91 ᠳᠠᠬᠢ ᠴᠡᠷᠢᠭ ᠪᠠᠶᠢᠭᠤᠯᠣᠭᠳᠠᠭᠰᠠᠨ ᠪᠠᠶᠠᠷ ᠬᠦᠷᠴᠦ ᠢᠷᠡᠬᠦ ᠳᠠᠰᠢᠷᠠᠮ ᠢᠶᠠᠷ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠤ᠋ ᠭᠠᠯᠠᠭᠤᠲᠣ ᠪᠠᠯᠭᠠᠰᠣᠨ ᠳᠤ | ᠬᠦᠷᠴᠦ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠳᠣᠬᠤᠨᠢᠭᠤᠯᠵᠣ᠂ ᠳᠡᠳᠡᠨ ᠳᠤ ᠨᠠᠮ ᠵᠠᠰᠠᠭ ᠤᠨ ᠬᠠᠶᠢᠷ᠎ᠠ | ᠬᠠᠯᠠᠮᠵᠢ ᠶᠢ ᠬᠦᠷᠳᠡᠭᠡᠭᠰᠡᠨ ᠪᠠᠶᠢᠨ᠎ᠠ᠃ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠠᠷᠠᠳ ᠤᠨ ᠶᠠᠪᠣᠳᠠᠯ | ᠤᠨ ᠳᠣᠪᠴᠢᠶ᠎ᠠ᠂ ᠭᠠᠯᠠᠭᠤᠲᠣ ᠪᠠᠯᠭᠠᠰᠤᠨ ᠤ ᠬᠠᠷᠢᠭᠤᠴᠠᠯᠭᠠᠳᠠᠳ ᠪᠠᠷᠠᠳᠠᠪᠠ᠃ | ᠵᠣᠣ ᠹᠧᠢ ᠯᠤ᠋ ᠨᠠᠷ ᠣᠷᠢᠳ ᠬᠤᠵᠢᠳ ᠭᠤᠣ ᠬᠠᠢ ᠴᠧᠩ᠂ ᠸᠠᠨ ᠸᠧᠨ ᠬᠤᠸᠠ ᠶᠢᠨ ᠳᠤ ᠬᠦᠷᠴᠦ᠂ | ᠳᠡᠳᠡᠨ ᠤ ᠴᠡᠷᠢᠭ ᠠᠴᠠ ᠬᠠᠯᠠᠭᠳᠠᠭᠰᠠᠨ ᠤ ᠳᠠᠷᠠᠭᠠᠬᠢ ᠠᠮᠢᠳᠣᠷᠠᠯ᠂ ᠠᠵᠢᠯ ᠣᠯᠣᠭᠰᠠᠨ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠣ ᠳᠡᠳᠡᠨ ᠠᠴᠠ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠣᠯᠳᠠ ᠶᠢᠨ | ᠠᠵᠢᠯ ᠢ ᠬᠡᠷᠬᠢᠨ ᠨᠡᠩ ᠰᠠᠶᠢᠨ ᠬᠢᠬᠦ ᠳᠣᠬᠠᠢ ᠰᠠᠨᠠᠯ ᠵᠦᠪᠯᠡᠯᠬᠡ ᠰᠣᠨᠣᠰᠣᠯ᠎ᠠ᠃ | ᠵᠣᠣ ᠹᠧᠢ ᠯᠣ᠋ ᠢᠯᠡᠷᠬᠡᠶᠢᠯᠡᠬᠦ ᠳᠡᠭᠡᠨ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ | ᠠᠴᠠ ᠶᠠᠳᠠᠭᠤ ᠬᠦᠴᠢᠷᠳᠡᠯᠳᠡᠢ ᠴᠡᠷᠢᠭ ᠠᠴᠠ ᠬᠠᠯᠠᠭᠳᠠᠭᠰᠠᠳ ᠤᠨ ᠠᠮᠢᠳᠣᠷᠠᠯ ᠢ ᠢᠯᠡᠬᠦᠬᠡᠨ ᠬᠠᠯᠠᠮᠵᠢᠯᠠᠵᠣ᠂ ᠡᠯ᠎ᠡ | ᠵᠦᠢᠯ ᠤᠨ ᠬᠠᠷᠠᠭᠠᠯᠵᠠᠯ ᠤᠨ ᠳᠦᠷᠦ ᠶᠢᠨ ᠪᠤᠳᠤᠯᠭ᠎ᠠ ᠶᠢ ᠰᠠᠶᠢᠳᠣᠷ ᠳᠣᠣᠱᠯᠠᠭᠤᠯᠵᠣ᠂ ᠳᠡᠳᠡᠨ ᠤ ᠠᠮᠢᠳᠣᠷᠠᠯ ᠳᠤ | ᠳᠣᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠠᠶᠢᠳᠣᠷ ᠰᠢᠢᠳᠪᠦᠷᠢᠯᠡᠵᠤ᠂ ᠳᠡᠳᠡᠨ ᠳᠤ ᠨᠠᠮ ᠵᠠᠰᠠᠭ ᠤᠨ ᠬᠠᠶᠢᠷ᠎ᠠ | ᠬᠠᠯᠠᠮᠵᠢ ᠶᠢ ᠬᠦᠷᠳᠡᠭᠡᠬᠦ ᠬᠡᠷᠡᠭᠲᠡᠢ᠃ ᠦᠷᠬᠡᠨ ᠣᠯᠠᠨ ᠴᠡᠷᠢᠭ ᠠᠴᠠ ᠬᠠᠯᠠᠭᠳᠠᠭᠰᠠᠳ ᠴᠡᠷᠢᠭ ᠬᠦᠮᠦᠨ ᠤ ᠣᠣᠷ | ᠴᠢᠨᠠᠷ ᠢᠶᠠᠨ ᠪᠠᠳᠣᠯᠠᠵᠣ᠂ ᠡᠯ᠎ᠡ ᠠᠵᠢᠯ ᠤᠨ ᠪᠠᠶᠢᠷᠢᠨ ᠳᠠᠭᠠᠨ ᠴᠡᠷᠢᠭ ᠬᠦᠮᠦᠨ ᠤ ᠰᠢᠯᠢᠳᠡᠭ ᠤᠯᠠᠮᠵᠢᠯᠠᠯ ᠢ | ᠪᠠᠳᠠᠷᠠᠭᠤᠯᠤᠨ ᠵᠦᠪ ᠡᠨᠧᠷᠬᠢ ᠶᠢ ᠣᠯᠠᠮᠵᠢᠯᠠᠵᠣ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠲᠡ | ᠳᠤ ᠬᠤᠪᠢ ᠨᠡᠮᠡᠷᠢ ᠪᠠᠨ ᠦᠵᠡᠬᠦᠯᠰᠦᠬᠡᠢ ᠬᠡᠪᠡ᠃ |