ᠰᠢ ᠶᠢᠨ ᠫᠢᠩ ᠶᠡᠷᠦᠩᠬᠡᠢ ᠱᠦᠵᠢ ᠶᠢᠨ ᠲᠣᠷᠠᠳᠣᠭᠰᠠᠨ ᠰᠢᠨ᠎ᠡ ᠴᠠᠭ ᠦᠶ᠎ᠡ ᠶᠢᠨ ᠲᠤᠮᠳᠠᠳᠣ ᠤᠯᠤᠰ ᠤᠨ | ᠣᠨᠴᠠᠯᠢᠬᠲᠤ ᠨᠡᠶᠢᠬᠡᠮ ᠵᠢᠷᠣᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠤᠨ᠂ ᠨᠠᠮ ᠤᠨ ᠦᠨᠳᠦᠰᠦᠲᠡᠨ ᠤ ᠳᠦᠷᠦ ᠶᠢᠨ ᠪᠤᠲᠤᠯᠭ᠎ᠠ ᠶᠢ ᠪᠦᠬᠦ | ᠲᠠᠯ᠎ᠠ ᠪᠠᠷ ᠨᠠᠶᠢᠲᠠᠪᠤᠷᠢᠵᠢᠭᠤᠯᠵᠤ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠣᠷᠣᠯᠴᠠᠭᠰᠠᠨ᠂ ᠡᠶ᠎ᠡ | ᠵᠤᠬᠢᠴᠠᠯ ᠲᠠᠢ ᠨᠡᠶᠢᠬᠡᠮ ᠵᠢᠷᠣᠮᠲᠤ ᠦᠨᠳᠦᠰᠦᠲᠡᠨ ᠤ ᠬᠠᠷᠢᠴᠠᠭ᠎ᠠ ᠶᠢ ᠣᠯᠠᠮ ᠨᠢᠭᠡ ᠠᠯᠬᠤᠮ ᠪᠠᠲᠣᠳᠬᠠᠨ᠂ | ᠦᠨᠳᠦᠰᠦᠲᠡᠨ ᠤ ᠪᠦᠯᠬᠦᠮᠳᠡᠯ ᠲᠠᠪᠰᠢᠯᠲᠡ ᠶᠢᠨ ᠠᠵᠢᠯ ᠢ ᠰᠠᠶᠢᠳᠦᠷ ᠦᠢᠯᠡᠳᠦᠯᠬᠡᠵᠢᠬᠦᠯᠬᠦ ᠵᠤᠷᠢᠯᠲᠠ ᠠᠴᠠ | ᠤᠢᠢᠷ᠎ᠠ ᠶᠢᠨ ᠡᠳᠦᠷ ᠬᠤᠰᠢᠭᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠬᠢᠨ ︽ᠦᠭᠬᠢᠶᠡᠮᠦᠷ ᠰᠡᠳᠬᠢᠯᠲᠦ | ᠡᠬᠡᠴᠦᠦᠯ ᠦᠭᠡᠲᠡᠷᠭᠡᠭ ᠵᠢᠪᠬᠤᠭᠠᠲᠤ ᠰᠣᠷᠣᠭᠴᠢᠳ ᠢ ᠬᠠᠯᠠᠮᠵᠢᠯᠠᠨ ᠳᠣᠰᠠᠯᠠᠬᠤ︾ ᠠᠵᠢᠯᠯᠠᠭ᠎ᠠ ᠶᠢ ᠦᠷᠨᠢᠬᠦᠯᠪᠡ᠃ | ᠲᠣᠰ ᠣᠳᠠᠭᠠᠨ ᠤ ᠠᠵᠢᠯᠯᠠᠭ᠎ᠠ ᠳᠤ ᠮᠠᠨᠵᠤ᠂ ᠮᠤᠩᠭᠤᠯ᠂ ᠬᠢᠲᠠᠳ ᠦᠨᠳᠦᠰᠦᠲᠡᠨ ᠤ 116 ᠰᠣᠷᠣᠭᠴᠢ ᠶᠢ ᠪᠠᠯᠡ | ᠮᠦᠩᠭᠦ᠂ ᠪᠢᠴᠢᠭ ᠤᠨ ᠬᠡᠷᠡᠭᠰᠡᠯ ᠪᠠ ᠡᠳᠦᠷ ᠲᠤᠳᠤᠮ ᠤᠨ ᠬᠡᠷᠡᠭᠯᠡᠬᠡᠨ ᠤ ᠵᠦᠢᠯᠡᠰ ᠢᠶᠠᠷ ᠳᠣᠰᠠᠯᠠᠨ ᠲᠡᠮᠵᠢᠵᠦ᠂ | ᠲᠡᠲᠡᠨ ᠢ ᠠᠯᠢᠪᠠ ᠬᠦᠴᠢᠷ ᠪᠡᠷᠬᠡᠰᠢᠶᠡᠯ ᠢ ᠵᠤᠷᠢᠭ ᠰᠦᠰᠦ ᠲᠠᠢ ᠢᠯᠡᠨ ᠳᠠᠪᠠᠵᠤ᠂ ᠪᠤᠯᠪᠠᠰᠣᠨ ᠶᠤᠰᠣᠷᠬᠠᠭ᠂ ᠡᠷᠡᠬᠦᠯ | ᠴᠢᠬᠢᠷᠠᠭ᠂ ᠪᠠᠶᠠᠷ ᠬᠦᠷ ᠲᠠᠢ ᠪᠠᠷ ᠦᠪᠡᠷ ᠤᠨ ᠬᠢᠴᠢᠶᠡᠯ ᠰᠤᠷᠤᠯᠭ᠎ᠠ ᠳᠠᠭᠠᠨ ᠴᠢᠷᠮᠠᠶᠢᠨ ᠰᠢᠮᠲᠠᠬᠤ ᠶᠢ | ᠵᠤᠷᠢᠭᠵᠢᠭᠤᠯᠤᠭᠰᠠᠨ ᠪᠠᠶᠢᠨ᠎ᠠ᠃ ᠡᠬᠦᠨ ᠠᠴᠠ ᠭᠠᠲᠠᠨ᠎ᠠ ᠠᠬᠤᠢ ᠲᠠᠯᠠᠪᠡᠢ ᠳᠤ ᠪᠠᠰᠠ 15 ᠡᠭᠡᠴᠤᠤᠯ ᠰᠠᠶᠢᠨ | ᠲᠣᠷ᠎ᠠ ᠠᠴᠠ ᠪᠠᠨ ᠨᠡᠷ᠎ᠡ ᠮᠡᠳᠡᠭᠦᠯᠦᠨ ᠦᠭᠬᠢᠶᠡᠮᠦᠷ ᠡᠬᠡᠴᠣᠣᠯ ᠤᠨ ᠡᠩᠨᠡᠭᠡᠨ ᠳᠤ ᠣᠷᠣᠭᠰᠠᠨ ᠪᠠᠶᠢᠨ᠎ᠠ᠃ | ᠲᠤᠰ ᠣᠳᠠᠭᠠᠨ ᠤ ᠠᠵᠢᠯᠯᠠᠭ᠎ᠠ ᠪᠠᠷ ᠲᠠᠮᠵᠢᠨ᠂ ᠦᠨᠳᠦᠰᠦᠲᠡᠨ ᠨᠦᠭᠦᠳ ᠤᠨ ᠬᠤᠭᠤᠷᠤᠨᠲᠡᠬᠢ ᠪᠦᠯᠬᠦᠮᠳᠡᠯ ᠢ | ᠣᠯᠠᠮ ᠨᠢᠭᠡ ᠠᠯᠬᠤᠮ ᠨᠢᠭᠲᠠᠷᠠᠭᠤᠯᠵᠤ᠂ ᠦᠨᠳᠦᠰᠦᠲᠡᠨ ᠤ ᠢᠯᠭᠠᠯ ᠦᠬᠡᠢ ᠪᠠᠷ ᠬᠠᠷᠢᠯᠴᠠᠨ ᠬᠠᠪᠰᠣᠷᠣᠯᠴᠠᠨ | ᠬᠠᠮᠳᠣ ᠪᠠᠷ ᠲᠠᠪᠰᠢᠬᠤ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠤᠯᠭᠠᠭᠰᠠᠨ ᠪᠠᠶᠢᠨ᠎ᠠ᠃ |