ᠬᠤᠰᠢᠭᠤ ᠨᠠᠮ ᠵᠠᠰᠠᠭ ᠤᠨ ᠤᠳᠤᠷᠢᠳᠤᠯᠭ᠎ᠠ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2018-08-02
     7 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠦ ᠨᠠᠷ ᠲᠤᠭ ᠪᠠᠯᠭᠠᠰᠤ᠂ ᠤᠯᠠᠭᠠᠨᠲᠣᠯᠣᠭᠠᠢ ᠪᠠᠯᠭᠠᠰᠤ ᠪᠠᠷ ᠬᠦᠷᠴᠦ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠨᠠᠨ ᠵᠢᠯᠣᠭᠤᠳᠤᠯᠭ᠎ᠠ ᠬᠢᠪᠡ᠃      ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠤᠷᠢᠳ ᠬᠤᠵᠢᠳ ᠵᠦᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠨᠠᠷᠢᠯᠢᠭ ᠰᠢᠢᠳᠪᠦᠷᠢᠯᠡᠬᠦ ᠢᠨᠵᠧᠨᠧᠷᠢᠩ᠂ ᠮᠥᠩᠬᠡᠴᠢᠨ ᠨᠡᠭᠦᠷᠡᠰᠦᠨ ᠠᠭᠤᠷᠬᠠᠢ᠂ ᠮᠤᠳᠤᠨᠴᠠᠶᠢᠳᠠᠮ ᠨᠡᠭᠦᠷᠡᠰᠦᠨ ᠠᠭᠤᠷᠬᠠᠢ ᠪᠣᠯᠣᠨ ᠪᠠᠶᠠᠨᠭᠤᠣᠯ ᠨᠡᠭᠦᠷᠡᠰᠦᠨ ᠠᠭᠤᠷᠬᠠᠢ ᠵᠡᠷᠭᠡ ᠭᠠᠵᠠᠷ ᠢᠶᠠᠷ ᠬᠦᠷᠴᠦ ᠪᠠᠶᠢᠴᠠᠭᠠᠨ ᠦᠵᠡᠭᠰᠡᠨ ᠤ ᠬᠠᠮᠲᠤ ᠵᠦᠩ ᠲᠢᠶᠠᠨ ᠾᠧ ᠴᠤᠸᠠᠩ ᠺᠣᠮᠫᠠᠨᠢ ᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃      ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠵᠦᠩ ᠲᠢᠶᠠᠨ ᠾᠧ ᠴᠤᠸᠠᠩ ᠺᠤᠮᠫᠠᠨᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠰᠢᠢᠳᠪᠦᠷᠢᠯᠡᠬᠦ ᠲᠥᠷᠥᠯ ᠵᠦᠢᠯ ᠤᠨ ᠰᠢᠢᠳᠪᠦᠷᠢᠯᠡᠬᠦ ᠴᠢᠳᠠᠪᠬᠢ᠂ ᠠᠯᠬᠤᠮ ᠳᠠᠷᠠᠭ᠎ᠠ᠂ ᠠᠬᠢᠴᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠭᠰᠠᠨ ᠤ ᠳᠠᠷᠠᠭ᠎ᠠ ᠱᠠᠭᠠᠷᠳᠠᠬᠤ ᠳᠠᠭᠠᠨ᠂ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠠᠳᠬᠤᠵᠤ᠂ ᠡᠯ᠎ᠡ ᠠᠵᠢᠯ ᠤᠨ ᠭᠤᠭᠴᠤᠭ᠎ᠠ ᠪᠣᠯᠭᠠᠨ ᠳᠡᠭᠡᠷ᠎ᠡ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠢ ᠪᠠᠲᠤᠯᠠᠭᠰᠠᠨ ᠤᠷᠢᠳᠠᠯ ᠳᠣᠣᠷ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠠᠭᠠᠨ ᠬᠡᠷᠡᠭᠯᠡᠯᠲᠡ ᠳᠤ ᠣᠷᠤᠵᠤ ᠦᠷ᠎ᠡ ᠠᠰᠢᠭ ᠡᠭᠦᠳᠬᠦ ᠶᠢ ᠪᠠᠲᠤᠯᠠᠬᠤ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠵᠢᠭᠠᠬᠤ ᠳᠠᠭᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠣᠯ ᠴᠢᠬᠤᠯᠠ ᠲᠣᠮᠣ ᠤᠯᠤᠰ ᠲᠥᠷᠥ ᠶᠢᠨ ᠠᠰᠠᠭᠤᠳᠠᠯ ᠪᠣᠯᠣᠨ᠎ᠠ᠂ ᠮᠦᠨᠴᠦ ᠴᠢᠬᠤᠯᠠ ᠲᠣᠮᠣ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠃ ᠡᠯ᠎ᠡ ᠱᠠᠲᠤ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠬᠢᠨ ᠤᠯᠤᠰ ᠲᠥᠷᠥ ᠶᠢᠨ ᠵᠣᠭᠰᠣᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ᠂ ᠪᠠᠴᠢᠮ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠠᠭᠤᠯᠠ ᠴᠡᠩᠬᠡᠭ ᠤᠰᠤ ᠪᠣᠯ ᠳᠠᠷᠤᠢ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠨᠢᠭᠡ ᠲᠥᠷᠥᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠨ᠂ ᠪᠤᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠴᠢᠬᠤᠯᠠᠴᠢᠯᠠᠬᠤ ᠳᠠᠭᠠᠨ᠂ ᠡᠯ᠎ᠡ ᠠᠵᠤ ᠠᠬᠤᠶᠢᠯᠠᠯ ᠤᠨ ᠬᠢᠨ ᠪᠣᠯ ᠭᠠᠵᠠᠷ ᠣᠷᠣᠨ ᠤ ᠬᠥᠭᠵᠢᠯᠲᠡ ᠶᠢᠨ ᠭᠤᠣᠯ ᠬᠦᠴᠦᠨ ᠪᠣᠯᠬᠤ ᠪᠠᠷ ᠪᠠᠷᠠᠬᠤ ᠦᠭᠡᠢ ᠪᠤᠬᠢᠷᠳᠤᠯ ᠢ ᠰᠡᠷᠭᠡᠶᠢᠯᠡᠨ ᠵᠠᠰᠠᠬᠤ ᠭᠤᠣᠯᠯᠠᠭᠴᠢ ᠬᠦᠴᠦᠨ ᠪᠣᠯᠣᠨ᠎ᠠ᠂ ᠡᠷᠬᠡᠪᠰᠢ ᠪᠤᠬᠢᠷᠳᠤᠯ ᠢ ᠰᠡᠷᠭᠡᠶᠢᠯᠡᠨ ᠵᠠᠰᠠᠬᠤ ᠲᠣᠨᠤᠭ ᠲᠥᠬᠦᠭᠡᠷᠦᠮᠵᠢ ᠪᠣᠯᠣᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠬᠢᠨᠠᠯᠲᠠ ᠬᠠᠮᠢᠶᠠᠷᠤᠯᠲᠠ ᠲᠣᠬᠢᠷᠠᠮᠵᠢᠲᠠᠢ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠦᠷᠭᠦᠯᠵᠢ ᠶᠢᠨ ᠴᠢᠨᠠᠷᠲᠠᠢ ᠥᠷᠨᠢᠭᠦᠯᠵᠦ᠂ ᠬᠠᠤᠯᠢ ᠶᠢ ᠵᠥᠷᠢᠴᠡᠭᠰᠡᠨ ᠠᠵᠢᠯᠯᠠᠭᠠᠨ ᠳᠤ ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠡᠯ᠎ᠡ ᠲᠥᠷᠥᠯ ᠤᠨ ᠰᠢᠢᠳᠪᠦᠷᠢ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠴᠢᠬᠤᠯᠠᠴᠢᠯᠠᠬᠤ ᠳᠠᠭᠠᠨ᠂ ᠡᠯ᠎ᠡ ᠠᠵᠤ ᠠᠬᠤᠶᠢᠯᠠᠯ ᠤᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠠᠰᠠᠭᠤᠳᠠᠯ ᠢᠶᠠᠨ ᠬᠠᠯᠠᠨ ᠰᠠᠶᠢᠵᠢᠷᠠᠭᠤᠯᠵᠤ᠂ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠨ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠣᠷᠴᠢᠨ ᠲᠣᠭᠤᠷᠢᠨ ᠢ ᠨᠥᠯᠥᠭᠡᠯᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠪᠠᠨ ᠳᠠᠷᠤᠢ ᠲᠦᠷᠭᠡᠨ ᠵᠣᠭᠰᠣᠭᠠᠬᠤ ᠬᠡᠷᠡᠭᠲᠡᠢ᠃ ᠬᠡᠷᠪᠡ ᠠᠵᠤ ᠠᠬᠤᠶᠢᠯᠠᠯ ᠳᠤᠮᠳᠠ ᠣᠷᠴᠢᠨ ᠲᠣᠭᠤᠷᠢᠨ ᠤ ᠠᠰᠠᠭᠤᠳᠠᠯ ᠣᠷᠣᠰᠢᠵᠤ ᠪᠠᠶᠢᠭ᠎ᠠ ᠶᠢ ᠢᠯᠡᠷᠡᠭᠦᠯᠪᠡᠯ ᠴᠢᠩᠭ᠎ᠠ ᠰᠢᠳᠬᠡᠵᠤ ᠬᠠᠯᠠᠨ ᠰᠠᠶᠢᠵᠢᠷᠠᠭᠤᠯᠤᠯᠲᠠ ᠶᠢᠨ ᠠᠬᠢᠴᠠ ᠤᠳᠠᠭᠠᠨ᠂ ᠪᠠᠷᠢᠮᠵᠢᠶᠠᠨ ᠳᠤ ᠨᠡᠶᠢᠴᠡᠬᠦ ᠦᠭᠡᠢ ᠠᠵᠤ ᠠᠬᠤᠶᠢᠯᠠᠯ ᠢ ᠬᠠᠤᠯᠢ ᠳᠦᠷᠢᠮ ᠶᠣᠰᠣᠭᠠᠷ ᠴᠢᠩᠭ᠎ᠠ ᠰᠢᠳᠬᠡᠨ ᠶᠠᠯᠠᠯᠠᠨ᠎ᠠ ᠭᠡᠵᠡᠢ᠃      ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠱᠠᠭᠠᠷᠳᠠᠬᠤ ᠳᠠᠭᠠᠨ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠠᠭ ᠢᠮᠠᠭᠲᠠ ᠠᠩᠬᠠᠷᠤᠨ᠂ ᠠᠶᠤᠯᠭᠦᠢ ᠦᠢᠯᠡᠳᠪᠦᠷᠢᠯᠡᠯ ᠤᠨ ᠭᠡᠨᠡᠳᠡᠯ ᠬᠡᠷᠡᠭ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠰᠠᠯᠠᠭ᠎ᠠ ᠮᠥᠴᠢᠷ ᠤᠨ ᠬᠢᠨ ᠴᠤ ᠠᠵᠤ ᠠᠬᠤᠶᠢᠯᠠᠯ ᠲᠠᠢ ᠬᠠᠷᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ᠂ ᠣᠯᠠᠨ ᠲᠦᠮᠡᠨ ᠤ ᠠᠵᠢᠯ ᠢ ᠰᠠᠶᠢᠨ ᠬᠢᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ᠂ ᠭᠠᠵᠠᠷ ᠣᠷᠣᠨ ᠤ ᠡᠶ᠎ᠡ ᠵᠣᠬᠢᠴᠠᠯ ᠲᠣᠭᠲᠠᠭᠤᠨ ᠤ ᠲᠠᠯ᠎ᠠ ᠪᠠᠷ ᠬᠤᠪᠢ ᠨᠡᠮᠡᠷᠢ ᠪᠠᠨ ᠡᠷᠭᠦᠬᠦ ᠬᠡᠷᠡᠭᠲᠡᠢ ᠭᠡᠵᠡᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠤᠳᠤᠷᠢᠳᠤᠯᠭ᠎ᠠ ᠵᠧᠦ ᠱᠤᠸᠠᠢ ᠵᠢᠴᠢ ᠤᠰᠤᠨ ᠠᠰᠢᠭᠯᠠᠯᠲᠠ᠂ ᠣᠷᠴᠢᠨ ᠲᠣᠭᠤᠷᠢᠨ  ᠤ ᠬᠠᠮᠠᠭᠠᠯᠠᠯᠲᠠ᠂ ᠨᠡᠭᠦᠷᠡᠰᠦᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号