ᠠᠮᠢᠳᠤᠷᠠᠯ ᠤᠨ ᠨᠦᠬᠦᠴᠡᠯ ᠲᠡᠬᠡᠭᠰᠢᠯᠡᠬᠦ ᠶᠢ ᠲᠠᠭᠠᠯᠳᠤᠨ ᠬᠦᠮᠦᠰ ᠪᠤᠬᠢᠷᠳᠤᠯ ᠦᠬᠡᠢ᠂ ᠤᠷᠭᠠᠨᠢᠭ ᠢᠳᠡᠬᠡᠨ | ᠤᠮᠳᠠᠭᠠᠨ ᠢ ᠬᠦᠬᠡᠬᠡᠴᠡᠯᠳᠦᠬᠦ ᠪᠤᠯᠤᠭᠰᠠᠨ ᠶᠤᠮ᠃ ᠡᠨᠡᠬᠦ ᠪᠠᠶᠢᠳᠠᠯ ᠳᠤ ᠵᠤᠬᠢᠴᠠᠭᠤᠯᠤᠨ ᠮᠠᠨ ᠤ ᠬᠤᠰᠢᠭᠤᠨ ᠤ | ᠰᠦᠯᠳᠡ ᠰᠤᠮᠤᠨ ᠤ ᠴᠠᠮᠬᠠᠭ ᠭᠠᠴᠠᠭ᠎ᠠ᠂ ᠭᠠᠯᠠᠭᠤᠲᠤ ᠪᠠᠯᠭᠠᠰᠤᠨ ᠤ ᠰᠡᠪᠬᠦᠯ ᠭᠠᠴᠠᠭ᠎ᠠ ᠤᠷᠤᠨ ᠨᠤᠳᠤᠭ ᠤᠨ | ᠢᠶᠠᠨ ᠪᠤᠳᠠᠳᠤ ᠪᠠᠶᠢᠳᠠᠯ ᠲᠠᠢ ᠤᠶᠠᠯᠳᠤᠭᠤᠯᠵᠤ ᠮᠠᠯᠴᠢᠳ ᠢᠶᠠᠨ ᠵᠤᠷᠢᠭᠵᠢᠭᠤᠯᠤᠨ ᠪᠤᠭᠤᠳᠠᠢ ᠲᠠᠷᠢᠬᠤ ᠦᠢᠯᠡᠰ ᠢ | ᠬᠦᠭᠵᠢᠬᠦᠯᠵᠦ ᠡᠬᠢᠯᠡᠵᠡᠢ᠃ ᠬᠡᠳᠦᠨ ᠵᠢᠯ ᠤᠨ ᠴᠢᠷᠮᠠᠶᠢᠯᠭ᠎ᠠ ᠰᠦᠪᠡᠭᠴᠢᠯᠡᠯᠳᠡ ᠪᠠᠷ ᠲᠠᠮᠵᠢᠭᠠᠳ ᠡᠳᠡᠬᠡᠷ ᠭᠠᠴᠠᠭᠠᠨ | ᠤ ᠬᠢᠨ ᠦᠪᠡᠷᠳᠡᠬᠡᠨ ᠭᠤᠯᠢᠷ ᠪᠤᠯᠪᠠᠰᠤᠷᠠᠭᠤᠯᠬᠤ ᠦᠢᠯᠡᠳᠪᠤᠷᠢ ᠲᠠᠢ ᠪᠤᠯᠵᠤ ᠪᠦᠳᠦᠬᠡᠭᠳᠡᠬᠦᠨ ᠢᠶᠠᠨ ᠵᠠᠬ᠎ᠠ ᠲᠡᠯᠬᠡᠬᠦᠷ | ᠲᠡᠬᠡᠷ᠎ᠡ ᠪᠤᠷᠤᠯᠠᠭᠤᠯᠵᠤ ᠴᠢᠳᠠᠭᠰᠠᠨ ᠮᠦᠷᠳᠡᠬᠡᠨ ᠮᠠᠯᠴᠢᠳ ᠤᠨ ᠪᠤᠭᠤᠳᠠᠢ ᠲᠠᠷᠢᠬᠤ ᠢᠳᠡᠪᠬᠢᠵᠢᠯ ᠴᠤ | ᠲᠠᠶᠢᠴᠢᠯᠠᠭᠳᠠᠵᠤ ᠡᠬᠢᠯᠡᠵᠡᠢ᠃ | ᠰᠦᠯᠳᠡ ᠰᠤᠮᠤᠨ ᠤ ᠴᠠᠮᠬᠠᠭ ᠭᠠᠴᠠᠭ᠎ᠠ ᠲᠠᠷᠢᠶᠠᠨ ᠭᠠᠵᠠᠷ ᠤᠨ ᠲᠠᠯᠠᠪᠠᠢ ᠶᠡᠭᠡ ᠮᠦᠷᠳᠡᠬᠡᠨ ᠤᠷᠤᠨ | ᠪᠠᠶᠢᠷᠢᠰᠢᠯ ᠤᠨ ᠲᠠᠪᠠᠭᠤᠯᠢᠭ ᠨᠦᠬᠦᠴᠡᠯ ᠲᠠᠢ ᠪᠤᠯᠬᠤᠷ ᠠᠵᠤ ᠠᠬᠤᠢ ᠶᠢᠨ ᠲᠠᠷᠢᠮᠠᠯ ᠢ ᠬᠦᠭᠵᠢᠬᠦᠯᠬᠦ ᠳᠤ ᠲᠤᠬᠢᠷᠠᠳᠠᠭ | ᠃ ᠢᠩᠬᠢᠬᠡᠳ ᠭᠠᠴᠠᠭᠠᠨ ᠤ ᠨᠠᠮ ᠤᠨ ᠡᠬᠦᠷ ᠤᠨ ᠱᠦᠵᠢ ᠡᠩᠬᠡᠰᠢᠳᠢ 2015 ᠤᠨ ᠠᠴᠠ ᠡᠬᠢᠯᠡᠵᠦ ᠭᠠᠴᠠᠭᠠᠨ | ᠤ ᠪᠠᠨ ᠡᠷᠦᠬᠡ ᠶᠢ ᠲᠠᠶᠢᠴᠢᠯᠠᠵᠤ ᠪᠤᠭᠤᠳᠠᠢ ᠲᠤᠷᠰᠢᠨ ᠲᠠᠷᠢᠬᠤ ᠠᠵᠢᠯ ᠢ ᠡᠬᠢᠯᠡᠬᠦᠯᠦᠬᠡᠳ 2017 ᠤᠨ ᠪᠤᠯᠬᠤ | ᠳᠤ ᠭᠠᠴᠠᠭᠠᠨ ᠲᠦᠪ ᠲᠡᠬᠡᠷ᠎ᠡ ᠪᠠᠨ ᠪᠤᠯᠪᠠᠰᠤᠷᠠᠭᠤᠯᠤᠭᠰᠠᠨ ᠭᠤᠯᠢᠷ ᠢᠶᠠᠨ ᠵᠠᠬ᠎ᠠ ᠲᠡᠯᠬᠡᠬᠦᠷ ᠲᠤ ᠪᠤᠷᠤᠯᠠᠭᠤᠯᠵᠤ | ᠡᠬᠢᠯᠡᠵᠡᠢ᠃ ᠤᠳᠤ ᠴᠠᠮᠬᠠᠭ ᠭᠠᠴᠠᠭᠠᠨ ᠤ ᠨᠠᠢᠮᠠᠨ ᠡᠷᠦᠬᠡ ᠨᠡᠶᠢᠳᠡ 600 ᠭᠠᠷᠤᠢ ᠮᠤ᠋ ᠪᠤᠭᠤᠳᠠᠢ ᠲᠠᠷᠢᠵᠤ᠂ ᠡᠨᠡ | ᠵᠢᠯ ᠠᠴᠠ ᠡᠬᠢᠯᠡᠨ ᠲᠡᠳᠡ ᠪᠤᠭᠤᠳᠠᠢ ᠪᠠᠨ ᠬᠤᠷᠢᠶᠠᠴᠢᠬᠠᠭᠠᠳ ᠲᠠᠬᠢᠨ 60 ᠬᠤᠨᠤᠭ ᠤᠨ ᠤᠷᠭᠤᠳᠠᠭ ᠴᠠᠭᠠᠨ | ᠯᠤᠤᠪᠠᠩ ᠲᠠᠷᠢᠵᠤ ᠭᠠᠵᠠᠷ ᠢᠶᠠᠨ ᠲᠠᠬᠢᠨ ᠨᠢᠬᠡ ᠤᠳᠠᠭ᠎ᠠ ᠠᠰᠢᠭᠯᠠᠵᠤ ᠤᠷᠤᠯᠭ᠎ᠠ ᠪᠠᠨ ᠨᠡᠮᠡᠭᠳᠡᠬᠦᠯᠬᠦ ᠪᠠᠷ | ᠲᠦᠯᠦᠪᠯᠡᠵᠤ ᠪᠤᠢ᠃ ᠭᠠᠯᠠᠭᠤᠳᠤ ᠪᠠᠯᠭᠠᠰᠤᠨ ᠤ ᠰᠡᠪᠬᠦᠯ ᠭᠠᠴᠠᠭ᠎ᠠ ᠴᠤ ᠪᠤᠭᠤᠳᠠᠢ ᠲᠠᠷᠢᠬᠤ ᠦᠢᠯᠡᠰ ᠢ 2016 | ᠤᠨ ᠠᠴᠠ ᠬᠦᠭᠵᠢᠬᠦᠯᠵᠦ ᠡᠬᠢᠯᠡᠭᠰᠡᠨ ᠶᠤᠮ᠃ ᠤᠳᠤᠬᠠᠨ ᠳᠤ ᠮᠠᠨ ᠤ ᠬᠤᠰᠢᠭᠤᠨ ᠤ ᠪᠤᠭᠤᠳᠠᠢ ᠶᠢᠨ ᠲᠠᠷᠢᠮᠠᠯ ᠤᠨ | ᠲᠠᠯᠠᠪᠠᠢ ᠨᠢᠭᠡᠨᠲᠡ ᠮᠢᠩᠭᠠᠨ ᠮᠤ᠋ ᠳᠤ ᠬᠦᠷᠦᠭᠰᠡᠨ ᠪᠠᠶᠢᠨ᠎ᠠ᠃ | | |