠨ ᠲᠠᠨᠢᠯᠳᠠ ᠲᠡᠭᠡᠷ᠎ᠡ ᠨᠢᠭᠡᠳᠤᠭᠦᠯᠭᠦ ᠭᠡᠷᠡᠭᠳᠠᠢ᠃ ᠶᠡᠭᠡ ᠪᠠᠶᠢᠳᠠᠯ ᠲᠠᠢ | ᠲᠤᠭᠢᠷᠠᠯᠴᠠᠨ᠂ ᠥᠵᠠᠯᠳᠠ ᠪᠠᠨ ᠰᠢᠨᠠᠳᠭᠡᠵᠤ᠂ ᠥᠵᠠᠯ ᠰᠠᠨᠠᠭ᠎ᠠ ᠥᠢᠯᠠ ᠠᠵᠢᠯᠯᠠᠭ᠎ᠠ ᠪᠠᠨ ᠬᠤᠰᠢᠭᠤ ᠨᠠᠮ ᠤᠨ | ᠬᠤᠷᠢᠶ᠎ᠠ ᠵᠠᠰᠠᠭ ᠤᠨ ᠤᠷᠳᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠳᠠ ᠲᠡᠭᠡᠷ᠎ᠡ ᠥᠨᠠᠠᠭᠦ ᠨᠢᠭᠡᠳᠭᠡᠨ᠂ | ᠤᠶᠤᠨ ᠤᠬᠠᠭᠠᠨ ᠭᠥᠴᠤᠨ ᠴᠢᠳᠠᠯ ᠢ ᠨᠢᠭᠲᠠᠷᠠᠭᠤᠯᠵᠤ᠂ ︽ᠨᠤᠮᠢᠨ ᠲᠠᠩᠰᠤᠭ ᠭᠥᠭᠵᠢᠯᠳᠠ︾ ᠶᠢᠨ ᠭᠥᠴᠥᠷᠭᠡᠭ | ᠶᠡᠭᠡ ᠬᠠᠮᠳᠤ ᠶᠢᠨ ᠭᠥᠴᠤᠨ ᠢ ᠪᠥᠷᠢᠯᠳᠤᠭᠦᠯᠭᠦ ᠭᠡᠷᠡᠭᠳᠠᠢ ᠭᠡᠵᠡᠢ᠃ | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ︽ᠨᠤᠮᠢᠨ ᠲᠠᠩᠰᠤᠭ ᠭᠥᠭᠵᠢᠯᠳᠠ︾ ᠶᠢ ᠪᠠᠶᠠᠯᠠᠭᠦᠯᠭᠦ ᠳᠤ ᠡᠯ᠎ᠠ | ᠲᠥᠷᠥᠯ ᠤᠨ ᠠᠵᠢᠯ ᠥᠢᠯᠡᠰ ᠤᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ ᠭᠡᠷᠡᠭᠳᠠᠢ᠃ ᠭᠤᠷᠪᠠᠨ ᠶᠡᠭᠡ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠢᠯᠠᠵᠤ᠂ ᠴᠢᠨᠠᠷ ᠰᠠᠶᠢᠳᠠᠢ ᠭᠥᠭᠵᠢᠯᠳᠠ ᠶᠢᠨ ᠬᠤᠷᠢᠭ᠎ᠠ | ᠱᠤᠭᠤᠮ ᠢ ᠰᠠᠭᠢᠬᠤ ᠭᠡᠷᠡᠭᠳᠠᠢ᠃ ᠲᠥᠷᠥᠯ ᠵᠥᠢᠯ ᠢ ᠴᠢᠩᠭ᠎ᠠ ᠠᠳᠬᠤᠵᠤ ᠪᠡᠯᠡ ᠤᠷᠤᠭᠤᠯᠤᠯᠳᠠ ᠪᠠᠨ ᠥᠷᠭᠡᠳᠭᠡᠨ | ᠠᠷᠠᠯᠵᠢᠶᠠᠴᠢᠨ ᠤᠷᠢᠬᠤ ᠶᠢ ᠲᠠᠮᠵᠢᠨ ᠴᠢᠨᠠᠷ ᠰᠠᠶᠢᠳᠠᠢ ᠭᠥᠭᠵᠢᠯᠳᠠ ᠶᠢᠨ ᠰᠠᠭᠤᠷᠢ ᠶᠢ ᠪᠠᠳᠤᠳᠬᠠᠬᠤ ᠭᠡᠷᠡᠭᠳᠠᠢ᠃ | ᠡᠨᠧᠷᠬᠢ ᠶᠢᠨ ᠠᠵᠤ ᠥᠢᠯᠡᠰ ᠤᠨ ᠨᠠᠷᠢᠯᠢᠭᠵᠢᠭᠰᠠᠨ ᠭᠥᠭᠵᠢᠯᠳᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠥᠳᠥᠭᠡᠭᠳᠡᠭᠦᠨ ᠤ ᠨᠠᠷᠠ ᠲᠠᠮᠳᠡᠭᠵᠢᠭᠰᠡᠨ ᠭᠥᠭᠵᠢᠯᠳᠠ᠂ ᠤᠳᠤ ᠥᠶ᠎ᠠ ᠶᠢᠨ ᠥᠢᠯᠡᠴᠢᠯᠡᠭᠡᠨ ᠤ ᠥᠢᠯᠡᠰ ᠤᠨ | ᠤᠨᠴᠠᠯᠢᠭᠵᠢᠭᠰᠠᠨ ᠭᠥᠭᠵᠢᠯᠳᠠ ᠶᠢ ᠠᠭᠢᠭᠤᠯᠤᠨ ᠠᠵᠤ ᠥᠢᠯᠠᠰ ᠤᠨ ᠭᠡᠯᠪᠠᠷᠢ ᠪᠠᠨ ᠬᠤᠪᠢᠷᠠᠭᠤᠯᠤᠨ ᠲᠠᠰ ᠲᠠᠪᠰᠢᠭᠦ | ᠶᠢ ᠲᠥᠷᠭᠡᠳᠭᠡᠭᠦ ᠭᠡᠷᠡᠭᠳᠠᠢ᠃ ᠪᠥᠭᠦ ᠤᠯᠤᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ | ᠪᠥᠭᠦ ᠲᠠᠯ᠎ᠠ ᠪᠠᠷ ᠥᠷᠨᠢᠭᠦᠯᠵᠤ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠭᠡᠷᠡᠭᠵᠢᠭᠦᠯᠤᠨ ᠮᠠᠯᠴᠢᠨ ᠲᠠᠷᠢᠶᠠᠴᠢᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠵᠠᠰᠠᠯᠳᠠ ᠶᠢ ᠯᠠᠪᠳᠠᠭᠤᠨ | ᠠᠭᠢᠭᠤᠯᠵᠤ᠂ ᠬᠤᠳᠠ ᠭᠥᠳᠡᠭᠡ ᠶᠢᠨ ᠰᠠᠭᠤᠷᠢ ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠯᠳᠠ ᠶᠢ | ᠲᠡᠭᠦᠯᠳᠡᠷᠵᠢᠭᠦᠯᠤᠨ᠂ ᠬᠤᠳᠠ ᠭᠥᠳᠡᠭᠡ ᠶᠢᠨ ᠠᠭᠤᠰᠤᠯᠴᠠᠭᠰᠠᠨ ᠭᠥᠭᠵᠢᠯᠳᠠ ᠶᠢ ᠠᠭᠢᠭᠤᠯᠵᠤ᠂ ᠴᠢᠨᠠᠷ ᠰᠠᠶᠢᠲᠠᠢ | ᠭᠥᠭᠵᠢᠯᠳᠠ ᠶᠢᠨ ᠭᠥᠷᠥᠯᠴᠠᠭᠦ ᠥᠭᠡᠢ ᠲᠠᠯ᠎ᠠ ᠶᠢ ᠨᠥᠭᠦᠪᠤᠷᠢᠯᠠᠭᠦ ᠭᠡᠷᠡᠭᠳᠠᠢ᠃ ᠥᠭᠡᠷᠡᠴᠢᠯᠠᠯᠳᠠ ᠭᠢᠵᠤ ᠰᠢᠨ᠎ᠠ ᠶᠢ | ᠡᠭᠦᠳᠭᠦ ᠶᠢ ᠴᠢᠩᠭ᠎ᠠ ᠠᠳᠬᠤᠵᠤ ᠥᠭᠡᠷᠡᠴᠢᠯᠡᠯᠳᠠ ᠶᠢᠨ ᠡᠭᠦᠷᠭᠡ ᠪᠠᠨ ᠪᠥᠳᠥᠮᠵᠢᠳᠠᠢ ᠨᠠᠶᠢᠳᠠᠪᠤᠷᠢᠵᠢᠭᠤᠯᠵᠤ᠂ | ᠰᠢᠨ᠎ᠠ ᠶᠢ ᠡᠭᠦᠳᠤᠨ ᠥᠢᠯᠡᠰ ᠪᠥᠳᠥᠭᠡᠭᠦ ᠴᠢᠨᠠᠷ ᠴᠢᠠᠰᠠᠭ᠎ᠠ ᠭᠢᠷᠢ ᠲᠥᠪᠰᠢᠨ ᠢ ᠲᠡᠭᠡᠭᠰᠢᠯᠡᠭᠦᠯᠵᠤ᠂ ᠴᠢᠨᠠᠷ ᠰᠠᠶᠢᠳᠠᠢ | ᠭᠥᠭᠵᠢᠯᠳᠠ ᠶᠢᠨ ᠭᠥᠳᠡᠯᠭᠡᠭᠦ ᠭᠥᠴᠤᠨ ᠢ ᠪᠠᠳᠠᠷᠠᠭᠤᠯᠬᠤ ᠭᠡᠷᠡᠭᠳᠠᠢ᠃ ᠠᠷᠠᠳ ᠲᠥᠮᠡᠨ ᠢᠶᠠᠷ ᠭᠤᠤᠯ ᠪᠤᠯᠭᠠᠭᠰᠠᠨ | ᠭᠥᠭᠵᠢᠯᠳᠠ ᠶᠢᠨ ᠥᠵᠠᠯ ᠰᠠᠨᠠᠭ᠎ᠠ ᠶᠢ ᠪᠠᠳᠤ ᠪᠠᠭᠢ ᠪᠤᠢ ᠪᠤᠯᠭᠠᠨ ᠰᠤᠷᠭᠠᠨ ᠭᠥᠮᠤᠵᠢᠯ᠂ ᠠᠵᠢᠯ ᠤᠯᠭᠤᠯᠳᠠ᠂ | ᠰᠤᠶᠤᠯ᠂ ᠡᠷᠡᠭᠦᠯ ᠬᠠᠮᠠᠭᠠᠯᠠᠯ᠂ ᠨᠠᠶᠢᠭᠡᠮ ᠤᠨ ᠪᠠᠲᠤᠯᠠᠭ᠎ᠠ ᠵᠡᠷᠭᠡ ᠶᠢᠨ ᠠᠷᠠᠳ ᠤᠨ ᠠᠮᠢᠳᠤᠷᠠᠯ ᠤᠨ ᠠᠵᠢᠯ ᠢ ᠰᠠᠶᠢᠨ | ᠭᠢᠵᠤ᠂ ᠭᠥᠭᠵᠢᠯᠳᠠ ᠶᠢᠨ ᠲᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠥᠷᠭᠡᠨ ᠤᠯᠠᠨ | ᠲᠥᠮᠡᠨ ᠳᠤ ᠴᠢᠨᠠᠷ ᠰᠠᠶᠢᠳᠠᠢ ᠭᠥᠭᠵᠢᠯᠳᠠ ᠶᠢᠨ ᠥᠷ᠎ᠠ ᠪᠥᠳᠥᠭᠡᠯ ᠢ ᠡᠳ᠋ᠯᠡᠭᠦᠯᠭᠦ ᠭᠡᠷᠡᠭᠳᠠᠢ᠃ ᠥᠨᠳᠤᠰᠤᠳᠠᠨ ᠤ | ᠪᠥᠯᠭᠦᠮᠳᠠᠯ ᠢ ᠬᠠᠮᠠᠭᠠᠯᠠᠨ᠂ ᠠᠶᠤᠯᠭᠦᠢ ᠥᠢᠯᠡᠳᠪᠤᠷᠢᠯᠠᠯ ᠢ ᠠᠩᠬᠠᠷᠤᠨ᠂ ᠬᠠᠷ᠎ᠠ ᠪᠥᠯᠥᠭᠳᠠᠨ ᠬᠠᠷᠭᠢᠰ ᠭᠥᠴᠤᠨ ᠢ | ᠠᠷᠢᠯᠭᠠᠬᠤ ᠲᠤᠰᠬᠠᠢ ᠲᠠᠮᠠᠴᠠᠯ ᠢ ᠰᠠᠶᠢᠨ ᠭᠢᠵᠤ᠂ ᠨᠡᠶᠢᠭᠡᠮ ᠤᠨ ᠡᠶ᠎ᠡ ᠵᠤᠭᠢᠴᠠᠯ ᠲᠤᠭᠳᠠᠭᠤᠨ ᠪᠠᠶᠢᠳᠠᠯ ᠢ ᠪᠠᠳᠤᠯᠠᠨ | ᠂ ᠴᠢᠨᠠᠷ ᠰᠠᠶᠢᠳᠠᠢ ᠭᠥᠭᠵᠢᠯᠳᠠ ᠶᠢᠨ ᠤᠷᠴᠢᠨ ᠢ ᠬᠠᠮᠠᠭᠠᠯᠠᠬᠤ ᠭᠡᠷᠡᠭᠳᠠᠢ ᠭᠡᠵᠡᠢ᠃ | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠨᠤᠮᠢᠨ ᠲᠠᠩᠰᠤᠭ ᠭᠥᠭᠵᠢᠯᠳᠠ ᠶᠢ ᠪᠠᠶᠠᠯᠠᠭᠦᠯᠭᠦ ᠳᠤ ᠵᠠᠪᠠᠯ | ᠠᠵᠢᠯ ᠡᠷᠭᠢᠯᠠᠨ ᠥᠢᠯᠡᠰ ᠪᠥᠳᠥᠭᠡᠭᠦ ᠭᠥᠨ ᠵᠤᠵᠠᠭᠠᠨ ᠠᠭᠤᠷ ᠠᠮᠢᠰᠬᠤᠯ ᠢ ᠪᠥᠷᠢᠯᠳᠤᠭᠦᠯᠭᠦ ᠭᠡᠷᠡᠭᠳᠠᠢ᠃ ᠲᠥᠪ | ᠬᠤᠷᠢᠶᠠᠨ ᠤ ︽ᠦᠷᠭᠡᠨ ᠤᠯᠠᠨ ᠺᠠᠳ᠋ᠷ ᠤᠨ ᠰᠢᠨ᠎ᠡ ᠴᠠᠬ ᠦᠶ᠎ᠡ ᠳᠤ ᠰᠢᠨ᠎ᠡ ᠡᠭᠦᠷᠭᠡᠯᠡᠯ ᠰᠢᠨ᠎ᠡ ᠵᠢᠳᠭᠦᠯ | ᠴᠢᠷᠮᠠᠶᠢᠯᠭ᠎ᠠ ᠲᠠᠢ ᠪᠠᠶᠢᠬᠤ ᠶᠢ ᠤᠷᠮᠠᠰᠢᠭᠤᠯᠵᠤ ᠵᠤᠷᠢᠬᠵᠢᠭᠤᠯᠬᠤ ᠲᠤᠬᠠᠢ ᠰᠠᠨᠠᠯ︾ ᠢ ᠬᠦᠨᠵᠡᠭᠡᠢ ᠲᠤᠤᠱᠯᠠᠭᠤᠯᠵᠤ᠂ | ᠤᠳᠤᠷᠢᠳᠬᠤ ᠺᠠᠳ᠋ᠷᠴᠤᠳ ᠤᠨ ᠵᠢᠱᠢᠶᠠᠴᠢ ᠲᠠᠭᠤᠷᠢᠶᠠᠯ ᠥᠢᠯᠡᠳᠤᠯ ᠢ ᠪᠠᠳᠠᠷᠠᠭᠤᠯᠵᠤ᠂ ᠲᠤᠭ ᠲᠠᠮᠳᠡᠭ ᠲᠤᠳᠤᠷᠬᠠᠢ | ᠪᠠᠷ ᠵᠤᠷᠢᠭᠳᠠᠢ ᠡᠭᠦᠷᠭᠡᠯᠡᠭᠦ ᠺᠠᠳ᠋ᠷᠴᠤᠳ ᠢ ᠵᠤᠷᠢᠭᠵᠢᠭᠤᠯᠤᠨ᠂ ᠥᠷᠭᠡᠨ ᠤᠯᠠᠨ ᠺᠠᠳ᠋ᠷ ᠠᠵᠢᠯᠳᠠᠳ ᠤᠨ ᠠᠵᠢᠯ | ᠡᠷᠭᠢᠯᠠᠨ ᠦᠢᠯᠡᠰ ᠪᠥᠳᠥᠭᠡᠭᠦ ᠤᠷᠭᠢᠯᠤᠮ᠎ᠠ ᠰᠠᠳᠭᠢᠯᠭᠡ ᠶᠢ ᠲᠠᠶᠢᠴᠢᠯᠠᠬᠤ ᠭᠡᠷᠡᠭᠳᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠨᠤᠮᠢᠨ ᠲᠠᠩᠰᠤᠭ ᠭᠥᠭᠵᠢᠯᠳᠠ ᠶᠢ ᠪᠠᠶᠠᠯᠠᠭᠦᠯᠭᠦ ᠳᠤ ᠨᠠᠮ ᠢ ᠪᠥᠭᠦ | ᠲᠠᠯ᠎ᠠ ᠪᠠᠷ ᠴᠢᠩᠭ᠎ᠠ ᠵᠠᠰᠠᠬᠤ ᠠᠵᠢᠯ ᠢ ᠯᠠᠪᠳᠠᠭᠤᠨ ᠠᠭᠢᠭᠤᠯᠬᠤ ᠭᠡᠷᠭᠳᠠᠢ᠃ ᠰᠢᠨ᠎ᠠ ᠴᠠᠭ ᠥᠶ᠎ᠠ ᠶᠢᠨ ᠨᠠᠮ ᠤᠨ | ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠶᠤᠰᠤᠭᠠᠷ ᠤᠯᠤᠰ ᠲᠥᠷᠥ ᠶᠢ ᠡᠷᠭᠢᠮᠯᠠᠨ᠂ ᠴᠠᠭ ᠥᠶ᠎ᠠ ᠲᠠᠢ ᠵᠠᠷᠭᠡᠪᠠᠷ | ᠤᠷᠤᠭᠰᠢᠯᠠᠨ᠂ ᠥᠵᠠᠯᠳᠠ ᠲᠠᠨᠢᠯᠳᠠ ᠪᠠᠨ ᠬᠤᠪᠢᠷᠠᠭᠤᠯᠵᠤ᠂ ᠰᠠᠳᠭᠢᠯ ᠢᠶᠠᠨ ᠨᠢᠭᠡᠳᠤᠭᠦᠯᠤᠨ ᠭᠥᠴᠤᠨ ᠢᠶᠠᠨ | ᠬᠠᠮᠳᠤᠳᠬᠠᠵᠤ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ ᠬᠠᠷᠢᠭᠤᠴᠠᠯᠭ᠎ᠠ ᠡᠭᠦᠷᠭᠡᠯᠠᠨ ᠰᠠᠭᠢᠯᠭ᠎ᠠ ᠪᠠᠳᠤ ᠶᠢ | ᠴᠢᠩᠭ᠎ᠠ ᠰᠠᠭᠢᠵᠤ᠂ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠲᠠᠰᠤᠷᠠᠯᠲᠠ ᠥᠭᠡᠢ ᠭᠥᠨᠵᠡᠭᠡᠶᠢᠷᠠᠭᠦᠯᠭᠦ | ᠭᠡᠷᠡᠭᠳᠠᠢ ᠭᠡᠵᠡᠢ᠃ | | | | | ᠵᠤᠤ ᠹᠸᠢ ᠯᠤ᠋ ᠳ᠋ᠥᠩᠨᠡᠯᠳᠠ ᠭᠢᠵᠤ ᠵᠢᠭᠠᠬᠤ ᠳᠤ ᠪᠠᠨ᠂ ᠪᠥᠭᠦ ᠬᠤᠰᠢᠭᠤᠨ ᠤ ᠡᠯ᠎ᠠ ᠭᠠᠵᠠᠷ ᠡᠯ᠎ᠠ ᠰᠠᠯᠠᠭ᠎ᠠ | ᠮᠥᠴᠢᠷ᠂ ᠠᠵᠢᠯ ᠤᠨ ᠠᠷᠭ᠎ᠠ ᠪᠠᠷᠢᠯ ᠢᠶᠠᠨ ᠤᠯᠠᠮ ᠨᠢᠭᠡ ᠠᠯᠬᠤᠮ ᠨᠠᠷᠢᠯᠢᠭ ᠪᠤᠳᠠᠳᠠᠢ ᠪᠠᠶᠢᠯᠭᠠᠵᠤ᠂ ᠭᠤᠷᠪᠠᠨ ᠶᠡᠭᠡ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠭᠢᠭᠦ ᠭᠡᠷᠡᠭᠳᠠᠢ᠃ ᠠᠵᠤ ᠠᠬᠤᠢ ᠶᠢᠨ ᠡᠷᠭᠢᠯᠳᠠ ᠶᠢᠨ | ᠵᠠᠳᠠᠯᠤᠯᠳᠠ ᠪᠤᠯᠤᠨ ᠲᠤᠭᠢᠷᠠᠭᠤᠯᠤᠯᠳᠠ ᠶᠢ ᠰᠠᠶᠢᠵᠷᠠᠭᠤᠯᠤᠨ᠂ ᠴᠢᠬᠤᠯᠠ ᠲᠤᠮᠤ ᠲᠥᠷᠥᠯ ᠵᠥᠢᠯ ᠤᠨ ᠪᠥᠳᠥᠭᠡᠨ | ᠪᠠᠶᠢᠭᠤᠯᠤᠯᠳᠠ ᠪᠠ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯ ᠢ ᠰᠤᠯᠠᠷᠠᠭᠤᠯᠤᠯ ᠥᠭᠡᠢ ᠴᠢᠩᠭ᠎ᠠ | ᠠᠳᠬᠤᠬᠤ ᠭᠡᠷᠡᠭᠳᠠᠢ᠃ ᠵᠢᠭᠠᠨ ᠵᠢᠯᠤᠭᠤᠳᠤᠯᠭ᠎ᠠ ᠪᠤᠯᠤᠨ ᠭᠥᠳᠥᠯᠤᠨ ᠲᠠᠭᠠᠭᠤᠯᠬᠤ ᠪᠠᠨ ᠴᠢᠩᠭᠠᠳᠬᠠᠨ᠂ ᠭᠥᠳᠡᠭᠡ | ᠲᠤᠰᠬᠤᠨ ᠢ ᠭᠥᠭᠵᠢᠭᠦᠯᠤᠨ ᠮᠠᠨᠳᠤᠭᠤᠯᠬᠤ ᠶᠢ ᠢᠳᠡᠪᠭᠢᠳᠠᠢ ᠠᠭᠢᠭᠤᠯᠬᠤ ᠭᠡᠷᠡᠭᠳᠠᠢ᠃ ᠲᠥᠭᠦᠷᠴᠢᠯᠡᠭᠰᠠᠨ ᠰᠠᠭᠤᠷᠢ | ᠲᠥᠭᠦᠭᠡᠷᠤᠮᠵᠢ ᠶᠢ ᠪᠠᠳᠤᠳᠬᠠᠨ᠂ ᠤᠳᠤ ᠥᠶ᠎ᠠ ᠶᠢᠨ ᠥᠢᠯᠡᠴᠢᠯᠡᠭᠡᠨ ᠤ ᠥᠢᠯᠡᠰ ᠤᠨ ᠭᠥᠭᠵᠢᠯᠳᠠ ᠶᠢ ᠠᠭᠢᠭᠤᠯᠬᠤ | ᠭᠡᠷᠡᠭᠳᠠᠢ᠃ ᠠᠷᠠᠳ ᠲᠥᠮᠡᠨ ᠢᠶᠠᠷ ᠭᠤᠤᠯ ᠪᠤᠯᠭᠠᠭᠰᠠᠨ ᠭᠥᠭᠵᠢᠯᠳᠠ ᠶᠢᠨ ᠥᠵᠠᠯ ᠰᠠᠨᠠᠭ᠎ᠠ ᠶᠢ ᠪᠠᠳᠤ ᠪᠠᠭᠢ ᠪᠤᠢ | ᠪᠤᠯᠭᠠᠨ᠂ ᠡᠯ᠎ᠠ ᠲᠥᠷᠥᠯ ᠤᠨ ᠠᠷᠠᠳ ᠢ ᠬᠠᠷᠠᠭᠠᠯᠵᠠᠬᠤ ᠲᠥᠷᠥ ᠶᠢᠨ ᠪᠤᠳᠤᠯᠭ᠎ᠠ ᠶᠢ ᠭᠡᠷᠡᠭᠵᠢᠭᠦᠯᠭᠦ ᠭᠡᠷᠡᠭᠳᠠᠢ᠃ | ᠬᠠᠷᠢᠭᠤᠴᠠᠯᠭ᠎ᠠ ᠶᠢ ᠱᠠᠳᠤ ᠱᠠᠳᠤ ᠪᠠᠷ ᠪᠤᠳᠠᠶᠢᠵᠢᠭᠤᠯᠤᠨ ᠠᠶᠤᠯᠭᠦᠢ ᠥᠢᠯᠡᠳᠪᠤᠷᠢᠯᠠᠯ᠂ ᠢᠳᠡᠭᠡᠨ ᠤᠮᠳᠠᠭᠠᠨ ᠡᠮ | ᠤᠨ ᠵᠥᠢᠯᠡᠰ ᠤᠨ ᠠᠮᠤᠷ ᠲᠥᠪᠰᠢᠨ ᠪᠤᠯᠤᠨ ᠵᠠᠭᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ ᠠᠵᠢᠯ ᠢ | ᠪᠠᠶᠢᠩᠭᠤᠵᠢᠭᠤᠯᠬᠤ ᠭᠡᠷᠡᠭᠳᠠᠢ ᠭᠡᠵᠡᠢ᠃ |