ᠤᠯᠠᠭᠠᠨᠳᠤᠯᠤᠭᠠᠢ ᠪᠠᠯᠭᠠᠰᠤ ᠶᠠᠳᠠᠭᠤ ᠠᠴᠠ ᠠᠩᠬᠢᠵᠢᠷᠠᠭᠤᠯᠬᠤ ᠳᠤᠰᠬᠠᠢ ᠳᠦᠷᠤᠯ ᠤᠨ ᠪᠠᠶᠢᠴᠠᠭᠠᠯᠳᠠ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2018-08-02
     ᠲᠦᠪ᠂ ᠦᠪᠡᠷᠳᠡᠭᠡᠨ ᠵᠠᠰᠠᠬᠤ ᠤᠷᠤᠨ᠂ ᠬᠤᠳᠠ᠂ ᠬᠤᠰᠢᠭᠤ ᠪᠤᠯᠤᠨ ᠪᠠᠯᠭᠠᠰᠤᠨ ᠤ ᠨᠠᠮ ᠤᠨ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠰᠢᠢᠳᠪᠤᠷᠢ ᠪᠠᠶᠢᠷᠢᠯᠠᠭᠤᠯᠤᠯᠳᠠ ᠶᠢ ᠳᠤᠤᠱᠯᠠᠭᠤᠯᠬᠤ ᠶᠢᠨ ᠳᠤᠰᠠᠳᠠ ᠡᠨᠡ ᠵᠢᠯ ᠤᠯᠠᠭᠠᠨᠳᠤᠯᠤᠭᠠᠢ ᠪᠠᠯᠭᠠᠰᠤ ᠶᠡᠳᠡᠭᠤ ᠶᠢ ᠳᠡᠳᠬᠦᠬᠦ ᠬᠦᠷᠢᠶ᠎ᠠ ᠬᠡᠪᠴᠢᠶᠠᠨ ᠤ ᠢᠯᠵᠢᠷᠠᠯ ᠪᠠ ᠰᠤᠷᠳᠠᠯ ᠤᠨ ᠠᠰᠠᠭᠤᠳᠠᠯ ᠢ ᠳᠤᠰᠬᠠᠢ ᠴᠡᠭᠴᠡᠯᠡᠨ ᠵᠠᠰᠠᠬᠤ ᠠᠵᠢᠯ ᠢ ᠬᠦᠨᠵᠡᠬᠡᠢ ᠦᠷᠨᠢᠬᠦᠯᠤᠨ᠂ ᠬᠠᠷᠢᠭᠤᠴᠠᠯᠭ᠎ᠠ ᠨᠡᠬᠡᠮᠵᠢᠯᠡᠬᠦ ᠰᠢᠰᠲ᠋ᠧᠮ ᠢ ᠪᠠᠶᠢᠭᠤᠯᠵᠤ᠂ ᠭᠤᠤᠯᠳᠠᠭᠤ ᠭᠤᠷᠪᠠᠨ ᠠᠯᠬᠤᠮ ᠢᠶᠠᠷ ᠶᠠᠳᠠᠭᠤ ᠠᠴᠠ ᠠᠩᠬᠢᠵᠢᠷᠠᠭᠤᠯᠬᠤ ᠳᠤᠰᠬᠠᠢ ᠳᠦᠷᠤᠯ ᠤᠨ ᠪᠠᠶᠢᠴᠠᠭᠠᠯᠳᠠ ᠪᠠᠨ ᠴᠢᠩᠭᠠᠳᠬᠠᠵᠤ ᠪᠤᠢ᠃      ᠨᠢᠭᠡ ᠳᠤ᠂ ᠪᠠᠶᠢᠴᠠᠭᠠᠯᠳᠠ ᠶᠢᠨ ᠭᠤᠤᠯᠳᠠᠯᠭ᠎ᠠ ᠪᠠᠨ ᠲᠤᠳᠤᠷᠬᠠᠢᠢᠯᠠᠬᠰᠠᠨ ᠪᠠᠶᠢᠨ᠎ᠠ᠃ ᠪᠠᠶᠢᠴᠠᠭᠠᠯᠳᠠ ᠶᠢᠨ ᠳᠤᠭᠤᠶᠢᠯᠠᠩ ᠭᠤᠤᠯᠳᠠᠭᠤ ᠪᠢᠴᠢᠭ ᠮᠠᠲ᠋ᠧᠷᠢᠶᠠᠯ ᠦᠵᠡᠬᠦ᠂ ᠳᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠡᠷᠤᠭᠡ ᠰᠤᠩᠭᠤᠨ ᠪᠠᠶᠢᠴᠠᠭᠠᠬᠤ ᠵᠡᠷᠭᠡ ᠠᠷᠭ᠎ᠠ ᠪᠠᠷᠢᠯ ᠢ ᠬᠡᠷᠡᠭᠯᠡᠵᠤ᠂ ᠭᠤᠤᠯᠳᠠᠭᠤ ᠡᠯ᠎ᠡ ᠭᠠᠴᠠᠭ᠎ᠠ ᠳᠤᠰᠬᠤᠨ ᠨᠠᠶᠢᠬᠡᠮ ᠳᠤᠭᠤᠷᠢᠭ ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢᠨ ᠬᠠᠮᠢᠶᠠᠷᠤᠯᠳᠠ ᠶᠢᠨ ᠬᠡᠷᠡᠭᠯᠡᠭᠡ ᠪᠠ ᠶᠠᠳᠠᠭᠤ ᠶᠢ ᠳᠡᠳᠭᠦᠬᠦ ᠡᠳ᠋ ᠪᠤᠳᠠᠰ ᠢ ᠳᠠᠷᠬᠠᠭᠠᠬᠤ ᠶᠠᠪᠤᠴᠠ ᠳᠤᠮᠳᠠ ᠱᠠᠮᠰᠢᠨ ᠰᠢᠯᠵᠢᠬᠦᠯᠵᠤ ᠬᠡᠷᠡᠭᠯᠡᠬᠦ᠂ ᠬᠤᠳᠠᠯ ᠢᠶᠠᠷ ᠮᠡᠳᠡᠬᠦᠯᠵᠤ ᠬᠠᠭᠤᠷᠮᠠᠭᠯᠠᠨ ᠠᠪᠬᠤ᠂ ᠳᠤᠮᠳᠠ ᠠᠴᠠ ᠨᠢ ᠦᠯᠡᠳᠡᠭᠡᠵᠤ ᠬᠤᠪᠢᠨ ᠳᠤ ᠪᠠᠨ ᠬᠤᠪᠢᠶᠠᠬᠤ᠂ ᠵᠠᠪᠰᠢᠶᠠᠨ ᠢ ᠠᠯᠳᠠᠯ ᠦᠬᠡᠢ ᠱᠠᠮᠰᠢᠨ ᠪᠦᠷᠢᠯᠭᠡᠭᠦ ᠵᠡᠷᠭᠡ ᠠᠰᠠᠭᠤᠳᠠᠯ ᠤᠷᠤᠰᠢᠵᠤ ᠪᠠᠶᠢᠬᠤ ᠡᠰᠡᠬᠦ︔ ᠳᠦᠷᠤᠯ ᠰᠠᠳᠤᠨ ᠲᠡᠰᠢ ᠪᠠᠨ ᠭᠡᠯᠪᠠᠶᠢᠵᠤ ᠪᠠᠶᠢᠬᠤ ᠡᠰᠡᠬᠦ︔ ᠭᠡᠯᠪᠡᠷᠢ ᠶᠢᠨ ᠦᠵᠡᠯ᠂ ᠨᠤᠶᠠᠨᠴᠢ ᠦᠵᠡᠯ ᠤᠷᠤᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠪᠤᠳᠠᠳᠤ ᠪᠠᠷ ᠬᠦᠨᠵᠡᠬᠡᠢ ᠦᠢᠯᠠᠭᠠᠨ᠂ ᠠᠰᠠᠭᠤᠳᠠᠯ ᠢ ᠢᠯᠡᠷᠡᠬᠦᠯᠵᠤ᠂ ᠨᠠᠶᠢᠳᠡᠯᠢᠭ ᠳᠤᠷᠰᠢᠯᠭ᠎ᠠ ᠶᠢ ᠳ᠋ᠦᠩᠨᠠᠨ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠳᠦᠯᠬᠢᠨ ᠠᠬᠢᠭᠤᠯᠵᠤ ᠪᠤᠢ᠃      ᠬᠤᠶᠡᠷ ᠲᠤ᠂ ᠪᠠᠶᠢᠴᠠᠭᠠᠯᠳᠠ ᠶᠢᠨ ᠴᠢᠨᠠᠷ ᠢ ᠪᠠᠳᠤᠯᠠᠬᠰᠠᠨ ᠪᠠᠶᠢᠨ᠎ᠠ᠃ ᠪᠠᠶᠢᠴᠠᠭᠠᠯᠳᠠ ᠶᠢᠨ ᠳᠤᠭᠤᠶᠢᠯᠠᠩ ᠤᠨ ᠭᠡᠰᠢᠭᠦᠨ ᠪᠦᠷᠢ ᠳᠤ ᠬᠠᠷᠢᠭᠤᠴᠠᠯᠭ᠎ᠠ ᠡᠬᠦᠷᠭᠡᠯᠡᠬᠦᠯᠵᠤ᠂ ᠶᠡᠳᠡᠭᠤ ᠠᠴᠠ ᠠᠩᠬᠢᠵᠢᠷᠠᠭᠤᠯᠬᠤ ᠠᠵᠢᠯ ᠳᠤ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠤᠨ᠂ ᠦᠨᠡᠨ ᠪᠤᠳᠠᠳᠠᠢ ᠳᠦᠪ ᠴᠢᠩᠭ᠎ᠠ᠂ ᠪᠤᠰᠤᠤᠠᠴᠢ᠂ ᠳᠦᠪ ᠭᠤᠤᠯᠴᠢ ᠵᠠᠷᠴᠢᠮ ᠶᠤᠰᠤᠭᠠᠷ ᠪᠠᠶᠢᠴᠠᠭᠠᠯᠳᠠ ᠶᠢᠨ ᠠᠭᠤᠯᠭ᠎ᠠ ᠲᠠᠢ ᠬᠠᠷᠭᠤᠭᠤᠯᠤᠨ᠂ ᠢᠯᠡᠷᠡᠬᠦᠯᠦᠭᠰᠡᠨ ᠠᠰᠠᠭᠤᠳᠠᠯ ᠳᠤ ᠴᠡᠭᠴᠡᠯᠡᠨ ᠦᠬᠡᠷᠡᠴᠢᠯᠡᠬᠦ ᠡᠬᠦᠷᠭᠡ ᠶᠢᠨ ᠮᠡᠳᠡᠭᠳᠡᠯ ᠢ ᠪᠠᠭᠤᠯᠭᠠᠵᠤ᠂ ᠬᠠᠷᠢᠭᠤᠴᠠᠯᠭ᠎ᠠ ᠶᠢ ᠨᠢ ᠳᠤᠳᠤᠷᠬᠠᠶᠢᠯᠠᠵᠤ᠂ ᠨᠡᠬᠡᠮᠵᠢᠯᠨᠨ ᠠᠰᠠᠭᠤᠨ ᠯᠠᠪᠯᠠᠬᠤ ᠶᠢᠨ ᠬᠠᠮᠳᠤ ᠡᠷᠡᠰ ᠴᠢᠩᠭ᠎ᠠ ᠪᠠᠶᠢᠴᠠᠭᠠᠯᠳᠠ ᠶᠢᠨ ᠴᠢᠨᠡᠷ ᠢ ᠪᠠᠳᠤᠯᠠᠵᠤ ᠪᠤᠢ᠃      ᠭᠤᠷᠪᠠ ᠳᠤ᠂ ᠬᠠᠷᠢᠭᠤᠴᠠᠯᠭ᠎ᠠ ᠨᠡᠬᠡᠮᠵᠢᠯᠠᠭᠦ ᠶᠢ ᠴᠢᠩᠭᠠᠳᠬᠠᠬᠰᠠᠨ ᠪᠠᠶᠢᠨ᠎ᠠ᠃ ᠴᠡᠭᠴᠡᠯᠡᠨ ᠦᠬᠡᠷᠡᠴᠢᠯᠡᠬᠦ ᠡᠬᠦᠷᠭᠡ ᠶᠢᠨ ᠮᠡᠳᠡᠭᠳᠡᠯ ᠢ ᠪᠠᠭᠤᠯᠭᠠᠭᠰᠠᠨ ᠤ ᠳᠠᠷᠠᠭ᠎ᠠ᠂ ᠡᠯ᠎ᠡ ᠭᠠᠴᠠᠭ᠎ᠠ ᠳᠤᠰᠬᠤᠨ ᠨᠠᠶᠢᠭᠡᠮ ᠲᠤᠭᠤᠷᠢᠭ ᠡᠷᠬᠡᠪᠰᠢ ᠳᠤᠭᠳᠠᠭᠰᠠᠨ ᠬᠤᠭᠤᠴᠠᠭᠠᠨ ᠳᠤᠳᠤᠷ᠎ᠠ ᠴᠡᠭᠴᠡᠯᠡᠨ ᠦᠬᠡᠷᠡᠴᠢᠯᠠᠵᠤ᠂ ᠴᠡᠭᠴᠡᠯᠡᠨ ᠦᠬᠡᠷᠡᠴᠢᠯᠡᠭᠰᠡᠨ ᠠᠷᠭ᠎ᠠ ᠬᠡᠮᠵᠢᠶ᠎ᠠ ᠪᠠᠷ ᠠᠨᠠᠢ᠂ ᠬᠢᠬᠦ ᠨᠢ ᠠᠯᠭᠤᠷ ᠤᠳᠠᠭᠠᠨ᠂ ᠴᠡᠭᠴᠡᠯᠡᠨ ᠦᠬᠡᠷᠡᠴᠢᠯᠡᠬᠦ ᠪᠠᠷ ᠠᠨᠠᠢ ᠶᠢ ᠨᠢ ᠪᠠᠯᠭᠠᠰᠤᠨ ᠤ ᠬᠤᠪᠢᠶᠠᠷᠢᠯᠠᠨ ᠬᠠᠮᠢᠶᠠᠷᠬᠤ ᠬᠠᠷᠢᠭᠤᠴᠠᠯᠭᠠᠳᠠᠨ ᠪᠠ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠳᠠᠨ ᠨᠢ ᠬᠠᠮᠢᠶ᠎ᠠ ᠪᠦᠬᠦᠢ ᠬᠠᠷᠢᠭᠤᠴᠠᠯᠭᠠᠳᠠᠨ ᠪᠤᠯᠤᠨ ᠭᠠᠴᠠᠭᠠᠨ ᠤ ᠭᠤᠤᠯ ᠪᠤᠯᠬᠤ ᠬᠠᠷᠢᠭᠤᠴᠠᠯᠭᠠᠳᠠᠨ ᠲᠠᠢ ᠪᠤᠯᠵᠤᠨ ᠶᠠᠷᠢᠯᠴᠠᠬᠰᠠᠨ ᠪᠠᠶᠢᠨ᠎ᠠ᠃ ᠶᠠᠳᠠᠭᠤ ᠠᠴᠠ ᠠᠩᠬᠢᠵᠢᠷᠠᠭᠤᠯᠬᠤ ᠪᠠᠶᠢᠴᠠᠭᠠᠯᠳᠠ ᠶᠢᠨ ᠬᠠᠷᠢᠭᠤᠴᠠᠯᠭ᠎ᠠ ᠨᠡᠭᠡᠮᠵᠢᠯᠡᠬᠦ ᠰᠢᠰᠲ᠋ᠧᠮ ᠢ ᠪᠠᠶᠢᠭᠤᠯᠵᠤ᠂ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠨᠢ ᠳᠤᠭᠳᠠᠭᠰᠠᠨ ᠬᠤᠭᠤᠴᠠᠭ᠎ᠠ ᠲᠠᠢ ᠳᠤᠰᠬᠠᠢ ᠳᠦᠷᠤᠯ ᠤᠨ ᠪᠠᠶᠢᠴᠠᠭᠠᠯᠳᠠ ᠶᠢ ᠦᠷᠨᠢᠬᠦᠯᠤᠨ᠂ ᠪᠠᠶᠢᠴᠠᠭᠠᠯᠳᠠ ᠶᠢᠨ ᠦᠷ᠎ᠡ ᠳ᠋ᠦᠩ ᠢ ᠠᠵᠢᠯ ᠡᠭᠦᠷᠭᠡᠯᠡᠵᠤ ᠪᠠᠶᠢᠭ᠎ᠠ ᠺᠠᠳ᠋ᠷ ᠪᠠ ᠡᠯ᠎ᠡ ᠭᠠᠴᠠᠭ᠎ᠠ ᠳᠤᠰᠬᠤᠨ ᠨᠠᠶᠢᠬᠡᠮ ᠳᠤᠭᠤᠷᠢᠭ ᠤᠨ ᠶᠠᠳᠠᠭᠤ ᠶᠢ ᠳᠡᠳᠬᠦᠬᠦ ᠠᠵᠢᠯ ᠤᠨ ᠵᠢᠯ ᠤᠨ ᠡᠴᠤᠰ ᠤᠨ ᠬᠢᠨᠡᠨ ᠲᠤᠬᠳᠠᠭᠠᠯᠳᠠ ᠶᠢᠨ ᠴᠢᠬᠤᠯᠠ ᠦᠨᠳᠤᠰᠤᠯᠠᠯ ᠪᠤᠯᠭᠠᠬᠤ ᠪᠠᠷ ᠪᠤᠢ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号