ᠮᠡᠨ ᠤ ᠬᠤᠰᠢᠭᠤ ᠲᠠᠸᠠᠷ ᠤᠨ ᠨᠠᠷᠠᠳᠤ ᠲᠡᠮᠳᠡᠭ ᠢ ᠪᠦᠭᠦ ᠭᠦᠴᠦᠨ ᠢᠶᠠᠷ ᠭᠦᠭᠵᠢᠭᠦᠯᠵᠦ ᠪᠤᠢ
ᠨᠡᠶᠢᠲᠡᠯᠡᠭᠰᠡᠨ ᠴᠠᠭ᠄
2018-08-02
     ᠤᠢᠢᠷ᠎ᠠ ᠶᠢᠨ ᠵᠢᠯ ᠠᠴᠠ ᠮᠠᠨ ᠤ ᠬᠤᠰᠢᠭᠤ ᠨᠢ ᠭᠦᠳᠡᠭᠡ ᠲᠤᠰᠬᠤᠨ ᠢ ᠭᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠢᠨ ᠲᠤᠭᠤᠷᠢᠨ ᠳᠤ᠂ ᠦᠤᠰᠢᠨ ᠤ ᠭᠠᠵᠠᠷ ᠵᠦᠢ ᠶᠢᠨ ᠪᠡᠯᠭᠡ ᠲᠡᠮᠳᠡᠭᠳᠦ ᠲᠠᠸᠠᠷ ᠤᠨ ᠲᠡᠮᠳᠡᠭ ᠪᠠ ᠬᠠᠮᠳᠤ ᠶᠢᠨ ᠲᠡᠸᠡᠷ ᠤᠨ ᠲᠡᠮᠳᠡᠭ ᠢ ᠪᠦᠭᠦ ᠭᠦᠴᠦᠨ ᠢᠶᠠᠷ ᠢᠶᠠᠨ ᠪᠤᠢ ᠪᠤᠯᠭᠠᠨ ᠲᠠᠩᠰᠠᠯᠠᠭᠤᠯᠵᠤ ᠪᠠᠶᠢᠨ᠎ᠠ᠃ ᠤᠳᠤᠬᠠᠨ ᠪᠤᠯᠳᠠᠯ᠎ᠠ ᠮᠠᠨ ᠤ ᠬᠤᠰᠢᠭᠤᠨ ᠤ ᠬᠠᠮᠳᠤ ᠶᠢᠨ ᠲᠡᠸᠡᠷ ᠤᠨ ᠲᠡᠮᠳᠡᠭ ᠤᠨ ᠶᠡᠷᠦᠩᠭᠡᠢ ᠲᠤᠭ᠎ᠠ 5 ᠳᠤ ᠭᠦᠷᠴᠦ᠂ ᠪᠦᠭᠦ ᠬᠤᠳᠠ ᠶᠢᠨ ᠬᠠᠮᠳᠤ ᠶᠢᠨ ᠲᠡᠸᠡᠷ ᠤᠨ ᠲᠡᠮᠳᠡᠭ ᠤᠨ 83.33% ᠢ ᠡᠵᠡᠯᠡᠪᠠ᠃ ᠡᠭᠦᠨ ᠳᠤ᠂ 2018 ᠤᠨ ᠤ ᠲᠡᠭᠡᠷ᠎ᠡ ᠬᠠᠭᠠᠰ ᠵᠢᠯ ᠳᠤ ᠦᠤᠰᠢᠨ ᠬᠤᠰᠢᠭᠤᠨ ᠤ ︽ᠬᠤᠨ ᠭᠠᠯᠠᠭᠤ︾ ᠲᠠᠷᠢᠵᠤ ᠲᠡᠵᠢᠭᠡᠭᠦ ᠲᠤᠰᠬᠠᠢ ᠬᠤᠷᠰᠢᠶᠠᠵᠢᠯ ᠨᠢ ︽ᠬᠤᠨ ᠭᠠᠯᠠᠭᠤ︾ ᠭᠠᠷ ᠤᠷᠠᠯᠠᠯ ᠤᠨ ᠪᠦᠳᠦᠭᠡᠭᠳᠡᠭᠦᠨ ᠤ ᠲᠦᠷᠦᠯ᠂ ᠢᠳᠡᠰᠢᠨ ᠨᠤᠭᠤᠭᠠᠨ ᠲᠦᠷᠦᠯ᠂ ᠵᠢᠮᠢᠰ ᠤᠨ ᠲᠦᠷᠦᠯ᠂ ᠴᠡᠪᠡᠷ ᠤᠰᠤᠨ ᠤ ᠲᠦᠷᠦᠯ ᠭᠡᠭᠦ 4 ᠲᠦᠷᠦᠯ ᠤᠨ ᠬᠠᠮᠳᠤ ᠶᠢᠨ ᠲᠡᠸᠡᠷ ᠤᠨ ᠲᠡᠮᠳᠡᠭ ᠢ ᠠᠮᠵᠢᠯᠳᠡ ᠲᠠᠢ ᠲᠠᠩᠰᠠᠯᠠᠭᠤᠯᠪᠠ᠃      ᠬᠤᠰᠢᠭᠤ ᠤᠢᠢᠯᠡᠳᠪᠤᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠪᠴᠢᠶ᠎ᠠ ᠨᠢ ᠪᠦᠭᠦ ᠬᠤᠰᠢᠭᠤᠨ ᠤ 6 ᠰᠤᠮᠤ ᠪᠠᠯᠭᠠᠰᠤᠨ ᠤ 15 ᠠᠵᠤ ᠦᠢᠯᠡᠰᠵᠢᠭᠰᠡᠨ ᠭᠤᠤᠯᠳᠠᠯᠭᠠᠳᠤ ᠲᠤᠯᠤᠭᠠᠢᠢᠯᠠᠬᠴᠢ ᠠᠵᠤ ᠠᠬᠤᠢᠢᠯᠠᠯ᠂ 20 ᠬᠤᠷᠰᠢᠶᠠᠵᠢᠯ ᠤᠨ ᠲᠡᠸᠡᠷ ᠤᠨ ᠲᠡᠮᠳᠡᠭ ᠤᠨ ᠭᠦᠭᠵᠢᠯᠳᠡ ᠶᠢᠨ ᠪᠠᠶᠢᠳᠠᠯ ᠢ ᠡᠷᠦᠭᠡ ᠲᠠᠷᠠᠭᠠᠯᠠᠨ ᠪᠠᠶᠢᠴᠠᠭᠠᠨ ᠰᠤᠳᠤᠯᠵᠤ᠂ ᠲᠤᠬᠠᠢ ᠶᠢᠨ ᠭᠠᠵᠠᠷ ᠤᠷᠤᠨ ᠤ ᠤᠨᠴᠠᠯᠢᠬᠳᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠢᠷᠡᠯ ᠭᠠᠷᠤᠯ᠂ ᠤᠢᠢᠯᠡᠳᠪᠤᠷᠢᠯᠡᠭᠰᠡᠨ ᠭᠠᠵᠠᠷ ᠤᠨ ᠭᠡᠷᠡᠴᠢ᠂ ᠡᠬᠢ ᠪᠠᠶᠠᠯᠢᠭ ᠤᠨ ᠲᠤᠭ᠎ᠠ ᠨᠤᠷᠮ᠎ᠠ᠂ ᠴᠢᠨᠡᠷ ᠤᠨ ᠤᠨᠴᠠᠯᠢᠭ᠂ ᠵᠠᠬ᠎ᠠ ᠲᠡᠯᠭᠡᠭᠦᠷ ᠢ ᠡᠵᠡᠯᠡᠭᠦ ᠬᠠᠷᠢᠴᠠᠯ ᠵᠡᠷᠭᠡ ᠶᠢ ᠨᠠᠷᠢᠨ ᠤᠢᠢᠯᠠᠭᠠᠨ᠂ ᠭᠠᠵᠠᠷ ᠵᠦᠢ ᠶᠢᠨ ᠪᠡᠯᠭᠡ ᠲᠡᠮᠳᠡᠭᠳᠦ ᠲᠠᠸᠠᠷ ᠤᠨ ᠲᠡᠮᠳᠡᠭ ᠪᠠ ᠬᠠᠮᠳᠤ ᠶᠢᠨ ᠲᠡᠸᠡᠷ ᠤᠨ ᠲᠡᠮᠳᠡᠭ ᠢ ᠭᠤᠶᠤᠴᠢᠯᠠᠨ ᠲᠠᠩᠰᠠᠯᠠᠭᠤᠯᠬᠤ ᠶᠢ ᠵᠤᠷᠢᠬᠵᠢᠭᠤᠯᠤᠨ ᠲᠡᠮᠵᠢᠵᠤ ᠪᠠᠶᠢᠨ᠎ᠠ᠃ ᠤᠢᠢᠷ᠎ᠠ ᠶᠢᠨ ᠵᠢᠯ ᠦᠤᠰᠢᠨ ᠬᠤᠰᠢᠭᠤ ︽ᠬᠤᠨ ᠭᠠᠯᠠᠭᠤ︾᠂ ︽ᠮᠠᠯᠵᠢᠬᠤ ᠳ᠋ᠠᠵᠡᠢ︾᠂ ︽ᠠᠵᠠ ᠲᠠᠢ ᠨᠤᠳᠤᠭ ᠤᠯᠠᠭᠠᠨᠳᠤᠯᠤᠭᠠᠢ︾᠂ ︽ᠵᠢᠪᠬᠤᠭᠠᠳᠤ ᠰᠦᠯᠳᠡ︾᠂ ︽ᠰᠢᠳᠢᠳᠤ ᠲᠤᠭ︾᠂ ︽ᠦᠵᠡᠰᠭᠦᠯᠡᠩᠳᠦ ᠰᠠᠶᠢᠬᠠᠨ ᠰᠢᠷᠬᠤᠰᠤᠨ ᠭᠤᠤᠯ︾ ᠵᠡᠷᠭᠡ ᠲᠡᠸᠡᠷ ᠤᠨ ᠲᠡᠮᠳᠡᠭ ᠢ ᠡᠭᠦᠳᠦᠭᠰᠡᠨ ᠪᠠᠶᠢᠨ᠎ᠠ᠃ ᠪᠦᠭᠦ ᠬᠤᠰᠢᠭᠤᠨ ᠳᠤ ᠲᠠᠩᠰᠠᠯᠠᠭᠤᠯᠤᠬᠰᠡᠨ ᠲᠠᠸᠡᠷ ᠤᠨ ᠲᠡᠮᠳᠡᠭ 585 ᠪᠠᠶᠢᠵᠤ᠂ ᠡᠨᠡ ᠵᠢᠯ ᠰᠢᠨ᠎ᠠ ᠪᠠᠷ ᠭᠤᠶᠤᠴᠢᠯᠠᠬᠰᠠᠨ ᠨᠢ 140 ᠪᠠᠶᠢᠵᠤ᠂ 99 ᠨᠢ ᠨᠢᠭᠡᠨᠳᠡ ᠲᠡᠩᠰᠠᠯᠠᠭᠤᠯᠤᠬᠰᠠᠨ ᠪᠠᠶᠢᠨ᠎ᠠ᠃
 
ᠢᠷᠡᠯᠲᠡ᠄ ︽ᠨᠤᠮᠢᠨ ᠲᠠᠩᠰᠤᠭ ᠥᠥᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号