ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-08-02
     7 ᠰᠠᠷ᠎ᠠ ᠶᠢᠨ 23 ᠤ ᠡᠳᠦᠷ ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠯᠢ ᠰᠢᠦ ᠹᠧᠩ᠂ ᠸᠠᠩ ᠶᠦᠩ ᠴᠢᠩ᠂ ᠸᠠᠩ ᠵᠢᠷᠭᠠᠯ᠂ ᠾᠧ ᠤᠯᠠᠭᠠᠨ ᠬᠤᠷᠠᠯ ᠳᠤ ᠰᠠᠭᠠᠲᠠᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠪᠠᠷ ᠨᠡᠷ᠎ᠡ ᠲᠤᠷᠠᠳᠤᠭᠳᠠᠭᠴᠢ ᠵᠤᠤ ᠹᠸᠢ ᠯᠦ᠂ ᠬᠤᠰᠢᠭᠤ ᠤᠳᠤᠷᠢᠳᠤᠯᠭ᠎ᠠ ᠴᠢᠶᠤᠤ ᠠᠢ ᠫᠢᠩ᠂ ᠸᠠᠩ ᠯᠢ ᠫᠢᠩ᠂ ᠽᠦᠸᠧ ᠴᠧᠨ ᠭᠤᠸᠠᠩ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠪᠠᠶᠢᠭᠤᠯᠭ᠎ᠠ ᠳᠤ ᠲᠤᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠲᠤᠭᠤᠢᠢᠯᠠᠩ ᠤᠨ ᠲᠠᠷᠤᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠯ᠎ᠡ ᠬᠤᠷᠢᠶ᠎ᠠ ᠠᠯᠪᠠᠨ ᠭᠡᠷ ᠤᠨ ᠲᠡᠳ᠋ ᠡᠷᠬᠢᠯᠡᠭᠴᠢ ᠵᠢᠴᠢ ᠰᠠᠬᠢᠯᠭ᠎ᠠ ᠪᠠᠲᠤ ᠬᠢᠨᠠᠨ ᠪᠠᠶᠢᠴᠠᠭᠠᠬᠤ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃ ᠪᠠᠶᠢᠡᠭᠭᠤ ᠶᠢᠨ ᠬᠤᠷᠢᠶᠠᠨ ᠤ ᠬᠤᠷᠠᠯ ᠳᠤ ᠤᠷᠤᠯᠴᠠᠪᠠᠰᠤ ᠵᠤᠬᠢᠬᠤ ᠨᠢ 27 ᠬᠦᠮᠦᠨ᠂ ᠪᠤᠳᠠᠲᠠᠢ ᠤᠷᠤᠯᠴᠠᠭᠰᠠᠨ ᠨᠢ 24 ᠬᠦᠮᠦᠨ᠂ ᠬᠠᠤᠯᠢ ᠳᠤ ᠲᠤᠭᠳᠠᠭᠠᠭᠰᠠᠨ ᠬᠦᠮᠦᠨ ᠤ ᠲᠤᠭᠠᠨ ᠳᠤ ᠨᠡᠶᠢᠴᠡᠪᠡ᠃      ᠬᠤᠷᠠᠯ ᠲᠡᠭᠡᠷ᠎ᠡ ︽ᠴᠧᠨ ᠵᠠᠨ ᠹᠠ ᠨᠦᠬᠦᠷ ᠢ ᠲᠤᠰᠢᠶᠠᠯ ᠠᠴᠠ ᠪᠠᠭᠤᠯᠭᠠᠬᠤ ᠲᠤᠬᠠᠢ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠵᠦᠪᠯᠡᠯᠴᠡᠭᠡᠷ︾ ᠢ ᠬᠢᠨᠠᠨ ᠪᠠᠲᠤᠯᠠᠪᠠ᠃ ᠴᠢᠶᠤᠤ ᠶᠦᠨ ᠯᠢ ᠨᠦᠬᠦᠷ ᠤᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠬᠦ ᠲᠤᠬᠠᠢ ᠲᠤᠭᠳᠠᠭᠠᠯ ᠢ ᠪᠠᠲᠤᠯᠠᠪᠠ᠃ ᠬᠤᠷᠠᠯ ᠠᠴᠠ ᠵᠤᠤ ᠹᠸᠢ ᠯᠦ ᠨᠦᠬᠦᠷ ᠢ ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠤᠷᠤᠯᠠᠭᠴᠢ ᠲᠠᠷᠤᠭ᠎ᠠ ᠶᠢᠨ ᠲᠤᠰᠢᠶᠠᠯ ᠳᠤ ᠲᠤᠮᠢᠯᠠᠵᠤ᠂ ᠪᠤᠶᠠᠨᠮᠠᠨᠳᠤᠬᠤ ᠵᠤᠤ ᠹᠸᠢ ᠯᠦ ᠳᠤ ᠲᠤᠮᠢᠯᠠᠭᠳᠠᠭᠰᠠᠨ ᠪᠢᠴᠢᠭ ᠢ ᠭᠠᠷᠳᠠᠭᠤᠯᠵᠤ᠂ ᠲᠤᠮᠢᠯᠠᠭᠳᠠᠭᠰᠠᠨ ᠬᠦᠮᠦᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠢᠨ ᠬᠠᠮᠲᠤ ᠲᠠᠩᠭᠠᠷᠢᠭ ᠤᠨ ᠠᠮᠠᠯᠠᠯᠲᠠ ᠶᠢᠨ ᠪᠢᠴᠢᠭ ᠲᠡᠭᠡᠷ᠎ᠡ ᠭᠠᠷ ᠤᠨ ᠦᠰᠦᠭ ᠵᠢᠷᠤᠪᠠ᠃      ᠪᠤᠶᠠᠨᠮᠠᠨᠳᠤᠬᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢ ᠲᠦᠯᠦᠭᠡᠯᠡᠵᠤ ᠵᠤᠤ ᠹᠸᠢ ᠯᠦ ᠨᠦᠬᠦᠷ ᠤᠨ ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠶᠢᠨ ᠲᠤᠰᠢᠶᠠᠯ ᠢ ᠤᠷᠤᠯᠠᠬᠤ ᠪᠤᠯᠤᠭᠰᠠᠨ ᠳᠤ ᠪᠠᠶᠠᠷ ᠬᠦᠷᠬᠡᠬᠦ ᠶᠢᠨ ᠬᠠᠮᠲᠤ ᠵᠤᠤ ᠹᠸᠢ ᠯᠦ ᠨᠦᠬᠦᠷ ᠢ ᠦᠨᠳᠦᠰᠦᠨ ᠬᠠᠤᠯᠢ ᠳᠤ ᠲᠠᠩᠭᠠᠷᠢᠭᠯᠠᠭᠰᠠᠨ ᠲᠠᠩᠭᠠᠷᠢᠭ ᠢᠶᠠᠨ ᠪᠠᠲᠤ ᠴᠡᠭᠡᠵᠢᠯᠡᠵᠤ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ ᠬᠤᠰᠢᠭᠤ ᠵᠠᠰᠠᠭ ᠤᠨ ᠤᠷᠳᠤᠨ ᠤ ᠪᠠᠭ ᠢ ᠪᠦᠯᠬᠦᠮᠳᠡᠬᠦᠯᠦᠨ ᠲᠠᠭᠠᠭᠤᠯᠵᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠶᠡᠭᠡ ᠪᠠᠶᠢᠳᠠᠯ ᠤᠨ ᠲᠤᠭᠤᠷᠢᠨ ᠳᠤ ᠰᠢᠨ᠎ᠡ ᠶᠢ ᠡᠭᠦᠳᠦᠨ ᠡᠬᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠬᠦᠢᠴᠡᠳᠬᠡᠵᠤ ᠪᠤᠳᠠᠲᠠᠢ ᠶᠢ ᠡᠷᠬᠢᠮᠯᠡᠨ ᠤᠷᠤᠭᠰᠢ ᠲᠠᠪᠰᠢᠵᠤ ᠠᠷᠠᠳ ᠤᠨ ᠲᠦᠯᠦᠭᠡ ᠵᠠᠰᠠᠭ ᠪᠠᠷᠢᠨ ᠨᠤᠮᠢᠨ ᠲᠠᠩᠰᠤᠭ ᠦᠤᠰᠢᠨ ᠤ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠪᠠ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠬᠤᠪᠢ ᠨᠡᠮᠡᠷᠢ ᠪᠠᠨ ᠦᠵᠡᠬᠦᠯᠬᠦ ᠶᠢ ᠬᠦᠰᠡᠵᠤ ᠪᠠᠶᠢᠨ᠎ᠠ ᠬᠡᠪᠡ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号