ᠪᠦᠬᠦ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠠᠵᠢᠯ ᠢ ᠠᠬᠢᠭᠤᠯᠬᠤ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2018-08-17
      8 ᠰᠠᠷ᠎ᠠ ᠶᠢᠨ 14 ᠤ ᠡᠳᠦᠷ᠂ ᠪᠦᠬᠦ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠠᠵᠢᠯ ᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠵᠤ᠂ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ ᠪᠤᠯᠤᠨ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠪᠤᠯ ᠴᠠᠭ ᠦᠶ᠎ᠠ ᠶᠢᠨ ᠱᠠᠭᠠᠷᠳᠠᠯᠭ᠎ᠠ᠂ ᠬᠦᠭᠵᠢᠯᠳᠡ ᠶᠢᠨ ᠵᠠᠶᠢᠯᠠᠰᠢ ᠦᠭᠡᠢ ᠬᠠᠨᠳᠤᠰᠢ᠂ ᠠᠷᠠᠳ ᠲᠦᠮᠡᠨ ᠤ ᠬᠦᠰᠡᠯ ᠡᠷᠡᠮᠡᠯᠵᠡᠯ ᠪᠤᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ ᠶᠡᠷᠦᠩᠬᠡᠢ ᠱᠦᠵᠢ ᠰᠢ ᠶᠢᠨ ᠫᠢᠩ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠤᠬᠠᠢ ᠤᠯᠠᠨ ᠤᠳᠠᠭ᠎ᠠ ᠴᠢᠬᠤᠯᠠ ᠦᠭᠦᠯᠡᠯᠳᠡ ᠨᠡᠶᠢᠳᠡᠯᠡᠵᠤ᠂ ᠶᠠᠭᠤᠨ ᠳᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠬᠦᠳᠡᠭᠡ ᠲᠤᠰᠬᠤᠨ ᠢ ᠬᠡᠷᠬᠢᠨ ᠬᠦᠭᠵᠢᠭᠦᠯᠦᠨ ᠮᠠᠨᠳᠤᠭᠤᠯᠬᠤ ᠵᠡᠷᠭᠡ ᠠᠯᠢ ᠤᠯᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠭᠦ ᠤᠬᠠᠭᠠᠨᠴᠢ ᠬᠠᠷᠢᠭᠤᠯᠳᠠ ᠦᠭᠴᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠳᠤ ᠤᠷᠤᠬᠰᠢᠯᠠᠯᠳᠠ ᠶᠢᠨ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠵᠤᠷᠢᠭ ᠰᠠᠨᠠᠭᠠᠨ ᠤ ᠮᠦᠨ ᠴᠢᠨᠠᠷ ᠢ ᠨᠢ ᠨᠡᠪᠳᠡᠷᠡᠳᠡᠯ᠎ᠠ ᠤᠶᠢᠯᠠᠭᠠᠨ᠂ ᠭᠤᠤᠯ ᠶᠤᠰᠤ ᠤᠴᠢᠷ ᠢ ᠨᠢ ᠡᠵᠡᠮᠰᠢᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠬᠠᠷᠢᠭᠤᠴᠠᠯᠭᠠᠳᠦ ᠰᠡᠳᠬᠢᠯᠭᠡ ᠪᠤᠯᠤᠨ ᠲᠤᠯᠭᠠᠮ᠎ᠠ ᠰᠡᠳᠬᠢᠯᠭᠡ ᠪᠠᠨ ᠴᠢᠨᠠᠬᠰᠢᠳᠠ ᠴᠢᠩᠭᠠᠳᠬᠠᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠢᠨᠵᠧᠨᠧᠷᠢᠩ᠂ ᠲᠦᠯᠦᠪᠯᠡᠭᠡ ᠪᠠ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠦᠰᠦᠯ ᠢ ᠰᠢᠨᠵᠢᠯᠡᠭᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠤ᠂ ᠬᠦᠳᠡᠭᠡ ᠲᠤᠰᠬᠤᠨ ᠤ ᠠᠵᠤ ᠦᠢᠯᠡᠰ ᠢ ᠶᠡᠭᠡ ᠪᠠᠷ ᠬᠦᠭᠵᠢᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠭᠦᠭᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠵᠠᠰᠠᠯᠳᠠ ᠶᠢ ᠪᠦᠬᠦ ᠲᠠᠯ᠎ᠠ ᠪᠠᠷ ᠰᠠᠶᠢᠳᠤᠷ ᠠᠳᠬᠤᠵᠤ᠂ ᠤᠳᠤ ᠦᠶ᠎ᠠ ᠶᠢᠨ ᠬᠦᠳᠡᠭᠡ ᠲᠤᠰᠬᠤᠨ ᠤ ᠵᠠᠰᠠᠯᠳᠠ ᠶᠢᠨ ᠰᠢᠰᠲ᠋ᠧᠮ ᠢ ᠲᠠᠰᠤᠷᠠᠯᠳᠠ ᠦᠭᠡᠢ ᠪᠦᠷᠢᠨᠰᠢᠭᠦᠯᠵᠤ᠂ ᠤᠳᠤ ᠦᠶ᠎ᠠ ᠶᠢᠨ ᠬᠦᠳᠡᠭᠡ ᠲᠤᠰᠬᠤᠨ ᠤ ᠪᠤᠯᠪᠠᠰᠤᠨ ᠢ ᠲᠦᠷᠭᠡᠳᠭᠡᠨ ᠪᠠᠶᠢᠭᠤᠯᠵᠤ᠂ ᠴᠢᠳᠠᠪᠤᠷᠢᠳᠠᠨ ᠢ ᠬᠦᠮᠦᠵᠢᠭᠦᠯᠭᠦ ᠪᠠ ᠤᠷᠤᠭᠤᠯᠤᠨ ᠠᠪᠴᠢᠷᠠᠬᠤ ᠶᠢ ᠴᠢᠬᠤᠯᠠᠴᠢᠯᠠᠨ᠂ ᠮᠠᠯ ᠠᠵᠤ ᠠᠬᠤᠢ ᠲᠠᠷᠢᠶᠠᠯᠠᠩ ᠢ ᠦᠨᠡᠨ ᠬᠦ ᠬᠦᠰᠡᠯ ᠡᠷᠡᠮᠡᠯᠵᠡᠯ ᠲᠠᠢ ᠠᠵᠤ ᠦᠢᠯᠡᠰ ᠪᠤᠯᠭᠠᠵᠤ᠂ ᠮᠠᠯᠴᠢᠨ ᠲᠠᠷᠢᠶᠠᠴᠢᠨ ᠢ ᠲᠠᠳᠠᠬᠤ ᠬᠦᠴᠦᠨ ᠲᠠᠢ ᠲᠤᠬᠠᠶᠢᠯᠠᠭᠰᠠᠨ ᠠᠵᠢᠯ ᠪᠤᠯᠭᠠᠵᠦ᠂ ᠮᠠᠯᠵᠢᠬᠤ ᠲᠠᠷᠢᠶᠠᠯᠠᠬᠤ ᠤᠷᠤᠨ ᠢ ᠠᠵᠢᠯᠯᠠᠵᠤ ᠠᠮᠢᠳᠤᠷᠠᠬᠤ ᠳᠤ ᠲᠤᠬᠢᠳᠠᠢ ᠦᠵᠡᠰᠭᠦᠯᠡᠩᠳᠦ ᠰᠠᠶᠢᠬᠠᠨ ᠬᠡᠷ ᠤᠷᠤᠨ ᠪᠤᠯᠭᠠᠬᠤ ᠬᠡᠷᠡᠭᠳᠡᠢ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠬᠦᠪᠴᠢ ᠶᠢᠨ ᠡᠯᠡᠰᠦ ᠶᠢ ᠵᠠᠰᠠᠭᠰᠠᠨ ᠲᠤᠷᠰᠢᠯᠭ᠎ᠠ ᠶᠢ ᠳ᠋ᠦᠩᠨᠡᠨ ᠲᠡᠯᠭᠡᠷᠡᠭᠦᠯᠵᠤ᠂ ᠡᠷᠡᠰ ᠭᠤᠶᠢᠪᠢᠰᠢ ᠦᠭᠡᠢ ᠪᠠᠷ ᠠᠮᠢ ᠠᠬᠤᠢ ᠶᠢ ᠲᠡᠷᠢᠭᠦᠨ ᠳᠤ ᠲᠠᠯᠪᠢᠨ ᠪᠤᠬᠢᠷᠳᠦᠯ ᠦᠭᠡᠢ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠵᠤ᠂ ᠰᠠᠶᠢᠨ ᠰᠠᠶᠢᠬᠠᠨ ᠠᠮᠢ ᠠᠬᠤᠢ ᠪᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠴᠢᠬᠤᠯᠠ ᠲᠤᠯᠭᠠᠭᠤᠷᠢᠯᠠᠯ ᠪᠤᠯᠭᠠᠬᠤ ᠬᠡᠷᠡᠭᠳᠡᠢ ᠬᠡᠵᠤ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠪᠠᠨ ᠴᠢᠩᠭᠠᠳᠬᠠᠵᠤ᠂ ᠲᠠᠪᠤᠨ ᠱᠠᠳᠤᠨ ᠤ ᠱᠦᠵᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ ᠱᠠᠭᠠᠷᠳᠠᠯᠭ᠎ᠠ ᠶᠢ ᠴᠢᠩᠭ᠎ᠠ ᠨᠡᠶᠢᠳᠡᠪᠦᠷᠢᠵᠢᠭᠤᠯᠵᠤ᠂ ᠤᠯᠠᠨ ᠡᠰᠢᠴᠢᠯᠡᠨ ᠪᠡᠯᠡ ᠤᠷᠤᠭᠤᠯᠬᠤ ᠪᠠᠳᠤᠯᠠᠭ᠎ᠠ ᠶᠢᠨ ᠲᠤᠬᠳᠠᠴᠠ ᠶᠢ ᠪᠦᠷᠢᠨᠰᠢᠭᠦᠯᠦᠨ᠂ ᠮᠠᠯᠴᠢᠨ ᠲᠠᠷᠢᠶᠠᠴᠢᠨ ᠤ ᠭᠤᠤᠯ ᠴᠤᠬᠴᠠ ᠶᠢᠨ ᠪᠠᠶᠢᠷᠢ ᠰᠠᠭᠤᠷᠢ ᠶᠢ ᠪᠠᠷᠢᠮᠳᠠᠯᠠᠨ᠂ ᠵᠢᠯ ᠵᠢᠯ ᠢᠶᠠᠷ ᠵᠠᠯᠭᠠᠨ ᠬᠢᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠡᠷᠡᠭᠦᠯ ᠢᠶᠠᠷ ᠡᠮᠬᠢ ᠵᠢᠷᠤᠮ ᠲᠠᠢ ᠠᠬᠢᠭᠤᠯᠵᠤ᠂ ᠠᠤᠭ᠎ᠠ ᠲᠦᠰᠦᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠤᠳᠠᠳᠤ ᠠᠬᠤᠢ ᠪᠤᠯᠭᠠᠨ ᠬᠤᠪᠢᠷᠠᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号