ᠪᠥᠬᠦ ᠬᠤᠰᠢᠭᠤᠨ ᠤ ᠰᠠᠯᠠᠭᠠᠨ ᠲᠡᠰ ᠤᠨ ᠺᠠᠳ᠋ᠷᠴᠤᠳ ᠤᠨ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠶᠢ ᠲᠡᠭᠡᠭᠰᠢᠯᠡᠭᠦᠯᠬᠦ ᠡᠭᠡᠯᠵᠢᠲᠤ ᠪᠤᠯᠪᠠᠰᠤᠷᠠᠯ ᠤᠨ ᠠᠩᠬᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2018-08-02
     ᠪᠥᠬᠦ ᠬᠤᠰᠢᠭᠤᠨ ᠤ ᠥᠷᠭᠡᠨ ᠤᠯᠠᠨ ᠤᠳᠤᠷᠢᠳᠬᠤ ᠺᠠᠳ᠋ᠷ ᠤᠨ ᠬᠠᠤᠯᠢ ᠶᠤᠰᠤᠭᠠᠷ ᠠᠵᠢᠯᠯᠠᠵᠤ ᠬᠥᠴᠢᠷ ᠲᠤᠯᠭᠠᠷᠠᠪᠠᠯ ᠬᠠᠤᠯᠢ ᠪᠠᠷ ᠰᠢᠢᠳᠪᠥᠷᠢᠯᠡᠬᠦ ᠰᠡᠳᠬᠢᠮᠵᠢ ᠶᠢ ᠤᠯᠠᠮ ᠨᠢᠭᠡ ᠠᠯᠬᠤᠮ ᠥᠷᠭᠡᠳᠭᠡᠨ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠶᠢ ᠥᠨᠡᠨᠬᠦ ᠲᠡᠭᠡᠭᠰᠢᠯᠡᠭᠦᠯᠬᠦ ᠶᠢᠨ ᠲᠤᠰᠠᠳᠠ᠂ 7 ᠰᠠᠷ᠎ᠠ ᠶᠢᠨ 24 ᠤ ᠡᠳᠥᠷ᠂ 2018 ᠤᠨ ᠤ ᠪᠥᠬᠦ ᠬᠤᠰᠢᠭᠤᠨ ᠤ ᠺᠠᠳ᠋ᠷᠴᠤᠳ ᠤᠨ ᠰᠤᠷᠭᠠᠨ ᠬᠥᠮᠥᠵᠢᠯ ᠤᠨ ᠪᠤᠯᠪᠠᠰᠤᠷᠠᠯ ᠤᠨ ᠲᠤᠬᠢᠷᠠᠭᠤᠯᠤᠯᠲᠠ ᠶᠢ ᠥᠨᠳᠥᠰᠥᠯᠡᠵᠥ᠂ ᠬᠤᠰᠢᠭᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠠᠴᠠ ᠬᠠᠮᠲᠤᠷᠠᠨ ᠡᠷᠬᠢᠯᠡᠭᠰᠡᠨ ᠪᠥᠬᠦ ᠬᠤᠰᠢᠭᠤᠨ ᠤ ᠰᠠᠯᠠᠭᠠᠨ ᠲᠡᠰ ᠤᠨ ᠺᠠᠳ᠋ᠷᠴᠤᠳ ᠤᠨ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠶᠢ ᠲᠡᠭᠡᠭᠰᠢᠯᠡᠭᠦᠯᠬᠦ ᠡᠭᠡᠯᠵᠢᠲᠤ ᠪᠤᠯᠪᠠᠰᠤᠷᠠᠯ ᠤᠨ ᠠᠩᠬᠢ ᠬᠤᠰᠢᠭᠤ ᠰᠤᠶᠤᠯ ᠤᠨ ᠠᠵᠢᠯᠯᠠᠭᠠᠨ ᠤ ᠲᠥᠪ ᠲᠤ ᠬᠢᠴᠢᠶᠡᠯ ᠡᠬᠢᠯᠡᠪᠡ᠃      ᠲᠤᠰ ᠤᠳᠠᠭᠠᠨ ᠤ ᠪᠤᠯᠪᠠᠰᠤᠷᠠᠯ ᠳᠤ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ ᠴᠢᠶᠡᠨ ᠭᠧ ᠰᠢᠶᠠᠩ ᠢ ᠤᠨᠴᠠᠭᠠᠢᠢᠯᠠᠨ ᠤᠷᠢᠵᠤ ︽ᠵᠠᠰᠠᠭ ᠵᠠᠬᠢᠷᠭᠠᠨ ᠤ ᠵᠠᠷᠭᠤ ᠶᠢᠨ ᠬᠠᠤᠯᠢ︾ ︽ᠬᠠᠤᠯᠢ ᠬᠡᠷᠡᠭᠵᠢᠭᠦᠯᠥᠯᠲᠡ ᠳᠠᠬᠢ ᠠᠶᠤᠯ ᠲᠥᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠤᠯᠤᠨ ᠵᠠᠭᠤᠴᠢᠯᠠᠭᠤᠷ ᠢ ᠠᠷᠭᠠᠴᠠᠭᠠᠬᠤ︾ ᠲᠤᠰᠬᠠᠢ ᠰᠡᠲᠥᠪᠲᠥ ᠲᠠᠶᠢᠯᠤᠮᠵᠢ ᠬᠢᠯᠭᠡᠵᠥ᠂ ᠪᠤᠯᠪᠠᠰᠤᠷᠠᠯ ᠳᠤ ᠤᠷᠤᠯᠴᠠᠭᠰᠠᠳ ᠤᠨ ᠬᠠᠤᠯᠢ ᠴᠠᠭᠠᠵᠠ ᠶᠢᠨ ᠲᠠᠯ᠎ᠠ ᠪᠠᠷ ᠮᠡᠳᠡᠯᠭᠡ ᠶᠢ ᠦᠷᠭᠡᠳᠬᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ ᠠᠴᠠ ︽ᠥᠨᠳᠥᠰᠥᠨ ᠬᠠᠤᠯᠢ — ᠥᠨᠳᠥᠰᠥᠨ ᠬᠠᠤᠯᠢ ᠶᠤᠰᠤᠭᠠᠷ ᠤᠯᠤᠰ ᠢᠶᠠᠨ ᠵᠠᠰᠠᠵᠤ ᠬᠠᠤᠯᠢᠵᠢᠭᠰᠠᠨ ᠤᠯᠤᠰ ᠢ ᠪᠥᠲᠥᠭᠡᠨ ᠪᠠᠶᠢᠭᠤᠯᠬᠤ︾ ︽ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠶᠢ ᠲᠡᠭᠡᠭᠰᠢᠯᠡᠭᠦᠯᠤᠨ᠂ ᠭᠤᠤᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠰᠠᠶᠢᠲᠤᠷ ᠬᠢᠭᠦ ︵ᠭᠤᠷᠪᠠᠨ ᠶᠡᠭᠡ ᠪᠤᠭᠤᠮᠲᠠ ᠰᠢᠪᠲᠤᠯᠬᠤ ᠲᠠᠶᠢᠯᠠᠯᠳᠤᠭᠠᠨ︶︾ ᠲᠤᠰᠬᠠᠢ ᠰᠡᠲᠥᠪᠲᠥ ᠲᠠᠶᠢᠯᠤᠮᠵᠢ ᠬᠢᠵᠤ᠂  ᠪᠤᠯᠪᠠᠰᠤᠷᠠᠯ ᠳᠤ ᠪᠠᠰᠠ ︽ᠨᠢᠭᠤᠴᠠ ᠶᠢ ᠬᠠᠮᠠᠭᠠᠯᠠᠬᠤ ᠬᠠᠤᠯᠢ︾ ᠶᠢᠨ ᠲᠤᠬᠠᠢ ᠤᠬᠠᠭᠤᠯᠭ᠎ᠠ ᠬᠥᠮᠥᠵᠢᠯ ᠤᠨ ᠹᠢᠯᠢᠮ ᠢ ᠥᠵᠡᠭᠦᠯᠪᠡ᠃      ᠤᠢᠢᠯᠠᠭᠠᠭᠰᠠᠨ ᠢᠶᠠᠷ᠂ ᠲᠤᠰ ᠤᠳᠠᠭᠠᠨ ᠤ ᠪᠤᠯᠪᠠᠰᠤᠷᠠᠯ ᠨᠢ ᠨᠡᠶᠢᠲᠡ 2 ᠬᠤᠭᠤᠴᠠᠭ᠎ᠠ᠂ ᠬᠤᠭᠤᠴᠠᠭ᠎ᠠ ᠪᠥᠷᠢ 2 ᠡᠳᠥᠷ ᠶᠠᠪᠤᠭᠳᠠᠵᠤ᠂ ᠪᠥᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠶᠢᠨ 800 ᠭᠠᠷᠤᠢ ᠰᠠᠯᠠᠭᠠᠨ ᠲᠡᠰ ᠤᠨ ᠺᠠᠳ᠋ᠷ ᠤᠷᠤᠯᠴᠠᠪᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号